ᠦᠨᠳᠦᠰᠦᠲᠡᠨ ᠤ ᠡᠮ ᠡᠮᠨᠡᠯᠭᠡ ᠶᠢᠨ ︽ᠨᠢᠭᠡ ᠪᠦᠰᠡ ᠨᠢᠭᠡ ᠵᠠᠮ︾᠎ ᠤᠨ ᠲᠠᠷᠢᠬᠢᠨ ᠡᠪᠡᠳᠴᠢᠨ ᠤ ᠰᠤᠳᠤᠯᠤᠯ ᠤᠨ ᠤᠯᠠᠨ ᠤᠯᠤᠰ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠬᠤᠷᠠᠯᠳᠤᠪᠠ
ᠨᠡᠶᠢᠲᠡᠯᠡᠭᠰᠡᠨ ᠴᠠᠭ᠄
2019/6/25
     6 ᠳ᠋ᠤᠭᠠᠷ ᠰᠠᠷ᠎ᠠ ᠶᠢᠨ 22᠎ ᠤᠨ ᠡᠳᠦᠷ ᠠᠴᠠ 23᠎ ᠤ ᠡᠳᠦᠷ ᠪᠣᠯᠲᠠᠯ᠎ᠠ᠂ ᠦᠨᠳᠦᠰᠦᠲᠡᠨ ᠤ ᠡᠮ ᠡᠮᠨᠡᠯᠭᠡ ᠶᠢᠨ ︽ᠨᠢᠭᠡ ᠪᠦᠰᠡ ᠨᠢᠭᠡ ᠵᠠᠮ︾᠎ ᠤᠨ ᠲᠠᠷᠢᠬᠢᠨ ᠡᠪᠡᠳᠴᠢᠨ ᠤ ᠰᠤᠳᠤᠯᠤᠯ ᠤᠨ ᠤᠯᠠᠨ ᠤᠯᠤᠰ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠬᠦᠬᠡᠬᠤᠲᠠ ᠳᠤ ᠬᠤᠶᠠᠷ ᠡᠳᠦᠷ ᠶᠠᠪᠤᠭᠳᠠᠵᠤ᠂ ᠠᠮᠧᠷᠢᠺᠠ᠂ ᠶᠠᠫᠣᠨ᠂ ᠮᠣᠩᠭᠤᠯ ᠤᠯᠤᠰ ᠵᠢᠴᠢ ᠪᠦᠬᠦ ᠤᠯᠤᠰ ᠤᠨ ᠡᠯ᠎ᠡ ᠭᠠᠵᠠᠷ ᠤᠨ ᠲᠠᠷᠢᠬᠢᠨ ᠡᠪᠡᠳᠴᠢᠨ ᠤ ᠠᠨᠠᠭᠠᠬᠤ ᠤᠬᠠᠭᠠᠨ ᠤ ᠡᠲᠡᠭᠡᠳ ᠤᠨ ᠬᠢᠨ 400 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠯ ᠳᠤ ᠣᠷᠣᠯᠴᠠᠪᠠ᠃      ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢᠯᠡᠳᠭᠡᠬᠦ ᠳᠤ ᠪᠠᠨ᠂ ᠡᠨᠡ ᠪᠣᠯ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠴᠢᠩᠭᠠᠳᠬᠠᠵᠣ᠂ ᠡᠷᠳᠡᠮ ᠰᠢᠨᠵᠢᠯᠡᠭᠡᠨ ᠤ ᠬᠦᠴᠦᠨ ᠢ ᠨᠢᠭᠲᠠᠷᠠᠭᠤᠯᠬᠤ᠂ ᠡᠷᠳᠡᠮ ᠰᠢᠨᠵᠢᠯᠡᠭᠡᠨ ᠤ ᠳᠠᠪᠠᠭᠤᠯᠢᠭ ᠢ ᠲᠣᠯᠢᠯᠠᠬᠤ ᠶᠡᠭᠡ ᠬᠤᠷᠠᠯ ᠮᠥᠨ᠂ ᠨᠠᠩ ᠴᠤ ᠦᠨᠳᠦᠰᠦᠲᠡᠨ ᠤ ᠡᠮ ᠡᠮᠨᠡᠯᠭᠡ ᠶᠢᠨ ᠦᠶᠯᠡᠰ ᠢ ᠪᠠᠳᠠᠷᠠᠭᠤᠯᠤᠨ᠂ ᠦᠨᠳᠦᠰᠦᠲᠡᠨ ᠤ ᠡᠮ ᠡᠮᠨᠡᠯᠭᠡ ᠶᠢᠨ ᠨᠥᠯᠥᠭᠡᠯᠡᠬᠦ ᠬᠦᠴᠦᠨ ᠢ ᠥᠷᠭᠡᠳᠬᠡᠵᠣ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠦᠨᠳᠦᠰᠦᠲᠡᠨ ᠤ ᠡᠮ ᠡᠮᠨᠡᠯᠭᠡ ᠨᠢ ᠢᠳᠡᠪᠬᠢᠲᠡᠶ ᠨᠥᠯᠥᠭᠡᠯᠡᠬᠦ ᠬᠦᠴᠦᠨ ᠢᠶᠠᠨ ᠪᠠᠳᠠᠷᠠᠭᠤᠯᠬᠤ ᠦᠪᠡᠳᠡᠭᠰᠢ ᠬᠤᠷᠠᠯ ᠮᠥᠨ᠂ ᠡᠨᠡ ᠨᠢ ᠯᠠᠪᠲᠠᠶ ᠮᠣᠩᠭᠤᠯ ᠡᠮᠨᠡᠯᠭᠡ ᠶᠢᠨ ᠲᠠᠷᠢᠬᠢᠨ ᠤ ᠡᠪᠡᠳᠴᠢᠨ ᠤ ᠲᠥᠪ ᠤᠨ ᠪᠠᠶᠢᠭᠤᠯᠤᠯᠲᠠ ᠪᠠ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠮᠣᠩᠭᠤᠯ ᠡᠮᠨᠡᠯᠭᠡ ᠶᠢᠨ ᠲᠠᠷᠢᠬᠢᠨ ᠡᠪᠡᠳᠴᠢᠨ ᠤ ᠬᠦᠷᠢᠶᠡᠨ ᠳᠠᠬᠢ ᠨᠡᠭᠡᠭᠡᠯᠲᠡ ᠪᠠ ᠰᠢᠨ᠎ᠡ ᠡᠭᠦᠳᠦᠯᠲᠡ ᠶᠢ ᠠᠬᠢᠭᠤᠯᠬᠤ ᠪᠣᠯᠤᠨ᠎ᠠ ᠭᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号