ᠲᠦᠷᠪᠡᠳᠣᠭᠡᠷ ᠬᠤᠭᠤᠴᠠᠭᠠᠨ ᠤ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠬᠤᠷᠠᠯ ᠬᠤᠷᠠᠯᠳᠤᠪᠠ  ᠯᠦᠸᠧ ᠱᠦ ᠭᠠᠩ ᠭᠤᠤᠯ ᠵᠤᠷᠢᠯᠳᠠᠳᠤ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄
2019/6/24
     6 ᠳ᠋ᠤᠭᠠᠷ ᠰᠠᠷ᠎ᠠ ᠶᠢᠨ 23᠎ ᠤ ᠡᠳᠦᠷ᠂ ᠲᠦᠷᠪᠡᠳᠦᠬᠡᠷ ᠬᠤᠭᠤᠴᠠᠭᠠᠨ ᠤ ᠳᠣᠮᠳᠠᠳᠣ ᠤᠷᠤᠰ ᠮᠤᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠬᠤᠷᠠᠯ ᠤᠯᠠᠭᠠᠨᠴᠠᠪ ᠲᠤ ᠬᠤᠷᠠᠯᠳᠣᠵᠣ᠂ ᠳᠣᠮᠳᠠᠳᠣ ᠤᠷᠤᠰ ᠮᠤᠩᠭᠤᠯ ᠤᠨ ᠵᠤᠭᠠᠴᠠᠯ ᠤᠨ ᠦᠢᠯᠡᠰ ᠤᠨ ᠬᠠᠮᠳᠤᠷᠠᠯᠴᠠᠭ᠎ᠠ ᠶᠢᠨ ᠳᠤᠬᠠᠢ ᠬᠠᠮᠳᠣ ᠪᠠᠷ ᠵᠦᠪᠳᠡᠵᠡᠢ᠃      ᠳᠣᠮᠳᠠᠳᠣ ᠤᠯᠤᠰ ᠤᠨ ᠰᠤᠶᠤᠯ ᠪᠠ ᠵᠢᠭᠤᠯᠴᠢᠯᠠᠯ ᠤᠨ ᠶᠠᠮᠤᠨ ᠤ ᠰᠠᠶᠢᠳ ᠯᠦᠸᠧ ᠱᠦ ᠭᠠᠩ ᠭᠤᠤᠯ ᠵᠣᠷᠢᠯᠳᠠᠳᠣ ᠶᠠᠷᠢᠶ᠎ᠠ ᠲᠠᠯᠪᠢᠵᠤ᠂ ᠤᠷᠤᠰ ᠤᠨ ᠬᠤᠯᠪᠤᠭᠠᠨ ᠤ ᠵᠢᠭᠤᠯᠴᠢᠯᠠᠯ ᠤᠨ ᠵᠠᠬᠢᠷᠭ᠎ᠠ ᠶᠢᠨ ᠳᠡᠳ᠋ ᠰᠠᠶᠢᠳ ᠺᠧᠨᠢᠦ᠋ᠱᠧᠨᠺᠧᠹ᠂ ᠮᠤᠩᠭᠤᠯ ᠤᠯᠤᠰ ᠤᠨ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠶᠠᠮᠤᠨ ᠤ ᠲᠦᠷᠦ ᠶᠢᠨ ᠨᠠᠷᠢᠨ ᠪᠢᠴᠢᠭ ᠤᠨ ᠳᠠᠷᠤᠭ᠎ᠠ ᠴᠡᠩᠬᠡᠯ ᠳᠤᠰ ᠪᠦᠷᠢ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠬᠠᠭᠤᠯᠬᠤ ᠬᠡᠯᠳᠡᠰ ᠤᠨ ᠳᠠᠷᠤᠭ᠎ᠠ ᠪᠠᠢ ᠢᠤᠢ ᠭᠠᠩ ᠪᠠᠶᠠᠷ ᠤᠨ ᠦᠬᠡ ᠬᠡᠯᠡᠵᠦ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠧᠩ ᠬᠤᠩ ᠹᠠᠨ ᠬᠤᠷᠠᠯ ᠳᠤ ᠤᠷᠤᠯᠴᠠᠪᠠ᠃      ᠯᠦᠸᠧ ᠱᠦ ᠭᠠᠩ ᠶᠠᠷᠢᠶᠠᠨ ᠳᠤ ᠪᠠᠨ᠂ ᠰᠤᠶᠤᠯ ᠪᠠ ᠵᠢᠭᠤᠯᠴᠢᠯᠠᠯ ᠤᠨ ᠠᠭᠤᠰᠤᠯᠴᠠᠯ ᠢ ᠬᠦᠨᠵᠡᠬᠡᠶᠢᠷᠡᠬᠦᠯᠵᠦ᠂ ᠬᠢᠯᠢ ᠠᠯᠤᠰᠯᠠᠭᠰᠠᠨ ᠰᠤᠶᠤᠯ ᠪᠠ ᠵᠢᠭᠤᠯᠴᠢᠯᠠᠯ ᠤᠨ ᠰᠤᠩᠭᠤᠳᠠᠭ ᠪᠦᠳᠦᠬᠡᠭᠳᠡᠬᠦᠨ ᠢ ᠡᠬᠦᠳᠬᠦ︔ ᠵᠢᠭᠤᠯᠴᠢᠯᠠᠯ ᠤᠨ ᠬᠦᠴᠦᠨ ᠢᠶᠠᠨ ᠲᠦᠪᠯᠡᠷᠡᠬᠦᠯᠬᠦ ᠶᠢ ᠪᠠᠳᠠᠷᠠᠭᠤᠯᠵᠣ᠂ ᠡᠷᠴᠢᠮᠵᠢᠭᠰᠡᠨ ᠬᠦᠭᠵᠢᠯᠳᠡ ᠶᠢᠨ ᠵᠠᠮ ᠢᠶᠠᠷ ᠵᠠᠮᠨᠠᠬᠤ︔ ᠵᠢᠭᠤᠯᠴᠢᠯᠠᠯ ᠳᠤ ᠲᠦᠬᠦᠮ ᠦᠵᠡᠬᠦᠯᠵᠦ᠂ ᠵᠢᠭᠤᠯᠴᠢᠯᠠᠯ ᠤᠨ ᠳᠠᠭᠠᠯᠠᠮᠵᠢ ᠶᠢᠨ ᠬᠡᠮᠵᠢᠶ᠎ᠠ ᠶᠢ ᠳᠡᠬᠡᠭᠰᠢᠯᠡᠬᠦᠯᠬᠦ︔ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠠᠮᠤᠷ ᠲᠦᠪᠰᠢᠨ᠂ ᠪᠤᠯᠪᠠᠰᠤᠨ ᠵᠢᠭᠤᠯᠴᠢᠯᠠᠯ ᠎ ᠤᠨ ᠤᠷᠴᠢᠨ ᠳᠤᠭᠤᠷᠢᠨ ᠢ ᠡᠬᠦᠳᠬᠦ︔ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠵᠢᠭᠤᠯᠴᠢᠯᠠᠯ ᠤᠨ ᠨᠡᠷ᠎ᠡ ᠨᠦᠯᠦᠬᠡ ᠶᠢ ᠳᠡᠬᠡᠭᠰᠢᠯᠡᠬᠦᠯᠵᠦ᠂ ᠬᠠᠷᠢᠯᠴᠠᠨ ᠠᠰᠢᠭᠳᠠᠢ ᠬᠠᠮᠳᠣ ᠪᠠᠷ ᠠᠰᠢᠭ ᠬᠦᠷᠳᠡᠬᠦ᠂ ᠠᠭᠤᠰᠤᠯᠴᠠᠨ ᠬᠦᠭᠵᠢᠬᠦ ᠵᠠᠮ ᠢᠶᠠᠷ ᠵᠦᠢ ᠵᠤᠬᠢᠰᠳᠠᠢ ᠵᠠᠮᠨᠠᠵᠤ᠂ ᠬᠦᠷᠰᠢ ᠤᠯᠤᠰ ᠤᠨ ᠰᠤᠶᠤᠯ ᠪᠠ ᠵᠢᠭᠤᠯᠴᠢᠯᠠᠯ ᠤᠨ ᠬᠠᠮᠳᠤᠷᠠᠯᠴᠠᠭ᠎ᠠ ᠶᠢᠨ ᠦᠯᠢᠬᠡᠷ ᠵᠢᠱᠢᠶ᠎ᠠ ᠶᠢ ᠱᠣᠭᠤᠵᠣ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠣ ᠶᠢᠨ ᠴᠤᠭᠴᠠ ᠶᠢ ᠪᠠᠶᠢᠭᠤᠯᠬᠤ ᠪᠠᠷ ᠰᠢᠨᠳᠠᠷᠠᠰᠢ ᠦᠬᠡᠢ ᠴᠢᠷᠮᠠᠶᠢᠶ᠎ᠠ ᠭᠡᠪᠡ᠃      ᠠᠯᠧᠺᠧᠰᠢᠶᠧ · ᠺᠧᠨᠢᠦ᠋ᠱᠧᠨᠺᠧᠹ ᠶᠠᠷᠢᠶᠠᠨ ᠳᠤ ᠪᠠᠨ᠂ ᠳᠣᠮᠳᠠᠳᠣ ᠤᠯᠤᠰ ᠪᠠ ᠮᠤᠩᠭᠤᠯ ᠤᠯᠤᠰ ᠪᠤᠯ ᠤᠷᠤᠰ ᠤᠨ ᠵᠢᠭᠤᠯᠴᠢᠯᠠᠯ ᠤᠨ ᠬᠦᠷᠢᠶᠡᠨ ᠳᠤ ᠬᠢ ᠴᠢᠬᠤᠯᠠ ᠬᠠᠨᠢᠳᠠᠨ ᠤᠯᠤᠰ ᠪᠤᠯᠤᠨ᠎ᠠ᠃ ᠭᠤᠷᠪᠠᠨ ᠤᠯᠤᠰ ᠬᠦᠷᠰᠢᠯᠠᠨ ᠵᠠᠯᠭᠠᠯᠳᠣᠵᠣ ᠪᠠᠶᠢᠬᠤ ᠪᠠ ᠠᠷᠠᠳ ᠲᠦᠮᠡᠨ ᠤ ᠬᠤᠭᠤᠷᠤᠨᠳᠤᠬᠢ ᠤᠯᠠᠮᠵᠢᠯᠠᠯᠳᠣ ᠨᠦᠬᠦᠷᠯᠡᠯ ᠢᠶᠠᠷ ᠤᠷᠢᠳᠠᠯ ᠪᠤᠯᠭᠠᠨ ᠬᠢᠯᠢ ᠬᠢᠵᠠᠭᠠᠷ ᠤᠨ ᠵᠢᠭᠤᠯᠴᠢᠯᠠᠯ ᠢ ᠬᠦᠭᠵᠢᠬᠦᠯᠬᠦ ᠳᠤ ᠴᠢᠬᠤᠯᠠ ᠨᠦᠬᠦᠴᠡᠯ ᠪᠦᠷᠢᠯᠳᠤᠬᠦᠯᠵᠦ ᠦᠭᠴᠡᠢ᠃ ᠳᠣᠮᠳᠠᠳᠣ ᠮᠤᠩᠭᠤᠯ ᠤᠷᠤᠰ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ ᠤᠨ ᠣᠷᠳᠣ ᠬᠤᠭᠤᠴᠠᠭᠠᠨ ᠤ ᠳᠤᠭᠳᠠᠭᠰᠠᠨ ᠠᠭᠤᠯᠵᠠᠯᠳᠠ ᠨᠢ ᠬᠢᠯᠢ ᠬᠢᠵᠠᠭᠠᠷ ᠤᠷᠤᠨ ᠤ ᠵᠢᠭᠤᠯᠴᠢᠯᠠᠯ ᠢ ᠬᠦᠭᠵᠢᠬᠦᠯᠬᠦ᠂ ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠬᠤ ᠳᠤ ᠴᠢᠬᠤᠯᠠ ᠦᠢᠯᠡᠳᠦᠯ ᠦᠵᠡᠬᠦᠯᠵᠦ ᠪᠠᠶᠢᠨ᠎ᠠ ᠭᠡᠪᠡ᠃      ᠴᠡᠩᠬᠡᠯ ᠶᠠᠷᠢᠶᠠᠨ ᠳᠤ ᠪᠠᠨ᠂ ᠮᠤᠩᠭᠤᠯ ᠤᠯᠤᠰ ᠤᠨ ᠵᠠᠰᠠᠭ ᠤᠨ ᠤᠷᠳᠤᠨ ᠰᠠᠭᠤᠷᠢ ᠪᠡᠯᠡᠳᠬᠡᠮᠵᠢ ᠶᠢᠨ ᠳᠠᠯ᠎ᠠ ᠪᠠᠷ ᠵᠢᠭᠤᠯᠴᠢᠯᠠᠭᠴᠢᠳ ᠲᠤ ᠲᠦᠬᠦᠮ ᠦᠵᠡᠬᠦᠯᠵᠦ᠂ ᠰᠢᠪᠧᠷᠢᠶ᠎ᠠ ᠶᠢ ᠬᠤᠯᠪᠤᠭᠰᠠᠨ ᠭᠠᠯᠳᠤ ᠳᠡᠷᠬᠡ ᠨᠡᠪᠳᠡᠷᠡᠬᠦᠯᠵᠦ᠂ ᠨᠢᠰᠬᠡᠯ ᠤᠨ ᠱᠤᠭᠤᠮ ᠨᠢᠰᠬᠡᠯ ᠤᠨ ᠡᠬᠡᠯᠵᠢ ᠨᠡᠮᠡᠵᠦ᠂ ᠵᠢᠭᠤᠯᠴᠢᠯᠠᠭᠴᠢᠳ ᠤᠨ ᠸᠢᠰᠠ ᠦᠬᠡᠢ ᠵᠣᠷᠴᠢᠬᠤ ᠳᠠᠯ᠎ᠠ ᠪᠠᠷ ᠲᠦᠬᠦᠮ ᠦᠵᠡᠬᠦᠯᠦᠨ᠎ᠡ ᠭᠡᠪᠡ᠃      ᠡᠨᠡ ᠤᠳᠠᠭ᠎ᠠ ᠶᠢᠨ ᠬᠤᠷᠠᠯ ᠪᠤᠯ ᠳᠣᠮᠳᠠᠳᠣ ᠤᠷᠤᠰ ᠮᠤᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠤᠨ ᠤ ᠦᠪᠡᠳᠡᠭᠰᠢ ᠬᠤᠷᠠᠯ ᠪᠤᠯᠤᠨ᠎ᠠ᠂ ᠳᠣᠮᠳᠠᠳᠣ ᠤᠷᠤᠰ ᠮᠤᠩᠭᠤᠯ ᠭᠤᠷᠪᠠᠨ ᠤᠯᠤᠰ ᠤᠨ ᠲᠦᠷᠦᠬᠦᠴᠦᠳ ᠤᠨ ᠠᠭᠤᠯᠵᠠᠯᠳᠠ ᠶᠢᠨ ᠬᠠᠮᠳᠣ ᠶᠢᠨ ᠳᠠᠨᠢᠯᠳᠠ ᠶᠢ ᠨᠠᠶᠢᠳᠠᠪᠣᠷᠢᠵᠢᠭᠤᠯᠬᠤ᠂ ᠳᠣᠮᠳᠠᠳᠣ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ᠂ ᠳᠤᠷᠭᠠᠨ ᠵᠠᠮ ᠤᠨ ᠠᠵᠤ ᠠᠬᠤᠢ ᠶᠢᠨ ᠪᠦᠰᠡ ᠶᠢ ᠬᠠᠮᠳᠣ ᠪᠠᠷ ᠪᠠᠶᠢᠭᠤᠯᠬᠤ ᠪᠤᠳᠠᠳᠠᠢ ᠠᠷᠭ᠎ᠠ ᠪᠠᠷᠢᠯ ᠪᠤᠯᠤᠨ᠎ᠠ᠃ ᠳᠣᠮᠳᠠᠳᠣ ᠮᠤᠩᠭᠤᠯ ᠤᠷᠤᠰ ᠭᠤᠷᠪᠠᠨ ᠤᠯᠤᠰ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠰᠢᠨ᠎ᠡ ᠶᠢ ᠡᠬᠦᠳᠦᠨ ᠬᠦᠭᠵᠢᠬᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠤᠯᠤᠨ᠎ᠠ᠃      ᠬᠤᠷᠠᠯ ᠳᠡᠬᠡᠷ᠎ᠡ᠂ ᠭᠤᠷᠪᠠᠨ ᠤᠯᠤᠰ ᠤᠨ ᠬᠢᠨ ᠬᠠᠮᠳᠣ ᠪᠠᠷ ︽ᠲᠦᠷᠪᠡᠳᠦᠬᠡᠷ ᠬᠤᠭᠤᠴᠠᠭᠠᠨ ᠤ ᠳᠣᠮᠳᠠᠳᠣ ᠤᠷᠤᠰ ᠮᠤᠩᠭᠤᠯ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠬᠤᠷᠠᠯ ᠤᠨ ᠲᠤᠪᠴᠢᠯᠠᠯ︾᠎ ᠳᠤ ᠬᠠᠮᠳᠣ ᠪᠠᠷ ᠭᠠᠷ ᠤᠨ ᠦᠰᠦᠭ ᠵᠢᠷᠤᠵᠠᠢ᠃ ᠡᠬᠦᠨ ᠤ ᠬᠠᠮᠳᠣ᠂ ︽ᠲᠦᠮᠠᠨ ᠭᠠᠵᠠᠷ ᠤᠨ ᠴᠠᠢ ᠶᠢᠨ ᠵᠠᠮ︾ ᠰᠤᠶᠤᠯ ᠵᠢᠭᠤᠯᠴᠢᠯᠠᠯ ᠤᠨ ᠬᠦᠭᠵᠢᠯᠳᠡ ᠶᠢᠨ ᠰᠢᠨ᠎ᠠ ᠶᠢ ᠡᠬᠦᠳᠬᠦ ᠶᠠᠷᠢᠶᠠᠨ ᠤ ᠳᠠᠪᠴᠠᠩ ᠡᠷᠬᠢᠯᠡᠵᠦ᠂ ᠭᠤᠷᠪᠠᠨ ᠤᠯᠤᠰ ᠤᠨ 6 ᠳᠤᠰᠬᠠᠢ ᠮᠡᠷᠬᠡᠵᠢᠯᠳᠡᠨ ᠤᠯᠠᠨ ᠤᠯᠤᠰ ᠤᠨ ᠵᠢᠭᠤᠯᠴᠢᠯᠠᠯ ᠤᠨ ᠬᠠᠮᠳᠤᠷᠠᠯᠴᠠᠭ᠎ᠠ ᠶᠢᠨ ᠳᠤᠬᠠᠢ ᠭᠤᠤᠯ ᠰᠡᠳᠣᠪᠳᠣ ᠢᠯᠡᠳᠬᠡᠯ ᠬᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号