6 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2019 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠯᠲᠡ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠪᠠ ᠰᠤᠷᠤᠭᠴᠢ ᠡᠯᠰᠡᠬᠦ | ᠠᠵᠢᠯᠯᠠᠬᠤ ᠴᠠᠭ ᠢ ᠲᠣᠭᠲᠠᠭᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ | 6 ᠳ᠋ᠤᠭᠠᠷ ᠰᠠᠷ᠎ᠠ ᠶᠢᠨ 23 ᠤ ᠡᠳᠦᠷ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠢᠷᠢ | ᠪᠦᠲᠦᠮᠵᠢ ᠶᠢ ᠨᠡᠶᠢᠲᠡᠯᠡᠬᠦ ᠪᠣᠯᠤᠨ᠎ᠠ᠃ 6 ᠳ᠋ᠤᠭᠠᠷ ᠰᠠᠷ᠎ᠠ ᠶᠢᠨ 25 ᠤ ᠡᠳᠦᠷ ᠠᠴᠠ 7 ᠳ᠋ᠤᠭᠠᠷ ᠰᠠᠷ᠎ᠠ ᠶᠢᠨ 4 ᠤ | ᠡᠳᠦᠷ ᠪᠣᠯᠲᠠᠯ᠎ᠠ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ ᠪᠦᠯᠦᠭ ᠤᠨ | ᠡᠩ ᠤᠨ ᠲᠦᠷᠥᠯ ᠡᠷᠡᠮᠡᠯᠵᠡᠯ ᠲᠠᠭᠯᠠᠨ᠎ᠠ︔ 7 ᠳ᠋ᠤᠭᠠᠷ ᠰᠠᠷ᠎ᠠ ᠶᠢᠨ 2 ᠤᠨ ᠡᠳᠦᠷ ᠠᠴᠠ 7 ᠳ᠋ᠤᠭᠠᠷ ᠰᠠᠷ᠎ᠠ ᠶᠢᠨ | 15 ᠤ ᠡᠳᠦᠷ ᠪᠣᠯᠲᠠᠯ᠎ᠠ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ | ᠪᠦᠯᠦᠭ ᠤᠨ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠤᠨ ᠵᠢᠩᠬᠢᠨᠢ ᠠᠩᠭᠢ ᠶᠢᠨ ᠡᠷᠡᠮᠡᠯᠵᠡᠯ | ᠲᠠᠭᠯᠠᠬᠤ ᠪᠠ ᠡᠯᠰᠡᠬᠦ ᠡᠭᠦᠷᠭᠡ ᠪᠠᠨ ᠪᠡᠶᠡᠯᠡᠭᠦᠯᠦᠨ᠎ᠡ︔ 7 ᠳ᠋ᠤᠭᠠᠷ ᠰᠠᠷ᠎ᠠ ᠶᠢᠨ 6 ᠤ ᠡᠳᠦᠷ ᠠᠴᠠ 7 ᠳ᠋ᠤᠭᠠᠷ | ᠰᠠᠷ᠎ᠠ ᠶᠢᠨ 12 ᠤᠨ ᠡᠳᠦᠷ ᠪᠣᠯᠲᠠᠯ᠎ᠠ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ | ᠡᠯᠰᠡᠬᠦ ᠪᠦᠯᠦᠭ ᠤᠨ ᠡᠩ ᠤᠨ ᠲᠥᠷᠥᠯ ᠤᠨ ᠡᠷᠡᠮᠡᠯᠵᠡᠯ ᠲᠠᠭᠯᠠᠬᠤ ᠪᠠ ᠡᠯᠰᠡᠬᠦ ᠡᠭᠦᠷᠭᠡ ᠪᠠᠨ ᠪᠡᠶᠡᠯᠡᠭᠦᠯᠦᠨ᠎ᠡ᠃ 7 | ᠳ᠋ᠤᠭᠠᠷ ᠰᠠᠷ᠎ᠠ ᠶᠢᠨ 13 ᠤ ᠡᠳᠦᠷ ᠠᠴᠠ 7 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ ᠵᠢᠩᠬᠢᠨᠢ ᠠᠩᠭᠢ ᠶᠢᠨ | ᠨᠢᠭᠡᠳᠦᠭᠡᠷ ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B ᠡᠩ ᠤᠨ ᠲᠥᠷᠥᠯ ᠰᠦᠯᠵᠢᠶᠡᠨ ᠳᠡᠭᠡᠷ᠎ᠡ | ᠡᠷᠡᠮᠡᠯᠵᠡᠯ ᠮᠡᠳᠡᠭᠦᠯᠬᠦ ᠪᠠ ᠡᠯᠰᠡᠬᠦ ᠠᠵᠢᠯ ᠢᠶᠠᠨ ᠳᠠᠭᠤᠰᠬᠠᠨ᠎ᠠ᠃ 7 ᠳ᠋ᠤᠭᠠᠷ ᠰᠠᠷ᠎ᠠ ᠶᠢᠨ 20 ᠤ ᠡᠳᠦᠷ ᠠᠴᠠ 7 | ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ ᠵᠢᠩᠬᠢᠨᠢ ᠠᠩᠭᠢ ᠶᠢᠨ ᠬᠤᠶᠠᠳᠤᠭᠠᠷ ᠪᠦᠯᠦᠭ᠂ ᠵᠢᠩᠬᠢᠨᠢ ᠠᠩᠭᠢ ᠶᠢᠨ | ᠬᠤᠶᠠᠳᠤᠭᠠᠷ ᠪᠦᠯᠦᠭ ᠤᠨ B ᠡᠩ ᠤᠨ ᠲᠥᠷᠥᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ | ᠰᠤᠷᠤᠭᠴᠢ ᠡᠯᠰᠡᠯᠲᠡ ᠶᠢᠨ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠪᠠ ᠡᠯᠰᠡᠬᠦ ᠠᠵᠢᠯ ᠢ ᠳᠠᠭᠤᠰᠬᠠᠨ᠎ᠠ᠃ 7 | ᠳ᠋ᠤᠭᠠᠷ ᠰᠠᠷ᠎ᠠ ᠶᠢᠨ 28 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠡᠭᠡᠳᠦ ᠵᠡᠷᠭᠡ ᠶᠢᠨ | ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ ᠤᠨ ᠡᠩ ᠤᠨ | ᠲᠥᠷᠥᠯ᠂ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠢᠰᠲ᠋ᠧᠮ ᠢᠶᠠᠷ ᠢᠶᠠᠨ ᠰᠤᠷᠤᠭᠴᠢ ᠡᠯᠰᠡᠯᠲᠡ ᠶᠢᠨ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠪᠠ ᠡᠯᠰᠡᠬᠦ ᠠᠵᠢᠯ ᠢ | ᠳᠠᠭᠤᠰᠬᠠᠨ᠎ᠠ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ ᠨᠢ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠶ | ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠰᠤᠷᠤᠭᠴᠢ ᠡᠯᠰᠡᠬᠦ ᠠᠵᠢᠯ ᠡᠬᠢᠯᠡᠬᠦ ᠠᠴᠠ ᠡᠮᠦᠨ᠎ᠡ | ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠶᠢ ᠵᠣᠬᠢᠶᠠᠨ ᠪᠠᠶᠢᠭᠤᠯᠵᠤ ᠪᠠᠶᠢᠭᠠᠳ ᠰᠦᠯᠵᠢᠶᠡᠨ ᠳᠡᠭᠡᠷ᠎ᠡ | ᠡᠷᠡᠮᠡᠯᠵᠡᠯ ᠢᠶᠠᠨ ᠮᠡᠳᠡᠭᠦᠯᠬᠦ ᠰᠣᠷᠢᠯᠲᠠ ᠬᠢᠵᠦ᠂ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠡᠷᠡᠮᠡᠯᠵᠡᠯ ᠢᠶᠠᠨ | ᠮᠡᠳᠡᠭᠦᠯᠬᠦ ᠶᠠᠪᠤᠴᠠ ᠪᠠ ᠪᠣᠳᠠᠲᠠᠶ ᠠᠵᠢᠯᠯᠠᠬᠤ ᠶᠠᠪᠤᠴᠠ ᠶᠢ ᠤᠷᠢᠳᠴᠢᠯᠠᠨ ᠣᠶᠢᠯᠠᠭᠠᠬᠤ ᠳᠤ ᠳᠥᠭᠦᠮ ᠪᠣᠯᠭᠠᠪᠠ᠃ | ᠵᠤᠷᠰᠢᠯ ᠶᠣᠰᠣᠭᠠᠷ᠂ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠮᠡᠳᠡᠭᠦᠯᠬᠦ ᠰᠣᠷᠢᠯᠲᠠ ᠶᠢᠨ ᠴᠠᠭ ᠨᠢ ᠪᠠᠷᠤᠭ 6 ᠳ᠋ᠤᠭᠠᠷ | ᠰᠠᠷ᠎ᠠ ᠶᠢᠨ 24 ᠤ ᠡᠳᠦᠷ ᠪᠣᠯᠤᠨ᠎ᠠ᠂ ᠰᠢᠯᠭᠠᠭᠤᠯᠤᠭᠴᠢᠳ ︽ᠥᠪᠥᠷ ᠮᠣᠩᠭᠤᠯ ᠤᠨ ᠰᠤᠷᠤᠭᠴᠢ ᠡᠯᠰᠡᠬᠦ | ᠰᠢᠯᠭᠠᠯᠲᠠ︾ ᠶᠢᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠠᠴᠠ ᠰᠣᠷᠢᠯᠲᠠ ᠶᠢᠨ ᠴᠠᠭ ᠢ ᠨᠢᠭᠲᠠ ᠠᠩᠬᠠᠷᠬᠤ | ᠪᠣᠯᠪᠠᠤ᠃ |