6 ᠳ᠋ᠤᠭᠠᠷ ᠰᠠᠷ᠎ᠠ ᠶᠢᠨ 23 ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ | ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠶᠡᠭᠡ ᠬᠤᠷᠠᠯ ᠬᠢᠭᠡᠳ | ᠲᠦᠷᠪᠡᠳᠦᠭᠡᠷ ᠬᠤᠭᠤᠴᠠᠭᠠᠨ ᠤ ᠦᠪᠦᠷ ᠮᠤᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠪᠤᠷᠤᠯᠠᠭᠤᠯᠭ᠎ᠠ ᠶᠢᠨ | ᠬᠠᠮᠵᠢᠯᠴᠠᠭᠠᠨ ᠤ ᠵᠦᠪᠳᠡᠯᠴᠡᠭᠡᠷ ᠤᠨ ᠬᠤᠷᠠᠯ ᠵᠧᠩᠵᠸᠦ ᠶᠢᠨ ᠤᠯᠠᠨ ᠤᠯᠤᠰ ᠤᠨ ᠬᠤᠷᠠᠯ ᠦᠵᠡᠰᠭᠦᠯᠡᠩ ᠤᠨ | ᠲᠦᠪ ᠲᠤ ᠦᠨᠳᠦᠷᠯᠡᠵᠦ᠂ ᠮᠠᠨ ᠤ ᠤᠷᠤᠨ ᠤ ᠦᠵᠡᠭᠦᠯᠭᠡ ᠳᠤ ᠤᠷᠤᠯᠴᠠᠭᠰᠠᠨ ᠠᠵᠤ ᠠᠬᠤᠶᠢᠯᠠᠯ ᠨᠢ 230 | ᠲᠦᠮᠡᠨ ᠲᠤᠨ ᠠᠮᠤ ᠲᠤᠰᠤᠨ ᠤ ᠠᠷᠠᠯᠵᠢᠶ᠎ᠠ ᠲᠤᠬᠢᠷᠠᠵᠠᠢ᠃ | ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠪᠠ ᠡᠳ᠋ ᠪᠤᠳᠠᠰ ᠤᠨ ᠨᠦᠭᠡᠴᠡᠯᠡᠯᠳᠡ ᠶᠢᠨ ᠲᠤᠪᠴᠢᠶ᠎ᠠ ᠶᠢᠨ | ᠵᠤᠬᠢᠶᠠᠨ ᠪᠠᠶᠢᠭᠤᠯᠤᠯᠳᠠ ᠪᠠᠷ ᠪᠦᠬᠦ ᠤᠷᠤᠨ ᠤ 99 ᠠᠵᠤ ᠠᠬᠤᠶᠢᠯᠠᠯ ᠦᠵᠡᠭᠦᠯᠭᠡ ᠳᠤ ᠤᠷᠤᠯᠴᠠᠵᠤ᠂ | ᠦᠵᠡᠭᠦᠯᠭᠡ ᠳᠤ ᠤᠷᠤᠯᠴᠠᠭᠰᠠᠨ ᠪᠦᠳᠦᠭᠡᠭᠳᠡᠭᠦᠨ 200 ᠭᠠᠷᠤᠢ ᠪᠤᠯᠵᠠᠢ᠃ ᠡᠭᠦᠨ ᠳᠤ᠂ ᠤᠯᠤᠰ ᠤᠨ ᠲᠡᠰ ᠤᠨ | ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ 17 ᠠᠵᠤ ᠠᠬᠤᠶᠢᠯᠠᠯ ᠪᠤᠯᠤᠨ ᠲᠠᠷᠢᠶᠠᠴᠢᠳ ᠤᠨ ᠲᠤᠰᠬᠠᠢ | ᠬᠤᠷᠰᠢᠶ᠎ᠠ ᠨᠢ ᠪᠦᠬᠦ ᠤᠯᠤᠰ ᠤᠨ ᠶᠠᠳᠠᠭᠤ ᠬᠦᠴᠢᠷᠳᠡᠯᠳᠡᠢ ᠭᠠᠵᠠᠷ ᠤᠷᠤᠨ ᠤ ᠴᠢᠨᠠᠷ ᠰᠠᠶᠢᠳᠠᠢ ᠤᠨᠴᠠᠯᠢᠭᠳᠤ ᠠᠮᠤ | ᠲᠤᠰᠤᠨ ᠤ ᠪᠦᠳᠦᠭᠡᠭᠳᠡᠭᠦᠨ ᠤ ᠲᠡᠯᠭᠡᠨ ᠪᠤᠷᠤᠯᠠᠭᠤᠯᠭ᠎ᠠ ᠳᠤ ᠤᠷᠤᠯᠴᠠᠵᠤ᠂ 3 ᠠᠵᠤ ᠠᠬᠤᠶᠢᠯᠠᠯ ᠨᠢ ᠠᠮᠤ ᠲᠤᠰᠤ | ᠰᠢᠮ᠎ᠠ ᠲᠡᠵᠢᠭᠡᠯ ᠡᠷᠡᠭᠦᠯ ᠮᠡᠨᠳᠤ ᠶᠢᠨ ᠬᠡᠷᠡᠭᠯᠡᠭᠡᠨ ᠤ ᠡᠳ᠋ ᠢ ᠰᠢᠯᠭᠠᠨ ᠬᠢᠨᠠᠬᠤ ᠠᠵᠢᠯᠯᠠᠭ᠎ᠠ ᠳᠤ ᠤᠷᠤᠯᠴᠠᠪᠠ᠃ | ᠦᠵᠡᠭᠦᠯᠭᠡ ᠳᠤ ᠤᠷᠤᠯᠴᠠᠭᠰᠠᠨ ᠠᠵᠤ ᠠᠬᠤᠶᠢᠯᠠᠯ ᠨᠢ 230 ᠲᠦᠮᠡᠨ ᠲᠤᠨ ᠠᠮᠤ ᠲᠤᠰᠤᠨ ᠤ ᠠᠷᠠᠯᠵᠢᠶ᠎ᠠ | ᠲᠤᠬᠢᠷᠠᠵᠤ᠂ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠦᠭᠦᠭᠡᠷᠦᠮᠵᠢ ᠶᠢ ᠬᠤᠳᠠᠯᠳᠤᠨ ᠠᠪᠤᠭᠰᠠᠨ ᠦᠷᠳᠡᠭ | 760 ᠲᠦᠮᠡᠨ ᠲᠦᠭᠦᠷᠢᠭ ᠲᠤ ᠬᠦᠷᠴᠡᠢ᠃ ᠮᠠᠨ ᠤ ᠤᠷᠤᠨ ᠪᠠᠰᠠ ᠭᠤᠸᠠᠩᠳᠦ᠋ᠩ᠂ ᠬᠠᠶᠢᠨᠠᠨ ᠲᠠᠢ ᠤᠷᠤᠨ | ᠪᠦᠰᠡ ᠶᠢᠨ ᠬᠠᠮᠳᠤᠷᠠᠯᠴᠠᠭᠠᠨ ᠤ ᠬᠡᠯᠡᠯᠴᠡᠭᠡᠷ ᠲᠤᠭᠳᠠᠵᠠᠢ᠃ | ᠪᠦᠬᠦ ᠤᠯᠤᠰ ᠤᠨ 13 ᠠᠮᠤ ᠪᠤᠳᠠᠭᠠᠨ ᠤ ᠭᠤᠤᠯ ᠭᠠᠷᠤᠯᠳᠠ ᠶᠢᠨ ᠤᠷᠤᠨ ᠪᠠ 6 ᠴᠡᠪᠡᠷ ᠭᠠᠷᠭᠠᠯᠳᠠ ᠶᠢᠨ | ᠮᠤᠵᠢ ᠤᠷᠤᠨ ᠤ ᠨᠢᠭᠡ ᠪᠤᠯᠤᠭᠰᠠᠨ ᠤ ᠬᠤᠪᠢ ᠳᠤ᠂ ᠮᠠᠨ ᠤ ᠤᠷᠤᠨ ᠤᠶᠢᠷ᠎ᠠ ᠶᠢᠨ ᠵᠢᠯ ᠳᠤ᠂ 8500 ᠲᠦᠮᠡᠨ | ᠮᠦ ᠠᠴᠠ ᠲᠡᠭᠡᠭᠰᠢ ᠪᠦᠬᠦ ᠤᠷᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ ᠲᠤᠭᠳᠠᠪᠤᠷᠢᠵᠢᠭᠤᠯᠵᠤ᠂ 2018 | ᠣᠨ ᠤ ᠠᠮᠤ ᠪᠤᠳᠠᠭᠠᠨ ᠤ ᠶᠡᠷᠦᠩᠬᠡᠢ ᠭᠠᠷᠤᠯᠳᠠ 711 ᠳ᠋ᠦᠩᠰᠢᠭᠤᠷ ᠵᠢᠩ ᠳᠤ ᠬᠦᠷᠴᠡᠢ᠃ ᠡᠷᠳᠡᠨᠢ ᠰᠢᠰᠢ᠂ | ᠲᠤᠳᠤᠷᠭ᠎ᠠ᠂ ᠪᠤᠭᠤᠳᠠᠢ ᠵᠡᠷᠭᠡ ᠶᠡᠭᠡ ᠬᠡᠮᠵᠢᠶᠡᠨ ᠤ ᠠᠮᠤ ᠪᠤᠳᠠᠭᠠᠨ ᠤ ᠲᠦᠷᠦᠯ ᠵᠦᠢᠯ ᠠᠴᠠ ᠭᠠᠳᠠᠨ᠎ᠠ᠂ ᠡᠯᠳᠡᠪ | ᠠᠮᠤ ᠪᠤᠷᠴᠠᠭ᠂ ᠲᠤᠰᠤᠯᠢᠭ ᠲᠠᠷᠢᠮᠠᠯ ᠵᠡᠷᠭᠡ ᠨᠢ ᠴᠦᠮ ᠲᠦᠷᠦᠯ ᠵᠦᠢᠯ ᠡᠯᠪᠡᠭ᠂ ᠴᠢᠨᠠᠷ ᠰᠠᠶᠢᠳᠠᠢ ᠪᠠᠶᠢᠵᠤ᠂ ᠪᠦᠬᠦ | ᠤᠯᠤᠰ ᠲᠤ ᠲᠦᠯᠦᠭᠡᠯᠡᠬᠦ ᠴᠢᠨᠠᠷ ᠪᠠ ᠨᠦᠯᠦᠭᠡᠯᠡᠬᠦ ᠬᠦᠴᠦᠨ ᠲᠠᠢ ᠨᠢᠭᠡ ᠪᠦᠯᠦᠭ ᠠᠮᠤ ᠲᠤᠰᠤᠨ ᠤ ᠦᠢᠯᠡᠳᠭᠦᠨ | ᠪᠠ ᠲᠦᠷᠦᠯ ᠲᠡᠮᠳᠡᠭᠳᠦ ᠶᠢ ᠪᠦᠷᠢᠯᠳᠦᠭᠦᠯᠵᠡᠢ᠃ |