6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠤᠨ᠎ᠡ᠂ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠦᠪ ᠤᠨ 15 ᠳ᠋ᠤᠭᠠᠷ ᠰᠢᠮᠳᠠᠭᠤᠯᠤᠨ ᠵᠢᠯᠤᠭᠤᠳᠬᠤ ᠲᠤᠭᠤᠢᠢᠯᠠᠩ ᠬᠦᠬᠡᠬᠤᠳᠠ ᠳᠤ ᠬᠤᠶᠠᠳᠤᠭᠠᠷ | ᠤᠳᠠᠭ᠎ᠠ ᠶᠢᠨ ᠠᠵᠢᠯ ᠤᠨ ᠢᠶᠠᠨ ᠲᠤᠬᠠᠢ ᠵᠠᠷᠯᠠᠨ ᠮᠡᠳᠡᠭᠳᠡᠵᠦ ᠵᠤᠯᠭᠠᠯᠴᠠᠭᠤᠯᠬᠤ ᠬᠤᠷᠠᠯ ᠬᠤᠷᠠᠯᠳᠤᠭᠤᠯᠵᠥ᠂ | ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠳᠠᠷᠤᠭ᠎ᠠ ᡁᠢ ᠱᠦ ᠫᠢᠩ ᠬᠤᠷᠠᠯ ᠡᠷᠬᠢᠯᠡᠬᠦ ᠶᠢᠨ ᠬᠠᠮᠳᠦ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠳᠤ ᠲᠤᠷᠤᠬᠰᠢ ᠪᠠᠭᠤᠵᠤ | ᠰᠢᠮᠳᠠᠭᠤᠯᠤᠨ ᠵᠢᠯᠤᠭᠤᠳᠤᠬᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠥ᠂ ᠲᠤᠷᠤᠬᠰᠢ ᠪᠠᠭᠤᠵᠤ ᠰᠢᠮᠳᠠᠭᠤᠯᠤᠨ | ᠵᠢᠯᠤᠭᠤᠳᠬᠤ ᠶᠠᠪᠤᠴᠠ ᠳᠤᠮᠳᠠ ᠠᠴᠠ ᠦᠢᠯᠠᠭᠠᠵᠥ ᠮᠡᠳᠡᠭᠰᠡᠨ ᠭᠤᠤᠯᠳᠠᠯᠭ᠎ᠠ ᠲᠠᠢ ᠠᠰᠠᠭᠤᠳᠠᠯ ᠢ ᠰᠤᠳᠤᠯᠤᠨ | ᠰᠢᠢᠳᠪᠦᠷᠢᠯᠡᠵᠥ᠂ ᠬᠠᠨᠳᠤᠯᠭᠠᠳᠤ ᠴᠢᠨᠠᠷᠳᠠᠢ ᠪᠠᠷ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠢ᠃ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠤᠪᠤᠷ ᠢᠶᠠᠨ ᠢᠯᠡᠳᠭᠡᠬᠦ ᠦᠬᠡ ᠬᠡᠯᠡᠵᠠᠢ᠃ ᠰᠢᠮᠳᠠᠭᠤᠯᠤᠨ | ᠵᠢᠯᠤᠭᠤᠳᠬᠤ ᠲᠤᠭᠤᠢᠢᠯᠠᠩ ᠤᠨ ᠳᠡᠳ᠋ ᠳᠠᠷᠤᠭ᠎ᠠ ᠰᠢᠤᠢ ᠬᠠᠢ ᠪᠢᠨ ᠵᠢᠴᠢ ᠪᠦᠬᠦ ᠪᠦᠷᠢᠯᠳᠦᠭᠦᠨ᠂ ᠦᠪᠡᠷᠲᠡᠭᠡᠨ | ᠵᠠᠰᠠᠬᠤ ᠤᠷᠤᠨ ᠤ ᠤᠳᠤᠷᠢᠳᠤᠯᠭ᠎ᠠ ᠯᠢᠨ ᠱᠤᠤ ᠴᠦᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠶᠠᠩ ᠸᠧᠢ | ᠳ᠋ᠦᠩ᠂ ᠵᠠᠩ ᠱᠤᠤ ᠴᠦᠨ ᠵᠢᠴᠢ ᠦᠪᠡᠷᠲᠡᠭᠡᠨ ᠵᠠᠰᠠᠬᠤ ᠤᠷᠤᠨ ᠤ ᠰᠢᠬᠦᠬᠦ ᠬᠤᠷᠢᠶᠠᠨ ᠤ ᠲᠠᠷᠤᠭ᠎ᠠ᠂ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠪᠠ᠃ | ᠠᠵᠢᠯ ᠤᠨ ᠳᠤᠬᠢᠷᠠᠭᠤᠯᠭ᠎ᠠ ᠪᠠᠷ᠂ 6 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ ᠠᠴᠠ | 6 ᠳ᠋ᠤᠭᠠᠷ ᠰᠠᠷ᠎ᠠ ᠶᠢᠨ 21 ᠤ ᠡᠳᠤᠷ ᠪᠤᠯᠳᠠᠯ᠎ᠠ᠂ 15 ᠳ᠋ᠤᠭᠠᠷ ᠰᠢᠮᠳᠠᠭᠤᠯᠤᠨ ᠵᠢᠯᠤᠭᠤᠳᠬᠤ ᠳᠤᠭᠤᠢᠢᠯᠠᠩ 6 | ᠪᠠᠭ᠎ᠠ ᠳᠤᠭᠤᠢᠢᠯᠠᠩ ᠪᠠᠶᠢᠭᠤᠯᠵᠥ᠂ ᠬᠤᠶᠠᠷ ᠡᠬᠡᠯᠵᠢ ᠬᠤᠪᠢᠶᠠᠨ 12 ᠠᠶᠢᠮᠠᠬ ᠬᠤᠳᠠ ᠵᠢᠴᠢ ᠳᠦᠮᠠᠳ ᠪᠠᠷᠠᠭᠤᠨ | ᠬᠤᠰᠢᠭᠤ᠂ ᠺᠠᠶᠢᠯᠤ ᠰᠢᠶᠠᠨ᠂ ᠤᠯᠠᠭᠠᠨᠬᠤᠳᠠ᠂ ᠰᠠᠶᠢᠬᠠᠨ ᠳᠤᠭᠤᠷᠢᠭ ᠵᠡᠷᠬᠡ 53 ᠬᠤᠰᠢᠭᠤ ᠰᠢᠶᠠᠨ ︵ᠬᠤᠳᠠ᠂ | ᠳᠤᠭᠤᠷᠢᠭ︶ ᠳᠤ ᠬᠦᠨᠵᠡᠬᠡᠶᠢᠷᠡᠨ ᠰᠢᠮᠳᠠᠭᠤᠯᠤᠨ ᠵᠢᠯᠤᠭᠤᠳᠬᠤ ᠠᠵᠢᠯ ᠦᠷᠨᠢᠬᠦᠯᠪᠡ᠃ ᠰᠢᠮᠳᠠᠭᠤᠯᠤᠨ | ᠵᠢᠯᠤᠭᠤᠳᠬᠤ ᠳᠤᠭᠤᠢᠢᠯᠠᠩ 60 ᠰᠢᠶᠠᠩ ᠪᠠᠯᠭᠠᠰᠤ᠂ 71 ᠳᠤᠰᠬᠤᠨ᠂ 122 ᠦᠨᠳᠦᠰᠦᠨ ᠱᠠᠳᠤᠨ ᠤ | ᠨᠢᠬᠡᠴᠢ ᠳᠤ ᠬᠦᠷᠴᠤ᠂ ᠬᠤᠳᠠ ᠰᠢᠶᠠᠨ ᠰᠢᠶᠠᠩ ᠳᠤᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠷ᠂ | ᠢᠯᠡᠴᠢᠯᠡᠨ ᠮᠡᠳᠡᠬᠦᠯᠦᠭᠴᠢ᠂ ᠬᠡᠷᠡᠭ ᠰᠢᠢᠳᠪᠦᠷᠢᠯᠡᠭᠴᠢ᠂ ᠪᠠᠶᠢᠳᠠᠯ ᠢ ᠮᠡᠳᠡᠭᠴᠢ ᠵᠢᠴᠢ ᠤᠯᠠᠨ ᠳᠦᠮᠡᠨ ᠵᠡᠷᠭᠡ | ᠨᠡᠶᠢᠳᠡ 419 ᠬᠦᠮᠦᠨ ᠲᠠᠢ ᠲᠤᠰᠬᠠᠢ ᠶᠠᠷᠢᠯᠴᠠᠵᠥ᠂ 133 ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠥ᠂ | 1217 ᠬᠤᠪᠢ ᠪᠠᠶᠢᠴᠠᠭᠠᠯᠳᠠ ᠶᠢᠨ ᠠᠰᠠᠭᠤᠯᠳᠠ ᠶᠢᠨ ᠬᠠᠭᠤᠳᠠᠰᠤ ᠳᠠᠷᠬᠠᠭᠠᠵᠥ᠂ 198 ᠬᠡᠷᠡᠭ ᠤᠨ | ᠰᠦᠪᠡᠭᠴᠢ ᠶᠢ ᠳᠠᠯᠳᠠᠭᠤᠷ ᠰᠤᠷᠪᠤᠯᠵᠢᠯᠠᠨ ᠬᠢᠨᠠᠨ ᠪᠠᠶᠢᠴᠠᠭᠠᠵᠥ᠂ ᠬᠠᠷ᠎ᠠ ᠪᠦᠯᠦᠭᠳᠡᠨ ᠬᠠᠷᠬᠢᠰ ᠬᠦᠴᠦᠨ ᠳᠤ | ᠬᠤᠯᠪᠤᠬᠳᠠᠬᠰᠠᠨ 582 ᠬᠡᠷᠡᠭ ᠢ ᠦᠢᠯᠠᠭᠠᠵᠥ᠂ 15300 ᠭᠠᠷᠤᠢ ᠬᠤᠪᠢ ᠮᠠᠲ᠋ᠧᠷᠢᠶᠠᠯ ᠳᠠᠩᠰᠠ ᠡᠪᠬᠡᠮᠡᠯ ᠢ | ᠪᠠᠶᠢᠴᠠᠭᠠᠵᠤ ᠦᠵᠡᠪᠡ᠃ 6 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ᠂ ᠰᠢᠮᠳᠠᠭᠤᠯᠤᠨ ᠪᠠᠶᠢᠴᠠᠭᠠᠬᠤ | ᠳᠤᠭᠤᠢᠢᠯᠠᠩ ᠨᠡᠶᠢᠳᠡ 16842 ᠬᠤᠪᠢ ᠤᠯᠠᠨ ᠳᠦᠮᠡᠨ ᠤ ᠢᠯᠡᠴᠢᠯᠡᠨ ᠮᠡᠳᠡᠬᠦᠯᠦᠭᠰᠡᠨ ᠬᠡᠷᠡᠭ ᠢ ᠬᠦᠯᠢᠶᠠᠨ | ᠠᠪᠴᠠᠢ᠃ | ᡁᠢ ᠱᠤ᠋ ᠫᠢᠡᠭ ᠵᠢᠭᠠᠵᠤ ᠭᠠᠷᠭᠠᠭᠰᠠᠨ ᠨᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠲᠦᠪ ᠤᠨ | ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠲᠤᠷᠤᠬᠰᠢ ᠪᠠᠭᠤᠵᠤ ᠰᠢᠮᠳᠠᠭᠤᠯᠤᠨ ᠵᠢᠯᠤᠭᠤᠳᠬᠤ ᠠᠵᠢᠯ | ᠦᠷᠨᠢᠭᠦᠯᠬᠦ ᠶᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠨᠦᠭᠦᠳ ᠲᠤᠭᠳᠠᠭᠰᠠᠨ ᠬᠤᠭᠤᠴᠠᠭ᠎ᠠ ᠲᠠᠢ ᠪᠠᠷ ᠰᠢᠮᠳᠠᠭᠤᠯᠤᠨ | ᠵᠢᠯᠤᠭᠤᠳᠬᠤ ᠲᠤᠭᠤᠢᠢᠯᠠᠩ ᠤᠨ ᠲᠤᠷᠤᠬᠰᠢ ᠪᠠᠭᠤᠵᠤ ᠰᠢᠮᠳᠠᠭᠤᠯᠤᠨ ᠵᠢᠯᠤᠭᠤᠳᠤᠬᠰᠠᠨ ᠠᠵᠢᠯ ᠤᠨ ᠪᠠᠶᠢᠳᠠᠯ ᠢ | ᠦᠢᠯᠠᠭᠠᠵᠤ᠂ ᠬᠠᠮᠢᠶ᠎ᠠ ᠪᠦᠭᠦᠢ ᠤᠳᠤᠷᠢᠳᠤᠯᠭ᠎ᠠ ᠲᠤᠷᠤᠬᠰᠢ ᠪᠠᠭᠤᠵᠤ ᠰᠢᠮᠳᠠᠭᠤᠯᠤᠨ ᠵᠢᠯᠤᠭᠤᠳᠬᠤ ᠠᠵᠢᠯ ᠳᠤ | ᠰᠢᠭᠤᠳ ᠤᠷᠤᠯᠴᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠦᠪᠡᠷᠳᠡᠭᠡᠨ ᠵᠠᠰᠠᠬᠤ ᠤᠷᠤᠨ ᠤ | ᠠᠯᠪᠠᠨ ᠭᠡᠷ ᠭᠤᠤᠯᠯᠠᠬᠤ ᠬᠦᠴᠦᠨ ᠢ ᠰᠤᠩᠭᠤᠨ ᠲᠤᠮᠢᠯᠠᠵᠤ ᠬᠠᠮᠵᠢᠯᠴᠠᠵᠤ᠂ ᠰᠢᠮᠳᠠᠭᠤᠯᠤᠨ ᠵᠢᠯᠤᠭᠤᠳᠬᠤ ᠠᠵᠢᠯ | ᠤᠨ ᠤᠷᠤᠭᠰᠢᠳᠠᠢ ᠶᠠᠪᠤᠬᠳᠠᠬᠤ ᠶᠢ ᠭᠦᠴᠤᠳᠠᠢ ᠠᠬᠢᠭᠤᠯᠪᠠ᠃ ᠶᠡᠷᠤᠩᠭᠡᠢ ᠳᠤ ᠨᠢ ᠦᠵᠡᠪᠡᠯ᠂ ᠦᠪᠤᠷ ᠮᠤᠩᠭᠤᠯ ᠤᠨ | ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠪᠠᠶᠢᠷᠢᠯᠠᠭᠤᠯᠤᠯᠳᠠ ᠶᠤᠰᠤᠭᠠᠷ᠂ ᠭᠤᠤᠯ ᠤᠳᠤᠷᠢᠳᠬᠤ ᠨᠦᠭᠦᠳ ᠪᠤᠯᠤᠨ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠨᠦᠭᠦᠳ ᠲᠤᠰᠬᠠᠢ ᠲᠡᠮᠡᠴᠡᠯ ᠤᠨ ᠨᠢᠭᠡᠳᠤᠭᠡᠷ ᠬᠠᠷᠢᠭᠤᠴᠠᠯᠭᠠᠳᠠᠨ᠂ ᠰᠢᠭᠤᠳ | ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠡᠭᠦᠷᠭᠡᠯᠡᠵᠤ᠂ ᠦᠨᠡᠨ ᠭᠦ ᠪᠦᠳᠤᠮᠵᠢᠳᠠᠢ ᠠᠷᠭ᠎ᠠ ᠬᠡᠮᠵᠢᠶ᠎ᠡ ᠠᠪᠴᠤ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠱᠠᠲᠤᠴᠢ ᠴᠢᠨᠠᠷᠲᠠᠢ ᠴᠢᠬᠤᠯᠠ ᠦᠷ᠎ᠠ | ᠪᠦᠳᠤᠮᠵᠢ ᠤᠯᠬᠤ ᠶᠢ ᠠᠬᠢᠭᠤᠯᠪᠠ᠃ ᠢᠯᠠᠩᠭᠤᠶ᠎ᠠ ᠲᠦᠪ ᠤᠨ ᠰᠢᠮᠳᠠᠭᠤᠯᠤᠨ ᠵᠢᠯᠤᠭᠤᠳᠬᠤ ᠲᠤᠭᠤᠢᠢᠯᠠᠩ ᠮᠠᠨ ᠤ | ᠣᠷᠣᠨ ᠳᠤ ᠰᠢᠮᠳᠠᠭᠤᠯᠤᠨ ᠵᠢᠯᠤᠭᠤᠳᠤᠭᠰᠠᠨ ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠵᠠᠷᠯᠠᠭᠰᠠᠨ ᠠᠰᠠᠭᠤᠳᠠᠯ ᠢ ᠴᠢᠩᠭ᠎ᠠ | ᠠᠳᠬᠤᠵᠤ᠂ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂ ᠰᠢᠮᠳᠠᠭᠤᠯᠤᠨ ᠵᠢᠯᠤᠭᠤᠳᠬᠤ ᠶᠢᠨ ᠲᠠᠭᠠᠤ | ᠬᠠᠯᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠠᠯᠬᠤᠮ ᠠᠯᠬᠤᠮ ᠢᠶᠠᠷ ᠶᠠᠰᠤ ᠴᠢᠨᠠᠷ ᠢ ᠲᠡᠭᠡᠭᠰᠢᠯᠡᠭᠦᠯᠵᠤ ᠦᠷ᠎ᠠ | ᠪᠦᠳᠤᠮᠵᠢ ᠶᠢ ᠨᠡᠮᠡᠭᠳᠠᠭᠦᠯᠵᠤ᠂ ᠲᠤᠰᠬᠠᠢ ᠲᠡᠮᠡᠴᠡᠯ ᠤᠨ ᠭᠦᠨᠵᠡᠭᠡᠶᠢᠷᠡᠨ ᠦᠷᠭᠡᠵᠢᠬᠦ ᠶᠢ ᠲᠠᠰᠤᠷᠠᠯᠳᠠ ᠦᠭᠡᠢ | ᠠᠬᠢᠭᠤᠯᠪᠠ ᠭᠡᠵᠡᠢ᠃ | ᡁᠢ ᠱᠤ᠋ ᠫᠢᠡᠭ ᠲᠦᠪ ᠤᠨ ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠲᠤᠷᠤᠬᠰᠢ ᠪᠠᠭᠤᠵᠤ | ᠰᠢᠮᠳᠠᠭᠤᠯᠤᠨ ᠵᠢᠯᠤᠭᠤᠳᠴᠤ ᠢᠯᠡᠷᠡᠭᠦᠯᠦᠭᠰᠡᠨ ᠭᠤᠤᠯ ᠠᠰᠠᠭᠤᠳᠠᠯ ᠢ ᠵᠠᠷᠯᠠᠭᠰᠠᠨ ᠤ ᠲᠠᠷᠠᠭ᠎ᠠ ᠴᠢᠬᠤᠯᠠᠴᠢᠯᠠᠭᠰᠠᠨ | ᠨᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤᠯᠤᠰ ᠲᠦᠷᠤ ᠶᠢᠨ ᠬᠠᠷᠢᠭᠤᠴᠠᠯᠭ᠎ᠠ ᠶᠢ ᠴᠢᠩᠭᠠᠳᠬᠠᠬᠤ | ᠲᠠᠯ᠎ᠠ ᠪᠠᠷ ᠭᠦᠷᠤᠯᠴᠡᠭᠦ ᠦᠭᠡᠢ ᠪᠠᠶᠢᠬᠤ ᠠᠰᠠᠭᠤᠳᠠᠯ ᠢ ᠰᠢᠢᠳᠪᠤᠷᠢᠯᠠᠭᠦ ᠶᠢ ᠴᠢᠬᠤᠯᠠᠴᠢᠯᠠᠵᠤ᠂ ᠡᠯ᠎ᠠ ᠱᠠᠳᠤᠨ ᠤ | ᠤᠳᠤᠷᠢᠳᠬᠤ ᠺᠠᠳ᠋ᠷ ᠢᠯᠠᠩᠭᠤᠶ᠎ᠠ ᠨᠠᠮ ᠵᠠᠰᠠᠭ ᠤᠨ ᠭᠤᠤᠯ ᠤᠳᠤᠷᠢᠳᠤᠯᠭ᠎ᠠ ᠪᠣᠯᠬᠤ ︽ᠵᠠᠩᠬᠢᠯᠠᠭ᠎ᠠ ᠶᠢᠨ ᠴᠦᠭᠡᠨ | ᠲᠤᠭᠠᠳᠠᠨ︾ ᠢ ᠴᠢᠩᠭ᠎ᠠ ᠠᠳᠬᠤᠵᠤ᠂ ᠲᠤᠬᠠᠢ ᠶᠢᠨ ᠭᠠᠵᠠᠷ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠪᠤᠳᠠᠳᠤ ᠪᠠᠶᠢᠳᠠᠯ ᠲᠠᠢ ᠨᠢᠭᠳᠠ ᠬᠤᠯᠪᠤᠵᠤ᠂ ᠶᠡᠷᠤᠩᠭᠡᠢ ᠱᠦᠵᠢ ᠰᠢ ᠶᠢᠨ ᠫᠢᠡᠭ | ᠤᠨ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦ︾ ᠭᠤᠤᠯ | ᠰᠡᠳᠤᠪᠳᠤ ᠭᠦᠮᠤᠵᠢᠯ ᠲᠠᠶᠢᠴᠢᠯᠠᠯᠳᠠ ᠳᠤ ᠲᠤᠷᠠᠳᠤᠬᠰᠠᠨ ᠶᠡᠷᠤᠩᠭᠡᠢ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ | ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠲᠠᠷᠤᠯᠳᠠ ᠦᠭᠬᠦ ᠲᠤᠭᠳᠠᠴᠠ ᠶᠢ ᠲᠡᠭᠦᠯᠳᠡᠷᠵᠢᠭᠦᠯᠵᠤ᠂ ᠬᠠᠷ᠎ᠠ | ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠡᠨᠡ ᠬᠦ ᠴᠢᠬᠤᠯᠠ ᠶᠡᠭᠡ ᠤᠯᠤᠰ ᠲᠦᠷᠤ ᠶᠢᠨ | ᠬᠠᠷᠢᠭᠤᠴᠠᠯᠭ᠎ᠠ ᠶᠢ ᠦᠨᠡᠨ ᠭᠦ ᠪᠠᠳᠤ ᠡᠭᠦᠷᠭᠡᠯᠡᠭᠦ ᠭᠡᠷᠡᠭᠳᠠᠢ᠃ ᠠᠵᠢᠯ ᠤᠨ ᠤᠪᠤᠷ ᠢᠶᠠᠨ ᠰᠠᠶᠢᠵᠢᠷᠠᠭᠤᠯᠵᠤ᠂ | ᠬᠡᠯᠪᠡᠷᠢᠴᠢ ᠦᠵᠡᠯ ᠪᠤᠯᠤᠨ ᠨᠤᠶᠠᠨᠴᠢ ᠰᠤᠷᠳᠠᠯ ᠢ ᠭᠦᠴᠤᠯᠠᠨ ᠴᠡᠭᠡᠷᠯᠠᠵᠤ᠂ ᠪᠤᠳᠠᠳᠠᠢ ᠠᠵᠢᠯ ᠢ ᠰᠠᠶᠢᠳᠤᠷ ᠬᠢᠬᠦ | ᠭᠡᠷᠡᠭᠳᠠᠢ᠃ ᠪᠤᠳᠠᠳᠠᠢ ᠶᠢ ᠡᠷᠬᠢᠮᠯᠡᠬᠦ ᠬᠠᠷᠢᠭᠤᠴᠠᠯᠭ᠎ᠠ ᠡᠭᠦᠷᠭᠡᠯᠡᠭᠦ ᠵᠤᠷᠢᠭ ᠰᠠᠨᠠᠭ᠎ᠠ ᠶᠢ ᠬᠦᠴᠦᠯᠡᠨ ᠪᠤᠢ ᠪᠤᠯᠭᠠᠵᠤ᠂ | ᠵᠠᠷᠢᠮ ᠺᠠᠳ᠋ᠷ ᠤᠨ ᠠᠵᠢᠯ ᠬᠢᠭᠦ ᠦᠭᠡᠢ᠂ ᠠᠵᠢᠯ ᠢ ᠤᠳᠠᠭᠠᠨ ᠬᠢᠬᠦ ᠠᠰᠠᠭᠤᠳᠠᠯ ᠢ ᠦᠨᠡᠨ ᠭᠦ ᠰᠢᠢᠳᠪᠤᠷᠢᠯᠡᠭᠦ | ᠭᠡᠷᠡᠭᠳᠠᠢ᠃ ᠬᠢᠨᠠᠨ ᠪᠠᠶᠢᠴᠠᠭᠠᠵᠤ ᠴᠤᠬᠢᠯᠳᠠ ᠦᠭᠬᠦ ᠡᠷᠴᠢᠮ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠰᠢᠢᠳᠪᠤᠷᠢᠯᠡᠬᠦ ᠶᠢ ᠴᠢᠬᠤᠯᠠᠴᠢᠯᠠᠵᠤ᠂ ᠰᠦᠪᠡᠭᠴᠢ ᠶᠢ ᠵᠢᠬᠰᠠᠭᠠᠨ ᠪᠠᠶᠢᠴᠠᠭᠠᠬᠤ᠂ ᠬᠢᠨᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠭᠡᠷᠡᠭ ᠤᠨ ᠰᠦᠪᠡᠭᠴᠢ ᠶᠢ ᠠᠷᠢᠯᠭᠠᠬᠤ ᠶᠢ ᠡᠷᠳᠡᠭᠡᠨ ᠪᠡᠶᠠᠯᠡᠬᠦᠯᠬᠦ ᠭᠡᠷᠡᠭᠳᠠᠢ᠃ ᠬᠦᠨᠳᠤ ᠶᠡᠭᠡ | ᠭᠡᠷᠡᠭ ᠢ ᠪᠠᠶᠢᠴᠠᠭᠠᠨ ᠰᠢᠢᠳᠪᠤᠷᠢᠯᠡᠬᠦ ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠰᠦᠪᠡᠭᠴᠢ ᠶᠢ ᠰᠢᠮᠳᠠᠭᠤᠯᠤᠨ | ᠲᠠᠩᠨᠠᠨ ᠢᠯᠡᠷᠡᠬᠦᠯᠬᠦ ᠭᠡᠷᠡᠭᠳᠠᠢ᠃ ︽ᠡᠳ᠋ ᠤᠨ ᠢᠷᠠᠯᠳᠠ ᠶᠢ ᠨᠢ ᠲᠠᠰᠤᠯᠬᠤ︾ ᠡᠷᠴᠢᠮ ᠢᠶᠠᠨ ᠴᠢᠩᠭᠠᠷᠠᠭᠤᠯᠵᠤ᠂ | ᠬᠠᠷ᠎ᠡ ᠪᠦᠯᠦᠭᠳᠡᠨ ᠬᠠᠷᠬᠢᠰ ᠬᠦᠴᠤᠨ ᠤ ᠠᠵᠤ ᠠᠬᠤᠢ ᠶᠢᠨ ᠰᠠᠭᠤᠷᠢ ᠶᠢ ᠲᠦᠢᠯᠪᠤᠷᠢᠳᠠᠢ ᠰᠦᠢᠷᠡᠭᠦᠯᠬᠦ ᠭᠡᠷᠡᠭᠳᠠᠢ᠃ | ᠭᠡᠷᠡᠭ ᠰᠢᠢᠳᠪᠤᠷᠢᠯᠡᠬᠦ ᠶᠠᠰᠤ ᠴᠢᠨᠠᠷ ᠦᠨᠳᠦᠷ ᠪᠢᠰᠢ ᠪᠠᠶᠢᠬᠤ ᠠᠰᠠᠭᠤᠳᠠᠯ ᠢ ᠰᠢᠢᠳᠪᠤᠷᠢᠯᠡᠬᠦ ᠶᠢ ᠴᠢᠬᠤᠯᠠᠴᠢᠯᠠᠵᠤ᠂ | ᠬᠠᠤᠯᠢ ᠶᠤᠰᠤᠭᠠᠷ ᠭᠡᠷᠡᠭ ᠰᠢᠢᠳᠪᠤᠷᠢᠯᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠬᠠᠤᠯᠢ ᠴᠠᠭᠠᠵᠠ ᠶᠢᠨ | ᠲᠤᠬᠠᠢᠢᠯᠠᠬᠰᠡᠨ ᠠᠵᠢᠯ ᠤᠨ ᠪᠤᠯᠪᠠᠰᠤᠷᠠᠯ ᠵᠢᠯᠤᠭᠤᠳᠤᠯᠭ᠎ᠠ ᠪᠠᠨ ᠴᠢᠩᠭᠠᠳᠬᠠᠵᠤ᠂ ᠬᠠᠤᠯᠢ ᠴᠠᠭᠠᠵᠠ ᠲᠦᠷᠢᠮ | ᠲᠤᠬᠳᠠᠭᠠᠯ ᠶᠤᠰᠤᠭᠠᠷ ᠭᠡᠷᠡᠭ ᠰᠢᠢᠳᠪᠤᠷᠢᠯᠡᠬᠦ ᠤᠬᠠᠮᠰᠠᠷ ᠢᠶᠠᠨ ᠴᠢᠩᠭᠠᠳᠬᠠᠬᠤ ᠭᠡᠷᠡᠭᠳᠠᠢ᠃ ᠲᠤᠳᠤᠭᠠᠳᠤ ᠶᠢ | ᠬᠠᠮᠠᠭᠠᠯᠠᠬᠤ ᠪᠠᠶᠢᠭᠤᠯᠭ᠎ᠠ ᠪᠠᠶᠢᠴᠠᠭᠠᠬᠤ ᠬᠤᠷᠢᠶ᠎ᠡ ᠰᠢᠬᠦᠬᠦ ᠬᠤᠷᠢᠶ᠎ᠡ ᠶᠢᠨ ᠡᠯ᠎ᠡ ᠭᠤᠬᠴᠤᠭ᠎ᠠ ᠶᠢᠨ ᠭᠡᠷᠡᠭ | ᠰᠢᠢᠳᠪᠤᠷᠢᠯᠡᠬᠦ ᠶᠠᠰᠤ ᠴᠢᠨᠠᠷ ᠢ ᠲᠡᠭᠡᠭᠰᠢᠯᠡᠬᠦᠯᠵᠤ᠂ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠠᠮᠠᠴᠡᠯ | ᠤᠨ ᠪᠤᠳᠠᠳᠤ ᠦᠷ᠎ᠡ ᠪᠦᠳᠦᠮᠵᠢ ᠶᠢ ᠦᠨᠡᠨ ᠬᠦ ᠪᠠᠳᠤᠯᠠᠬᠤ ᠭᠡᠷᠡᠭᠳᠠᠢ᠃ ᠪᠦᠬᠦᠯᠢ ᠴᠤᠬᠴᠠ ᠶᠢᠨ ᠭᠡᠷᠡᠭ | ᠰᠢᠢᠳᠪᠤᠷᠢᠯᠡᠬᠦ ᠶᠠᠰᠤ ᠴᠢᠨᠠᠷ ᠦᠷ᠎ᠡ ᠪᠦᠳᠦᠮᠵᠢ ᠶᠢ ᠲᠡᠭᠡᠭᠰᠢᠯᠡᠬᠦᠯᠵᠤ᠂ ᠭᠡᠷᠡᠭ ᠰᠢᠢᠳᠪᠤᠷᠢᠯᠡᠬᠦ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ᠡᠯ᠎ᠡ ᠭᠤᠬᠴᠤᠭ᠎ᠠ ᠶᠢᠨ ᠠᠵᠢᠯ ᠤᠨ ᠠᠬᠢᠴᠠ ᠪᠠ ᠦᠷ᠎ᠡ ᠪᠦᠳᠦᠮᠵᠢ ᠶᠢ | ᠨᠢᠭᠡᠳᠦᠯᠳᠠᠢ ᠲᠦᠯᠦᠪᠵᠢᠬᠦᠯᠤᠨ ᠡᠵᠡᠮᠳᠡᠬᠦ ᠭᠡᠷᠡᠭᠳᠠᠢ᠃ ︽ᠬᠠᠷᠢᠴᠠᠭᠠᠨ ᠤ ᠲᠤᠤᠷ ᠢ ᠡᠪᠳᠡᠬᠦ ᠬᠠᠮᠠᠭᠠᠯᠠᠬᠴᠢ ᠳᠤ | ᠴᠤᠬᠢᠯᠳᠠ ᠦᠭᠬᠦ︾ ᠲᠠᠯ᠎ᠠ ᠪᠠᠷ ᠬᠦᠨᠵᠡᠭᠡᠢ ᠪᠢᠰᠢ ᠪᠠᠶᠢᠬᠤ ᠠᠰᠠᠭᠤᠳᠠᠯ ᠢ ᠴᠢᠬᠤᠯᠠᠴᠢᠯᠠᠨ ᠰᠢᠢᠳᠪᠤᠷᠢᠯᠡᠵᠤ᠂ | ᠢᠯᠵᠡᠷᠡᠯ ᠳᠤ ᠬᠤᠯᠪᠤᠬᠳᠠᠬᠰᠡᠨ ᠬᠠᠮᠠᠭᠠᠯᠠᠬᠴᠢ ᠳᠤ ᠬᠤᠯᠪᠤᠬᠳᠠᠬᠰᠡᠨ ᠰᠦᠪᠡᠭᠴᠢ ᠶᠢ ᠬᠦᠨ ᠠᠭᠤᠳᠠᠯᠵᠤ᠂ | ᠰᠦᠪᠡᠭᠴᠢ ᠶᠢᠨ ᠪᠠᠶᠢᠳᠠᠯ ᠢ ᠤᠢᠢᠯᠠᠭᠠᠬᠤ ᠶᠢ ᠴᠢᠩᠭᠠᠳᠬᠠᠵᠤ᠂ ᠰᠦᠪᠡᠭᠴᠢ ᠶᠢ ᠰᠢᠯᠵᠢᠬᠦᠯᠤᠨ ᠬᠦᠷᠭᠡᠬᠦ ᠶᠢ | ᠨᠡᠶᠢᠳᠠᠪᠤᠷᠢᠵᠢᠭᠤᠯᠬᠤ ᠭᠡᠷᠡᠭᠳᠠᠢ᠃ ᠢᠯᠵᠡᠷᠡᠯ ᠳᠤ ᠬᠤᠯᠪᠤᠬᠳᠠᠬᠰᠡᠨ ᠬᠠᠮᠠᠭᠠᠯᠠᠬᠴᠢ ᠳᠤ ᠬᠤᠯᠪᠤᠬᠳᠠᠬᠰᠡᠨ ᠭᠡᠷᠡᠭ ᠢ | ᠬᠦᠨᠵᠡᠭᠡᠢ ᠪᠠᠶᠢᠴᠠᠭᠠᠨ ᠰᠢᠢᠳᠪᠤᠷᠢᠯᠡᠵᠤ᠂ ᠬᠦᠨ ᠠᠭᠤᠳᠠᠯᠵᠤ ᠰᠦᠪᠡᠭᠴᠢ ᠶᠢ ᠦᠷᠭᠡᠳᠭᠡᠵᠤ᠂ ᠭᠡᠷᠡᠭ ᠢ | ᠨᠡᠶᠢᠯᠡᠬᠦᠯᠦᠨ ᠵᠠᠳᠠᠯᠬᠤ ᠶᠢ ᠴᠢᠩᠭᠠᠳᠬᠠᠬᠤ ᠭᠡᠷᠡᠭᠳᠠᠢ᠃ ᠬᠠᠷᠢᠭᠤᠴᠠᠯᠭ᠎ᠠ ᠨᠡᠭᠡᠮᠵᠢᠯᠡᠬᠦ ᠬᠠᠷᠢᠭᠤᠴᠠᠯᠭ᠎ᠠ ᠲᠤᠯᠭᠠᠬᠤ ᠶᠢ | ᠬᠦᠨᠵᠡᠭᠡᠶᠢᠷᠠᠬᠦᠯᠵᠤ᠂ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠭᠡᠮᠵᠢᠯᠡᠬᠦ ᠪᠠᠷ ᠬᠠᠷᠢᠭᠤᠴᠠᠯᠭ᠎ᠠ ᠪᠠᠨ | ᠨᠡᠶᠢᠳᠠᠪᠤᠷᠢᠵᠢᠭᠤᠯᠬᠤ ᠶᠢ ᠭᠡᠳᠡᠷᠬᠦ ᠰᠢᠬᠠᠮᠳᠠᠭᠤᠯᠬᠤ ᠭᠡᠷᠡᠭᠳᠠᠢ᠃ ᠶᠡᠷᠤᠩᠭᠡᠶᠢᠯᠡᠭᠰᠡᠨ ᠵᠠᠰᠠᠯᠳᠠ ᠶᠢᠨ ᠠᠵᠢᠯ ᠲᠠᠶᠢᠮᠤ | ᠦᠷᠭᠡᠨ ᠲᠡᠯᠭᠡᠷ ᠪᠢᠰᠢ ᠪᠠᠶᠢᠬᠤ ᠠᠰᠠᠭᠤᠳᠠᠯ ᠢ ᠰᠢᠢᠳᠪᠤᠷᠢᠯᠡᠵᠤ᠂ ᠭᠡᠷᠡᠭ ᠢᠶᠠᠷ ᠬᠠᠤᠯᠢ ᠶᠢ ᠲᠠᠶᠢᠯᠪᠤᠷᠢᠯᠡᠬᠤ | ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠭᠡᠨ ᠲᠡᠯᠬᠡᠷ ᠦᠷᠨᠢᠬᠦᠯᠵᠤ᠂ ᠠᠰᠠᠭᠤᠳᠠᠯ ᠢ ᠪᠠᠶᠢᠴᠠᠭᠠᠨ | ᠢᠯᠡᠷᠡᠬᠦᠯᠵᠤ᠂ ᠰᠢᠯᠳᠠᠭᠠᠨ ᠢ ᠵᠠᠳᠠᠯᠵᠤ᠂ ᠬᠠᠷᠢᠭᠤᠴᠠᠯᠭ᠎ᠠ ᠨᠡᠭᠡᠮᠵᠢᠯᠠᠵᠤ ᠬᠠᠷᠢᠭᠤᠴᠠᠯᠭ᠎ᠠ ᠲᠤᠯᠭᠠᠵᠤ᠂ ᠰᠤᠷᠭᠠᠮᠵᠢ | ᠠᠪᠴᠤ᠂ ᠲᠤᠩᠭᠠᠨ ᠪᠤᠳᠤᠯᠬᠢᠯᠠᠵᠤ ᠴᠡᠭᠴᠡᠯᠡᠨ ᠰᠠᠶᠢᠵᠢᠷᠠᠭᠤᠯᠬᠤ ᠭᠡᠷᠡᠭᠳᠠᠢ᠃ ᠰᠠᠮᠠᠭᠤᠷᠠᠯ ᠢ ᠵᠠᠰᠠᠬᠤ ᠲᠤᠰᠬᠠᠢ | ᠲᠦᠷᠦᠯ ᠤᠨ ᠠᠵᠢᠯᠯᠠᠭ᠎ᠠ ᠶᠢ ᠶᠡᠭᠡ ᠪᠠᠷ ᠦᠷᠨᠢᠬᠦᠯᠵᠤ᠂ ᠰᠠᠮᠠᠭᠤᠷᠠᠯ ᠢ ᠵᠠᠰᠠᠬᠤ ᠤᠷᠳᠤ ᠬᠤᠭᠤᠴᠠᠭᠠᠨ ᠤ | ᠪᠦᠳᠦᠮᠵᠢᠳᠠᠢ ᠠᠵᠢᠯ ᠤᠨ ᠲᠤᠬᠳᠠᠴᠠ ᠶᠢ ᠪᠠᠶᠢᠭᠤᠯᠵᠤ᠂ ᠬᠠᠷ᠎ᠡ ᠪᠦᠯᠦᠭᠳᠡᠨ ᠬᠠᠷᠬᠢᠰ ᠬᠦᠴᠦᠨ ᠤ ᠪᠦᠷᠢᠯᠳᠦᠬᠦ | ᠬᠦᠷᠦᠰᠤ ᠰᠢᠷᠦᠢ ᠶᠢ ᠴᠡᠪᠡᠷᠯᠡᠨ ᠠᠷᠢᠯᠭᠠᠬᠤ ᠭᠡᠷᠡᠭᠳᠠᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠪᠠ | ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠴᠢᠩᠭ᠎ᠠ ᠪᠢᠰᠢ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ | ᠰᠢᠢᠳᠪᠤᠷᠢᠯᠡᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ | ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠡ | ᠶᠤᠰᠤᠭᠠᠷ᠂ ᠡᠯ᠎ᠡ ᠱᠠᠳᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠤᠳᠤᠷᠢᠳᠬᠤ ᠪᠠᠭ ᠪᠤᠯᠤᠨ | ᠤᠳᠤᠷᠢᠳᠬᠤ ᠺᠠᠳ᠋ᠷ ᠢ ᠰᠠᠶᠢᠳᠤᠷ ᠰᠤᠩᠭᠤᠨ ᠲᠤᠬᠢᠷᠠᠭᠤᠯᠬᠤ ᠭᠡᠷᠡᠭᠳᠠᠢ᠃ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠡ ᠪᠠ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠯᠪᠡᠨ ᠭᠡᠷ ᠲᠦᠷᠦᠬᠦᠯᠡᠨ ᠠᠳᠬᠤᠵᠤ | ᠨᠢᠭᠡᠳᠦᠯᠳᠠᠢ ᠲᠦᠯᠦᠪᠵᠢᠬᠦᠯᠤᠨ ᠵᠤᠬᠢᠴᠠᠭᠤᠯᠬᠤ ᠦᠢᠯᠡᠳᠦᠯ ᠢ ᠴᠢᠩᠭᠠᠳᠬᠠᠵᠤ᠂ ᠬᠠᠷ᠎ᠡ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠲᠤᠰᠬᠠᠢ ᠲᠠᠮᠠᠴᠡᠯ ᠢ ᠬᠠᠤᠯᠢᠵᠢᠯ ᠤᠨ ᠵᠠᠮ ᠢᠶᠠᠷ ᠯᠠᠪᠳᠠᠭᠤᠨ᠂ ᠤᠨᠤᠪᠴᠢᠳᠠᠢ᠂ ᠬᠦᠴᠦᠳᠠᠢ | ᠠᠬᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠬᠠᠯᠠᠮᠵᠢᠯᠠᠨ | ᠬᠠᠶᠢᠷᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠤᠰᠤᠭᠠᠷ ᠡᠷᠭᠡ ᠲᠤᠰᠢᠶᠠᠯ ᠢᠶᠠᠨ | ᠭᠡᠷᠡᠭᠯᠡᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢ ᠨᠢ ᠲᠠᠮᠵᠢᠵᠤ᠂ ᠤᠯᠤᠰ ᠲᠦᠷᠦ ᠬᠠᠤᠯᠢ | ᠴᠠᠭᠠᠵᠠ ᠶᠢᠨ ᠠᠵᠢᠯ ᠳᠤ ᠲᠤᠯᠭᠠᠷᠠᠬᠰᠠᠨ ᠪᠤᠳᠠᠳᠠᠢ ᠬᠦᠴᠢᠷᠳᠡᠯ ᠪᠠ ᠠᠰᠠᠭᠤᠳᠠᠯ ᠢ ᠨᠢ ᠬᠠᠪᠰᠤᠷᠤᠨ ᠰᠢᠢᠳᠪᠤᠷᠢᠯᠡᠬᠦ | ᠭᠡᠷᠡᠭᠳᠠᠢ ᠭᠡᠵᠡᠢ᠃ | ᠯᠢ ᠵᠢᠢ ᠡᡁᠧᠩ ᠢᠯᠡᠳᠬᠡᠭᠰᠡᠨ ᠨᠢ᠂ ᠲᠦᠪ ᠤᠨ ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠵᠢᠭᠠᠵᠦ | ᠭᠠᠷᠭᠠᠭᠰᠠᠠ ᠠᠰᠠᠭᠤᠲᠠᠯ ᠭᠤᠤᠯ ᠢ ᠨᠢ ᠤᠨᠤᠭᠠᠵᠦ᠂ ᠲᠤᠷᠠᠲᠤᠭᠰᠠᠠ ᠱᠠᠭᠠᠷᠲᠠᠯᠭ᠎ᠠ ᠨᠢ ᠬᠦᠨᠵᠡᠭᠡᠢ ᠪᠦᠭᠡᠳ ᠪᠦᠬᠦ | ᠲᠠᠯ᠎ᠠ ᠶᠢ ᠬᠠᠮᠤᠷᠴᠤ᠂ ᠮᠠᠠ ᠤ ᠠᠵᠢᠯ ᠢᠶᠠᠨ ᠨᠡᠩ ᠰᠠᠶᠢᠨ ᠦᠷᠨᠢᠭᠦᠯᠬᠦ ᠳᠤ ᠬᠦᠴᠤᠳᠤ ᠵᠢᠯᠤᠭᠤᠲᠤᠯᠭ᠎ᠠ ᠬᠠᠩᠭᠠᠵᠠᠢ᠃ | ᠲᠦᠪ ᠤᠨ ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠬᠠᠷᠢᠭᠤ ᠲᠤᠰᠬᠠᠭᠰᠠᠠ ᠠᠰᠠᠭᠤᠲᠠᠯ ᠪᠤᠯᠤᠨ ᠰᠠᠨᠠᠯ ᠢ | ᠦᠨᠡᠡᠴᠢ ᠪᠠᠷ ᠬᠦᠯᠢᠶᠠᠠ ᠠᠪᠴᠤ᠂ ᠲᠡᠷᠡ ᠶᠤᠰᠤᠭᠠᠷ ᠨᠢ ᠪᠦᠬᠦᠠ ᠢ ᠬᠦᠯᠢᠶᠠᠠ ᠠᠪᠴᠤ᠂ ᠯᠠᠪᠲᠠᠢ ᠡᠷᠡᠰ ᠴᠡᠭᠴᠡᠯᠡᠡ | ᠰᠠᠶᠢᠵᠢᠷᠠᠭᠤᠯᠵᠦ᠂ ᠪᠠᠷᠢᠨ ᠭᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠪᠤᠲᠠᠲᠠᠢ ᠰᠠᠶᠢᠵᠢᠷᠠᠭᠤᠯᠤᠨ᠂ ᠲᠦᠢᠯᠪᠤᠷᠢᠲᠠᠢ | ᠰᠠᠶᠢᠵᠢᠷᠠᠭᠤᠯᠤᠨ᠎ᠠ᠃ ᠤᠯᠤᠰ ᠲᠦᠷᠦ ᠶᠢᠨ ᠵᠤᠭᠰᠤᠴᠠ ᠪᠠᠨ ᠲᠠᠬᠢᠨ ᠲᠡᠭᠡᠭᠰᠢᠯᠡᠭᠦᠯᠵᠦ᠂ ︽ᠤᠭ ᠰᠠᠨᠠᠭ᠎ᠠ ᠪᠠᠨ | ᠦᠯᠦ ᠮᠠᠷᠲᠠᠵᠤ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ | ᠦᠷᠨᠢᠭᠦᠯᠬᠦ ᠲᠠᠢ ᠤᠶᠠᠯᠲᠤᠭᠤᠯᠤᠨ᠂ ᠡᠯ᠎ᠠ ᠱᠠᠲᠤᠨ ᠤ ᠨᠠᠮ ᠤᠨ ᠭᠡᠰᠢᠭᠦᠨ ᠤᠲᠤᠷᠢᠳᠬᠤ ᠺᠠᠳ᠋ᠷ ᠢ ᠬᠦᠮᠦᠵᠢᠭᠦᠯᠵᠦ | ᠬᠦᠲᠦᠯᠦᠨ ᠲᠠᠭᠠᠭᠤᠯᠵᠦ ᠪᠠᠶᠢᠭᠠᠳ ᠬᠠᠷ᠎ᠠ ᠪᠦᠯᠦᠭᠲᠠᠠ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠤᠨ | ᠲᠤᠬᠠᠢ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠭᠡᠢ ᠰᠤᠷᠤᠯᠴᠠᠠ ᠲᠤᠭᠤᠰᠢᠯᠠᠭᠤᠯᠵᠤ᠂ ᠪᠠᠷᠢᠮᠵᠢᠶᠠᠵᠢᠭᠤᠯᠤᠨ ᠬᠠᠷᠭᠤᠭᠤᠯᠵᠦ ᠪᠠᠶᠢᠭᠠᠳ ᠬᠦᠷᠦᠯᠴᠡᠬᠦ ᠦᠭᠡᠢ | ᠲᠠᠯ᠎ᠠ ᠪᠠᠨ ᠡᠷᠢᠵᠦ᠂ ᠲᠡᠮᠡᠴᠡᠯ ᠤᠨ ᠵᠤᠷᠢᠭ ᠰᠠᠨᠠᠭ᠎ᠠ ᠶᠢ ᠦᠷᠬᠦᠯᠵᠢᠯᠡᠡ ᠴᠢᠩᠭᠠᠳᠬᠠᠵᠦ᠂ ᠬᠠᠷ᠎ᠠ ᠪᠦᠯᠦᠭᠲᠡᠡ | ᠬᠠᠷᠬᠢᠰ ᠬᠦᠴᠤᠨ ᠢ ᠠᠷᠢᠯᠭᠠᠠ᠂ ᠰᠠᠮᠠᠭᠤᠨ ᠪᠠᠶᠢᠲᠠᠯ ᠢ ᠵᠠᠰᠠᠵᠦ᠂ ᠪᠤᠲᠠᠲᠤ ᠠᠵᠢᠯᠯᠠᠭ᠎ᠠ ᠪᠠᠷ ᠢᠶᠠᠨ ︽ᠬᠤᠶᠠᠷ ᠢ | ᠬᠠᠮᠠᠭᠠᠯᠠᠬᠤ︾ ᠶᠢ ᠦᠢᠯᠡᠲᠦᠯᠭᠡᠵᠢᠭᠦᠯᠤᠨᠡ᠃ ᠠᠰᠠᠭᠤᠲᠠᠯ ᠢ ᠴᠡᠭᠴᠡᠯᠡᠡ ᠰᠠᠶᠢᠵᠢᠷᠠᠭᠤᠯᠬᠤ ᠲᠠᠯ᠎ᠠ ᠪᠠᠷ ᠲᠠᠬᠢᠨᠲᠠ | ᠬᠦᠴᠦᠯᠡᠡ ᠴᠢᠷᠮᠠᠶᠢᠵᠦ᠂ ᠠᠩᠬ᠎ᠠ ᠤᠲᠠᠭ᠎ᠠ ᠶᠢᠨ ᠵᠠᠷᠯᠠᠠ ᠮᠡᠲᠡᠭᠲᠡᠵᠦ ᠵᠤᠯᠭᠠᠯᠴᠠᠭᠤᠯᠬᠤ ᠬᠤᠷᠠᠯ ᠲᠡᠭᠡᠷ᠎ᠠ ᠬᠠᠷᠢᠭᠤ | ᠲᠤᠰᠬᠠᠭᠰᠠᠠ ᠠᠰᠠᠭᠤᠲᠠᠯ ᠢ ᠴᠡᠭᠴᠡᠯᠡᠡ ᠰᠠᠶᠢᠵᠢᠷᠠᠭᠤᠯᠬᠤ ᠲᠠᠢ ᠤᠶᠠᠯᠲᠤᠭᠤᠯᠵᠦ᠂ ᠴᠡᠭᠴᠡᠯᠡᠡ ᠰᠠᠶᠢᠵᠢᠷᠠᠭᠤᠯᠬᠤ | ᠲᠦᠰᠦᠯ ᠪᠤᠯᠤᠨ ᠪᠤᠲᠠᠲᠠᠢ ᠭᠡᠷᠡᠭᠵᠢᠭᠦᠯᠬᠦ ᠲᠦᠰᠦᠯ ᠢ ᠰᠢᠮᠳᠠᠭᠤᠯᠤᠨ ᠲᠤᠭᠲᠠᠭᠠᠵᠦ ᠲᠡᠭᠦᠯᠲᠡᠷᠵᠢᠭᠦᠯᠦᠨ᠂ | ᠴᠡᠭᠴᠡᠯᠡᠡ ᠰᠠᠶᠢᠵᠢᠷᠠᠭᠤᠯᠬᠤ ᠠᠵᠢᠯ ᠢ ᠬᠦᠴᠤᠳᠠᠢ ᠪᠦᠭᠡᠳ ᠪᠦᠲᠦᠮᠵᠢᠲᠠᠢ ᠠᠬᠢᠭᠤᠯᠵᠦ᠂ ᠴᠡᠭᠴᠡᠯᠡᠡ | ᠰᠠᠶᠢᠵᠢᠷᠠᠭᠤᠯᠤᠭᠰᠠᠠ ᠠᠮᠵᠢᠯᠲᠠ ᠪᠦᠲᠦᠮᠵᠢ ᠶᠢ ᠲᠡᠮᠡᠴᠡᠯ ᠤᠨ ᠮᠦᠨ ᠴᠢᠨᠠᠷ ᠤᠨ ᠠᠮᠵᠢᠯᠲᠠ ᠪᠦᠲᠦᠮᠵᠢ ᠪᠤᠯᠭᠠᠠ | ᠲᠡᠭᠡᠭᠰᠢᠯᠡᠭᠦᠯᠤᠨ᠎ᠡ᠃ ᠲᠦᠪ ᠤᠨ ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠰᠢᠯᠵᠢᠭᠦᠯᠦᠨ ᠲᠤᠰᠢᠶᠠᠭᠰᠠᠠ | ᠭᠤᠤᠯᠲᠠᠯᠭ᠎ᠠ ᠲᠠᠢ ᠭᠡᠷᠡᠭ ᠪᠤᠯᠤᠨ ᠴᠢᠬᠤᠯᠠ ᠰᠦᠪᠡᠭᠴᠢ ᠶᠢ ᠨᠢᠭᠡᠳ ᠨᠢᠭᠡ ᠪᠠᠷ ᠬᠦᠨᠵᠡᠭᠡᠢ ᠠᠭᠤᠲᠠᠯᠤᠠ ᠨᠢᠮᠪᠠᠢ | ᠪᠠᠶᠢᠴᠠᠭᠠᠵᠦ᠂ ᠨᠢᠭᠡᠳ ᠨᠢᠭᠡ ᠪᠠᠷ ᠴᠢᠩᠭ᠎ᠠ ᠠᠳᠬᠤᠵᠤ᠂ ᠬᠠᠤᠯᠢ ᠶᠤᠰᠤᠭᠠᠷ ᠴᠤᠬᠢᠯᠲᠠ ᠦᠭᠴᠤ᠂ ᠤᠨᠤᠪᠴᠢᠲᠠᠢ | ᠴᠤᠬᠢᠯᠲᠠ ᠦᠭᠴᠤ᠂ ᠬᠦᠨᠵᠡᠭᠡᠢ ᠨᠡᠪᠳᠡᠷᠬᠡᠢ ᠴᠤᠬᠢᠯᠲᠠ ᠦᠭᠬᠦᠨ᠎ᠡ᠃ ᠲᠡᠮᠡᠴᠡᠯ ᠤᠨ ᠠᠷᠭ᠎ᠠ ᠬᠡᠮᠵᠢᠶ᠎ᠠ ᠪᠠᠨ ᠲᠠᠬᠢᠨ | ᠴᠢᠩᠭᠠᠳᠬᠠᠵᠦ᠂ ᠤᠯᠠᠠ ᠵᠦᠢᠯ ᠤᠨ ᠠᠷᠭ᠎ᠠ ᠬᠡᠮᠵᠢᠶ᠎ᠠ ᠪᠠᠷ ᠭᠡᠷᠡᠭ ᠪᠤᠯᠤᠨ ᠰᠦᠪᠡᠭᠴᠢ ᠶᠢ ᠬᠢᠨᠠᠠ ᠪᠠᠶᠢᠴᠠᠭᠠᠵᠦ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠦ᠂ ᠬᠠᠷ᠎ᠠ ᠪᠦᠯᠦᠭᠲᠡᠡ ᠬᠠᠷᠬᠢᠰ ᠬᠦᠴᠤᠨ ᠲᠠᠢ ᠬᠤᠯᠪᠤᠭᠲᠠᠬᠤ | ︽ᠬᠠᠷᠢᠴᠠᠭᠠᠨ ᠤ ᠲᠤᠤᠷ︾᠂ ︽ᠬᠠᠮᠠᠭᠠᠯᠠᠬᠤ ᠰᠢᠬᠦᠷ︾ ᠤᠨ ᠭᠤᠤᠯᠲᠠᠯᠭ᠎ᠠ ᠲᠠᠢ ᠭᠡᠷᠡᠭ ᠲᠤ ︽ᠨᠢᠭᠡ ᠭᠡᠷᠡᠭ ᠢ | ᠭᠤᠷᠪᠠᠨ ᠲᠠᠯ᠎ᠠ ᠪᠠᠷ ᠪᠠᠶᠢᠴᠠᠭᠠᠬᠤ︾ ᠱᠠᠭᠠᠷᠲᠠᠯᠭ᠎ᠠ ᠶᠢ ᠡᠷᠡᠰ ᠨᠠᠶᠢᠲᠠᠪᠤᠷᠢᠵᠢᠭᠤᠯᠤᠨ᠂ ᠲᠡᠰ ᠲᠡᠪᠰᠢᠭᠦᠯᠦᠨ | ᠪᠠᠶᠢᠴᠠᠭᠠᠬᠤ᠂ ᠤᠨᠳᠤᠤ ᠭᠠᠵᠠᠷ ᠲᠤ ᠰᠢᠯᠵᠢᠭᠦᠯᠵᠦ ᠰᠤᠯᠪᠢᠴᠠᠭᠤᠯᠤᠨ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ | ᠬᠦᠨᠵᠡᠭᠡᠢ ᠠᠭᠤᠲᠠᠯᠤᠠ ᠨᠢᠮᠪᠠᠢ ᠪᠠᠶᠢᠴᠠᠭᠠᠵᠦ᠂ ᠡᠴᠤᠰ ᠲᠤ ᠨᠢ ᠲᠤᠯᠲᠠᠯ᠎ᠠ ᠪᠠᠶᠢᠴᠠᠭᠠᠨ᠎ᠠ᠃ ᠬᠠᠷᠢᠭᠤᠴᠠᠯᠭ᠎ᠠ ᠶᠢᠨ | ᠬᠡᠯᠬᠢᠶ᠎ᠠ ᠳᠤ ᠬᠠᠷᠢᠭᠤᠴᠠᠯᠭ᠎ᠠ ᠶᠢ ᠲᠠᠬᠢᠨᠲᠠ ᠴᠢᠩᠭᠠᠳᠬᠠᠵᠤ᠂ ᠬᠠᠷᠢᠭᠤᠴᠠᠯᠭ᠎ᠠ ᠶᠢᠨ ᠲᠠᠷᠤᠯᠳᠠ ᠶᠢ ᠲᠠᠰᠤᠷᠠᠯᠲᠠ | ᠦᠭᠡᠢ ᠲᠠᠮᠵᠢᠭᠤᠯᠵᠦ᠂ ᠪᠤᠯᠵᠤᠨ ᠶᠠᠷᠢᠯᠴᠠᠬᠤ ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢᠶᠠᠨ ᠴᠢᠩᠭᠠᠷᠠᠭᠤᠯᠤᠨ᠂ ︽ | ᠬᠦᠨᠵᠡᠭᠡᠢ ᠠᠭᠤᠲᠠᠯᠵᠦ ᠲᠦᠢᠯᠪᠦᠷᠢᠲᠠᠢ ᠪᠠᠶᠢᠴᠠᠭᠠᠬᠤ︾᠂ ︽ᠬᠠᠷᠢᠴᠠᠭᠠᠠ ᠤ ᠲᠤᠤᠷ ᠢ ᠡᠪᠲᠡᠬᠦ ᠬᠠᠮᠠᠭᠠᠯᠠᠬᠴᠢ ᠳᠤ | ᠴᠤᠬᠢᠯᠳᠠ ᠦᠭᠬᠦ︾᠂ ︽ᠡᠳ᠋ ᠤᠨ ᠢᠷᠡᠯᠲᠡ ᠶᠢ ᠨᠢ ᠲᠠᠰᠤᠯᠬᠤ︾ ᠰᠦᠷ ᠬᠦᠴᠦᠳᠤ ᠪᠠᠶᠢᠲᠠᠯ ᠢ ᠦᠷᠬᠦᠯᠵᠢᠯᠠᠠ | ᠪᠠᠳᠤᠯᠠᠨ᠎ᠠ᠃ ᠪᠦᠬᠦ ᠤᠷᠤᠨ ᠤ ᠡᠯ᠎ᠠ ᠱᠠᠲᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠠ ᠵᠢᠴᠢ ᠬᠠᠷ᠎ᠠ ᠪᠦᠯᠦᠭᠲᠡᠡ ᠬᠠᠷᠬᠢᠰ ᠬᠦᠴᠤᠨ ᠢ ᠠᠷᠢᠯᠭᠠᠬᠤ ᠠᠯᠪᠠᠠ ᠭᠡᠷ ᠲᠠᠭᠠᠭᠤᠯᠤᠨ ᠶᠡᠷᠦᠩᠭᠡᠢ ᠳᠤ ᠨᠢ | ᠠᠳᠬᠤᠬᠤ᠂ ᠨᠢᠭᠡᠲᠦᠯᠲᠡᠢ ᠲᠦᠯᠦᠪᠵᠢᠭᠦᠯᠵᠦ ᠵᠤᠬᠢᠴᠠᠭᠤᠯᠬᠤ ᠦᠢᠯᠡᠲᠦᠯ ᠢᠶᠠᠨ ᠬᠦᠢᠴᠡᠳ ᠪᠠᠲᠠᠷᠠᠭᠤᠯᠤᠨ᠂ ᠬᠠᠷ᠎ᠠ | ᠪᠦᠯᠦᠭᠲᠡᠡ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠢ ᠨᠡᠩ ᠯᠠᠪᠳᠠᠭᠤᠨ᠂ ᠤᠨᠤᠪᠴᠢᠲᠠᠢ᠂ ᠬᠦᠴᠤᠲᠠᠢ | ᠠᠬᠢᠭᠤᠯᠬᠤ ᠬᠡᠷᠡᠭᠲᠡᠢ ᠭᠡᠵᠡᠢ᠃ |