ᠪᠦᠬᠦ ᠤᠯᠤᠰ ᠤᠨ ᠵᠡᠮᠳᠡᠭᠴᠦᠳ ᠤᠨ ᠶᠠᠳᠠᠭᠤ ᠠᠴᠠ ᠠᠩᠬᠢᠵᠢᠷᠠᠭᠰᠠᠨ ᠪᠠ ᠵᠡᠮᠳᠡᠭᠴᠦᠳ ᠢ ᠲᠣᠰᠠᠯᠠᠵᠣ ᠶᠠᠳᠠᠭᠤ ᠶᠢ ᠲᠡᠳᠬᠦᠭᠰᠡᠨ ᠲᠠᠷᠢᠬᠦᠨ ᠤ ᠨᠡᠶᠢᠳᠡᠯᠢᠭ ᠦᠢᠯᠡ ᠠᠵᠢᠯᠯᠠᠭ᠎ᠠ ᠶᠢᠨ ᠮᠡᠳᠡᠬᠦᠯᠣᠯᠳᠠ ᠶᠢᠨ ᠬᠤᠷᠠᠯ ᠬᠤᠷᠠᠯᠳᠣᠵᠡᠢ  ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019/6/24
     6 ᠳ᠋ᠤᠭᠠᠷ ᠰᠠᠷ᠎ᠠ ᠶᠢᠨ 22᠎ ᠤᠨ ᠡᠳᠣᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠰᠠᠨ ᠪᠠ ᠵᠡᠮᠳᠡᠭᠴᠦᠳ ᠢ ᠲᠤᠰᠠᠯᠠᠵᠤ ᠶᠠᠳᠠᠭᠤ ᠶᠢ ᠲᠡᠳᠭᠦᠭᠰᠡᠨ ᠳᠡᠷᠢᠬᠦᠨ ᠤ ᠨᠡᠶᠢᠲᠡᠯᠢᠭ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠦᠬᠡᠬᠤᠲᠠ ᠳᠤ ᠬᠤᠷᠠᠯᠳᠤᠪᠡ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠦᠳ ᠤᠨ ᠠᠵᠢᠯ ᠤᠨ ᠵᠦᠪᠯᠡᠯ ᠤᠨ ᠡᠷᠬᠢᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠠ᠂ ᠦᠪᠦᠷ ᠮᠤᠩᠭᠤᠯ᠂ ᠬᠠᠷᠠᠮᠦ᠋ᠷᠡᠨ᠂ ᠾᠧᠨᠠᠨ᠂ ᠱᠠᠨᠰᠢ᠂ ᠾᠧᠪᠸᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠭᠠᠵᠠᠷ ᠠᠴᠠ ᠬᠦᠷᠦᠯᠴᠡᠨ ᠢᠷᠡᠭᠰᠠᠨ ᠪᠦᠬᠦ ᠤᠯᠤᠰ ᠤᠨ ᠵᠡᠮᠳᠡᠭᠴᠦᠳ ᠢ ᠶᠠᠳᠠᠭᠤ ᠠᠴᠠ ᠠᠩᠬᠢᠵᠢᠷᠠᠭᠤᠯᠣᠭᠰᠠᠨ ᠪᠠ ᠵᠡᠮᠳᠡᠭᠴᠦᠳ ᠢ ᠳᠤᠰᠠᠯᠠᠵᠤ ᠶᠠᠳᠠᠭᠤ ᠶᠢ ᠲᠡᠳᠭᠦᠭᠰᠡᠨ 6 ᠳᠡᠷᠢᠬᠦᠨ ᠤ ᠨᠡᠶᠢᠲᠡᠯᠢᠭ ᠵᠢᠱᠢᠶᠠᠴᠢ ᠨᠢ ᠰᠢᠷᠭᠠᠭᠤ ᠬᠠᠲᠠᠭᠤᠵᠢᠯᠲᠠᠢ ᠲᠡᠮᠡᠴᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠥ᠂ ᠵᠡᠮᠳᠡᠭᠴᠦᠳ ᠢ ᠲᠤᠰᠠᠯᠠᠵᠤ ᠶᠠᠳᠠᠭᠤ ᠶᠢ ᠲᠠᠳᠬᠦᠭᠰᠡᠨ ᠦᠯᠢᠭᠡᠷ ᠎ ᠢᠶᠠᠨ ᠲᠤᠭᠠᠴᠢᠵᠤ᠂ ᠦᠪᠡᠷ ᠤᠨ ᠪᠡᠶ᠎ᠠ ᠶᠢᠨ ᠦᠡᠭᠭᠡᠷᠡᠯᠲᠡ ᠪᠠᠷ ᠢᠶᠠᠨ ᠵᠡᠮᠳᠡᠭᠴᠦᠳ ᠤᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠤᠷᠢᠭᠳᠠᠢ ᠪᠠᠷ ᠵᠠᠮ ᠨᠡᠭᠡᠭᠡᠵᠤ ᠡᠷᠡᠯᠭᠡᠭᠯᠠᠨ ᠲᠡᠮᠡᠴᠡᠬᠦ ᠵᠤᠷᠢᠭ ᠰᠠᠨᠠᠭ᠎ᠠ ᠪᠠ ᠶᠠᠳᠠᠭᠤ ᠠᠴᠠ ᠠᠩᠭᠢᠵᠢᠷᠠᠨ ᠬᠤᠪᠢ ᠵᠠᠶᠠᠭ᠎ᠠ ᠪᠠᠨ ᠬᠤᠪᠢᠷᠠᠭᠤᠯᠬᠤ ᠡᠷᠡᠰ ᠪᠠᠲᠤ ᠬᠠᠳᠠᠨ ᠵᠤᠷᠢᠭ ᠵᠢᠴᠢ ᠵᠠᠮᠳᠡᠭᠴᠦᠳ ᠢ ᠬᠠᠪᠰᠤᠷᠤᠨ ᠲᠠᠳᠬᠦᠬᠦ ᠪᠠᠷ ᠪᠠᠶᠠᠰᠤᠯ ᠢᠶᠠᠨ ᠪᠤᠯᠭᠠᠬᠤ ᠬᠠᠶᠢᠷ᠎ᠠ ᠰᠡᠳᠭᠢᠯᠭᠡ ᠪᠠᠨ ᠬᠦᠢᠴᠡᠳ ᠢᠯᠡᠷᠡᠬᠦᠯᠵᠠᠢ᠃ ᠮᠠᠨ ᠤ ᠤᠷᠤᠨ ᠤ ᠡᠯ᠎ᠠ ᠠᠶᠢᠮᠠᠭ ᠬᠤᠳᠠ᠂ ᠬᠤᠰᠢᠭᠤ ᠰᠢᠶᠠᠨ ᠪᠠᠰᠠ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠤ᠂ ᠲᠤᠰ ᠤᠳᠠᠭ᠎ᠠ ᠶᠢᠨ ᠮᠡᠳᠡᠭᠦᠯᠤᠯᠳᠠ ᠶᠢᠨ ᠬᠤᠷᠠᠯ ᠢ ᠭᠦᠯᠢᠶᠠᠨ ᠠᠪᠴᠤ ᠰᠤᠨᠤᠰᠪᠠ᠃      ᠦᠢᠯᠠᠭᠠᠭᠰᠠᠨ ᠢᠶᠠᠷ᠂ ᠲᠤᠰ ᠤᠳᠠᠭ᠎ᠠ ᠶᠢᠨ ᠮᠡᠳᠡᠭᠦᠯᠤᠯᠳᠠ ᠶᠢᠨ ᠬᠤᠷᠠᠯ ᠢ ᠲᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠬᠦ ᠨᠡᠭᠡᠭᠡᠯᠳᠠ ᠶᠢᠨ ᠠᠯᠪᠠᠨ ᠭᠡᠷ᠂ ᠪᠦᠭᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠪᠤᠯᠤᠨ ᠡᠪ ᠬᠠᠮᠲᠦ ᠵᠠᠯᠠᠭᠤᠴᠤᠳ ᠤᠨ ᠡᠪᠯᠡᠯ ᠎ ᠤᠨ ᠲᠦᠪ ᠬᠤᠷᠢᠶ᠎ᠠ ᠵᠡᠷᠭᠡ ᠰᠠᠯᠠᠭ᠎ᠠ ᠮᠦᠴᠢᠷ ᠬᠠᠮᠳᠤᠷᠠᠨ ᠵᠤᠬᠢᠶᠠᠨ ᠪᠠᠶᠢᠭᠤᠯᠵᠤ᠂ ᠶᠠᠳᠠᠭᠤ ᠠᠴᠠ ᠠᠩᠬᠢᠵᠢᠷᠠᠭᠰᠠᠨ ᠨᠡᠶᠢᠳᠡᠯᠢᠭ ᠵᠢᠱᠢᠶ᠎ᠠ ᠪᠤᠯᠤᠨ ᠵᠡᠮᠳᠡᠭᠴᠦᠳ ᠢ ᠳᠤᠰᠠᠯᠠᠵᠤ ᠶᠠᠳᠠᠭᠤ ᠶᠢ ᠳᠡᠳᠭᠦᠭᠰᠡᠨ 13 ᠵᠠᠮᠳᠡᠭ ᠭᠦᠮᠤᠨ ᠤ ᠲᠡᠷᠢᠭᠦᠨ ᠤ ᠨᠡᠶᠢᠳᠡᠯᠢᠭ ᠵᠢᠱᠢᠶ᠎ᠠ ᠪᠠᠷ ᠪᠦᠷᠢᠯᠳᠦᠭᠰᠡᠨ ︽ᠪᠦᠭᠦ ᠤᠯᠤᠰ ᠤᠨ ᠵᠠᠮᠳᠡᠭᠴᠤᠳ ᠤᠨ ᠶᠠᠳᠠᠭᠤ ᠠᠴᠠ ᠠᠩᠬᠢᠵᠢᠷᠠᠬᠰᠠᠨ ᠪᠠ ᠵᠡᠮᠳᠡᠭᠴᠦᠳ ᠢ ᠲᠤᠰᠠᠯᠠᠵᠤ ᠶᠠᠳᠠᠭᠤ ᠶᠢ ᠳᠡᠳᠭᠦᠭᠰᠡᠨ ᠲᠡᠷᠢᠭᠦᠨ ᠤ ᠦᠢᠯᠠ ᠠᠵᠢᠯᠯᠠᠭ᠎ᠠ ᠶᠢᠨ ᠲᠤᠭᠤᠷᠢᠨ ᠮᠡᠳᠡᠬᠦᠯᠤᠯᠳᠠ ᠶᠢᠨ ᠪᠦᠯᠭᠦᠮ︾᠎ ᠠᠴᠠ ᠬᠤᠶᠠᠷ ᠲᠤᠭᠤᠢᠢᠯᠠᠩ ᠬᠤᠪᠢᠶᠠᠵᠤ᠂ 6 ᠳ᠋ᠤᠭᠠᠷ ᠰᠠᠷ᠎ᠠ ᠶᠢᠨ ᠲᠤᠮᠳᠠᠴᠢ ᠪᠠ ᠰᠡᠭᠦᠯᠴᠢ ᠪᠠᠷ ᠦᠪᠤᠷ ᠮᠤᠩᠭᠤᠯ᠂ ᠾᠧᠨᠠᠨ᠂ ᠬᠤᠨᠠᠨ᠂ ᠰᠧᠴᠤᠸᠠᠨ᠂ ᠭᠦᠢᠵᠸᠤ ᠪᠤᠯᠤᠨ ᠱᠠᠨᠰᠢ ᠵᠡᠷᠭᠡ 6 ᠮᠤᠵᠢ ᠦᠪᠡᠷᠳᠡᠬᠡᠨ ᠵᠠᠰᠠᠬᠤ ᠤᠷᠤᠨ ᠢᠶᠠᠷ ᠲᠤᠭᠤᠷᠢᠨ ᠤᠬᠠᠭᠤᠯᠤᠨ ᠲᠠᠶᠢᠯᠪᠤᠷᠢᠯᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号