ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠢᠯᠢ ᠠᠯᠤᠰᠯᠠᠭᠰᠠᠨ ᠠᠷᠠᠯᠵᠢᠶ᠎ᠠ ᠳᠤ ᠳᠦᠬᠦᠮ ᠦᠵᠡᠭᠦᠯᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/6/25
                              ᠥᠪᠥᠷ ᠵᠠᠰᠠᠭ ᠲᠠᠷᠬᠠᠭᠠᠭᠰᠠᠨ ﹇2019﹈ 5 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠢᠯᠢ ᠠᠯᠤᠰᠯᠠᠭᠰᠠᠨ ᠠᠷᠠᠯᠵᠢᠶ᠎ᠠ ᠳᠤ ᠳᠦᠬᠦᠮ ᠦᠵᠡᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2018﹈ 37 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠳᠠᠭᠠᠳᠤ ᠠᠷᠠᠯᠵᠢᠶᠠᠨ ᠤ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃     ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠣᠯᠣᠨ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠠᠷᠭ᠎ᠠ ᠳᠤ ᠰᠢᠨ᠎ᠡ ᠶᠢ ᠡᠭᠦᠳᠴᠦ᠂ ᠪᠣᠭᠤᠮᠲᠠ ᠪᠠᠷ ᠨᠡᠪᠲᠡᠷᠡᠭᠦᠯᠬᠦ ᠴᠣᠪᠣᠷᠠᠯ ᠢ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠥᠪᠡᠷ ᠤᠨ ᠦᠷᠳᠡᠭ ᠢ ᠪᠠᠭᠤᠷᠠᠭᠤᠯᠤᠨ᠂ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠠᠷᠠᠯᠵᠢᠶ᠎ᠠ ᠳᠤ ᠲᠥᠬᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠥᠬᠦ ᠣᠷᠣᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢᠨ ᠴᠢᠨᠠᠷᠯᠢᠭ ᠪᠥᠭᠡᠳ ᠲᠦᠷᠭᠡᠨ ᠢᠶᠠᠷ ᠬᠥᠭᠵᠢᠬᠦ ᠶᠢ ᠤᠯᠠᠮ ᠰᠠᠶᠢᠨ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ      ᠠᠮᠤᠷ ᠲᠦᠪᠰᠢᠨ ᠪᠥᠭᠡᠳ ᠳᠥᠭᠦᠮ ᠳᠥᠲᠡ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠣᠯᠭᠠᠨ᠎ᠠ᠃ ᠮᠡᠳᠡᠭᠡ ᠵᠠᠩᠭᠢᠴᠢᠯᠠᠭᠰᠠᠨ᠂ ᠣᠶᠣᠨᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠵᠤ ᠴᠤᠪᠤᠷᠠᠯ ᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠦᠨ᠎ᠡ᠃      ᠬᠠᠷᠠᠯᠲᠠ ᠪᠠᠷ ᠤᠳᠤᠷᠢᠳᠤᠮᠵᠢ ᠪᠣᠯᠭᠠᠨ᠂ ᠬᠠᠮᠵᠢᠯᠴᠠᠨ ᠠᠵᠢᠯᠯᠠᠵᠤ ᠵᠠᠰᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠳᠣᠬᠢ ᠠᠵᠢᠯ ᠤᠨ ᠲᠣᠭᠲᠠᠴᠠ ᠪᠠ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠪᠲᠡᠷᠡᠯᠴᠡᠨ ᠣᠶᠢᠯᠠᠭᠠᠯᠴᠠᠵᠤ ᠬᠠᠮᠵᠢᠯᠴᠠᠨ ᠠᠵᠢᠯᠯᠠᠬᠤ ᠶᠢ ᠨᠡᠩ ᠴᠢᠬᠤᠯᠠᠴᠢᠯᠠᠨ᠂ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠢ ᠴᠢᠷᠮᠠᠶᠢᠨ ᠪᠠᠭᠠᠰᠬᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃      ︵ᠭᠤᠷᠪᠠ︶ ᠠᠵᠢᠯ ᠤᠨ ᠬᠠᠷᠠᠯᠲᠠ      ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2021 ᠣᠨ ᠤ ᠰᠡᠭᠦᠯᠴᠢ ᠪᠣᠯᠬᠤ ᠳᠤ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ ᠤᠯᠠᠨ ᠤᠯᠤᠰ ᠤᠨ ᠠᠷᠠᠯᠵᠢᠶᠠᠨ ᠤ ᠬᠠᠮᠢᠶᠠᠷᠤᠯᠲᠠ ᠶᠢᠨ ᠪᠦᠬᠦ ᠬᠡᠯᠬᠢᠶᠡᠨ ᠳᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠴᠢᠳᠠᠮᠵᠢ ᠶᠢ ᠬᠠᠮᠤᠷᠤᠭᠤᠯᠤᠨ᠎ᠠ︔ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠢ ᠨᠢ ᠭᠤᠷᠪᠠᠨ ᠤ ᠨᠢᠭᠡ ᠬᠤᠪᠢ ᠪᠠᠭᠠᠰᠬᠠᠨ᠎ᠠ᠂ 2021 ᠣᠨ ᠤ ᠰᠡᠭᠦᠯᠴᠢ ᠪᠣᠯᠬᠤ ᠳᠤ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠢ 2017 ᠣᠨ ᠤ ᠬᠢ ᠠᠴᠠ ᠬᠠᠭᠠᠰ ᠪᠠᠭᠠᠰᠬᠠᠨ᠎ᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ ᠲᠣᠭᠲᠠᠭᠠᠯ ᠳᠤ ᠨᠡᠶᠢᠴᠡᠬᠦ ᠥᠪᠡᠷ ᠤᠨ ᠦᠷᠳᠡᠭ ᠢ ᠪᠠᠭᠤᠷᠠᠭᠤᠯᠤᠨ᠎ᠠ᠂ 2020 ᠣᠨ ᠤ ᠰᠡᠭᠦᠯᠴᠢ ᠪᠣᠯᠬᠤ ᠳᠤ ᠴᠢᠩᠬᠢᠭᠯᠢᠭ ᠢᠶᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ ᠲᠣᠭᠲᠠᠭᠠᠯ ᠳᠤ ᠨᠡᠶᠢᠴᠡᠬᠦ ᠥᠪᠡᠷ ᠤᠨ ᠦᠷᠳᠡᠭ ᠢ 2017 ᠣᠨ ᠤ ᠬᠢ ᠠᠴᠠ ᠬᠠᠭᠠᠰ ᠢᠶᠠᠷ ᠪᠠᠭᠤᠷᠠᠭᠤᠯᠤᠨ᠎ᠠ︔ ᠰᠠᠯᠠᠭ᠎ᠠ ᠮᠥᠴᠢᠷ ᠠᠯᠤᠰᠯᠠᠭᠰᠠᠨ ᠪᠣᠭᠤᠮᠲᠠ ᠥᠩᠭᠡᠷᠡᠬᠦ ᠶᠢᠨ ᠬᠠᠮᠵᠢᠯᠴᠠᠨ ᠠᠵᠢᠯᠯᠠᠬᠤ ᠲᠣᠭᠲᠠᠴᠠ ᠪᠠᠶᠢᠭᠤᠯᠬᠤ ᠶᠢ ᠳᠥᠯᠭᠢᠨ ᠠᠬᠢᠭᠤᠯᠵᠤ᠂ 2019 ᠣᠨ ᠤ ᠰᠡᠭᠦᠯᠴᠢ ᠪᠣᠯᠬᠤ ᠠᠴᠠ ᠡᠮᠦᠨ᠎ᠡ ᠪᠥᠬᠦ ᠣᠷᠣᠨ ᠤ ᠬᠢᠯᠢ ᠶᠢᠨ ᠪᠣᠭᠤᠮᠲᠠ ᠪᠦᠬᠦᠨ ᠢ ᠬᠠᠮᠤᠷᠤᠭᠤᠯᠬᠤ ᠪᠠᠷ ᠴᠢᠷᠮᠠᠶᠢᠨ᠎ᠠ︔ ᠴᠠᠭᠴᠢ ᠴᠢᠨᠠᠷᠲᠠᠢ ᠲᠠᠸᠠᠷ ᠤᠨ ᠪᠣᠭᠤᠮᠲᠠ ᠥᠩᠭᠡᠷᠡᠬᠦ ᠬᠤᠷᠳᠤᠴᠠ ᠶᠢ ᠲᠦᠷᠭᠡᠳᠬᠡᠵᠦ᠂ ᠬᠥᠷᠰᠢ ᠵᠡᠷᠭᠡᠯᠡᠳᠡᠭᠡ ᠤᠯᠤᠰ ᠯᠤᠭ᠎ᠠ ᠵᠣᠬᠢᠴᠠᠯᠳᠤᠭᠰᠠᠨ ᠬᠢᠯᠢ ᠶᠢᠨ ᠪᠣᠭᠤᠮᠲᠠ ᠶᠢᠨ ᠵᠣᠬᠢᠴᠠᠭᠤᠯᠬᠤ ᠠᠵᠢᠯ ᠢ ᠴᠢᠩᠭᠠᠳᠬᠠᠨ᠂ ᠤᠯᠠᠮ ᠨᠡᠭᠡᠭᠡᠯᠳᠡ ᠲᠠᠢ ᠪᠥᠭᠡᠳ ᠤᠯᠠᠮ ᠳᠥᠭᠦᠮ ᠳᠥᠲᠡ ᠪᠦᠬᠦᠢ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃     ᠬᠤᠶᠠᠷ᠂ ᠭᠤᠣᠯ ᠡᠭᠦᠷᠭᠡ      ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠣᠪᠣᠷᠠᠯ ᠳᠤ ᠦᠭᠡᠷᠡᠴᠢᠯᠡᠯᠲᠡ ᠬᠢᠵᠦ᠂ ᠳᠠᠩ ᠭᠠᠭᠴᠠ ᠦᠨᠡᠮᠯᠡᠯ ᠭᠤᠶᠤᠴᠢᠯᠠᠬᠤ ᠭᠠᠷᠳᠠᠮ ᠢ ᠲᠦᠬᠦᠮᠴᠢᠯᠡᠨ᠎ᠡ      1. ᠤᠯᠤᠰ ᠤᠨ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠢ ᠦᠭᠡᠶᠢᠰᠬᠡᠵᠦ᠂ ᠬᠢᠯᠢ ᠶᠢᠨ ᠪᠣᠭᠤᠮᠲᠠ ᠶᠢᠨ ᠰᠢᠯᠭᠠᠨ ᠪᠠᠶᠢᠴᠠᠭᠠᠬᠤ ᠳᠤ ᠪᠠᠭᠲᠠᠭᠠᠬᠤ ᠦᠭᠡᠢ ᠪᠠᠶᠢᠵᠤ ᠪᠣᠯᠬᠤ ᠶᠢ ᠨᠢ ᠪᠦᠬᠦᠨ ᠢ ᠪᠤᠴᠠᠭᠠᠨ ᠭᠠᠷᠭᠠᠬᠤ ᠪᠠᠷ ᠦᠨᠡᠨ ᠬᠦ ᠪᠠᠲᠤᠯᠠᠨ᠎ᠠ᠃ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠪᠦᠬᠦ ᠰᠦᠯᠵᠢᠶ᠎ᠡ ᠨᠦᠭᠦᠳ ᠤᠨ ᠬᠤᠯᠪᠣᠭᠠᠯᠠᠬᠤ ᠶᠢ ᠪᠡᠶᠡᠯᠡᠭᠦᠯᠬᠦ ᠪᠠ ᠪᠣᠭᠤᠮᠲᠠ ᠪᠠᠷ ᠥᠩᠭᠡᠷᠡᠬᠦ ᠭᠤᠭᠴᠣᠭᠠᠨ ᠳᠤ ᠬᠠᠷᠢᠴᠠᠭᠤᠯᠵᠤ ᠪᠠᠶᠢᠭᠠᠳ ᠬᠠᠷᠭᠤᠭᠤᠯᠤᠨ ᠪᠠᠶᠢᠴᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2. ᠤᠯᠤᠰ ᠤᠨ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ 2020 ᠣᠨ ᠤ ᠰᠡᠭᠦᠯᠴᠢ ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠢ ᠴᠥᠮ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠪᠠᠷ ᠨᠡᠪᠲᠡᠷᠡᠬᠦ ᠴᠣᠪᠣᠷᠠᠯ ᠪᠣᠯᠣᠨ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠦᠨ᠎ᠡ      3. ᠪᠣᠭᠤᠮᠲᠠ ᠬᠢᠭᠡᠳ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠦᠬᠦ ᠲᠠᠯ᠎ᠠ ᠪᠠᠷ ᠠᠭᠤᠰᠤᠯᠴᠠᠬᠤ ᠶᠢ ᠲᠥᠯᠬᠢᠨ ᠠᠬᠢᠭᠤᠯᠵᠤ᠂ ︽ᠲᠠᠪᠤᠨ ᠨᠢᠭᠡᠳᠦᠯᠲᠡᠢ︾᠄ ᠭᠤᠶᠤᠴᠢᠯᠠᠨ ᠮᠡᠳᠡᠭᠦᠯᠬᠦ ᠨᠢᠭᠡᠳᠦᠯᠲᠡᠢ ᠳᠠᠩ ᠭᠠᠭᠴᠠ ᠦᠨᠡᠮᠯᠡᠯ᠂ ᠠᠵᠢᠯᠯᠠᠭᠠᠨ ᠤ ᠨᠢᠭᠡᠳᠦᠯᠲᠡᠶ ᠰᠢᠰᠲ᠋ᠧᠮ᠂ ᠲᠦᠭᠰᠢᠭᠦᠷᠢ ᠶᠢ ᠨᠢᠭᠡᠳᠦᠯᠲᠡᠶ ᠰᠤᠳᠤᠯᠤᠨ ᠮᠠᠭᠠᠳᠯᠠᠬᠤ᠂ ᠵᠠᠷᠯᠢᠭ ᠢ ᠨᠢᠭᠡᠳᠦᠯᠲᠡᠶ ᠪᠠᠭᠤᠯᠭᠠᠵᠤ᠂ ᠲᠤᠬᠠᠶ ᠶᠢᠨ ᠭᠠᠵᠠᠷ ᠲᠤ ᠨᠢ ᠨᠢᠭᠡᠳᠦᠯᠲᠡᠶ ᠬᠠᠤᠯᠢ ᠭᠦᠢᠴᠡᠳᠬᠡᠬᠦ ᠶᠢ ᠪᠡᠶᠡᠯᠡᠭᠦᠯᠦᠨ᠎ᠡ᠃ ᠪᠣᠭᠤᠮᠲᠠ ᠵᠡᠷᠭᠡ ᠰᠠᠯᠠᠭ᠎ᠠ ᠮᠥᠴᠢᠷ ᠨᠢ ᠪᠠᠶᠢᠴᠠᠭᠠᠬᠤ ᠵᠠᠩᠭᠢᠯᠠᠭ᠎ᠠ ᠶᠢᠨ ᠭᠤᠭᠴᠣᠭᠠᠨ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠵᠣᠬᠢᠰᠲᠠᠢ ᠴᠠᠭ ᠬᠤᠭᠤᠴᠠᠭᠠᠨ ᠳᠤ ᠠᠳᠠᠯᠢ ᠨᠢᠭᠡ ᠡᠲᠡᠭᠡᠳ ᠢ ᠰᠠᠯᠠᠭ᠎ᠠ ᠮᠥᠴᠢᠷ ᠠᠯᠤᠰᠯᠠᠨ ᠨᠢᠭᠡ ᠯᠡ ᠤᠳᠠᠭ᠎ᠠ ᠳᠡᠭᠡᠷ᠎ᠡ ᠬᠤᠯᠪᠣᠭᠠᠯᠠᠨ ᠪᠠᠶᠢᠴᠠᠭᠠᠨ᠎ᠠ᠂ ᠲᠤᠷᠰᠢᠯᠲᠠ ᠶᠢᠨ ᠴᠡᠭ ᠨᠢ ᠠᠮᠵᠢᠯᠲᠠ ᠲᠠᠢ ᠪᠣᠯᠣᠭᠰᠠᠨ ᠤ ᠳᠠᠷᠠᠭ᠎ᠠ ᠪᠥᠬᠦ ᠣᠷᠣᠨ ᠳᠤ ᠢᠳᠡᠪᠬᠢᠲᠡᠶ ᠪᠠᠷ ᠳᠡᠯᠭᠡᠷᠡᠭᠦᠯᠦᠨ᠎ᠡ᠃ ᠪᠣᠭᠤᠮᠲᠠ ᠶᠢᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠰᠢᠭᠤᠳ ᠬᠡᠷᠡᠭᠯᠡᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠬᠦᠯᠢᠶᠡᠠ ᠠᠪᠤᠭᠴᠢ ᠪᠣᠯᠣᠨ ᠢᠯᠡᠭᠡᠭᠴᠢ ᠶᠢ ᠳᠠᠩᠰᠠᠯᠠᠨ ᠲᠡᠮᠳᠡᠭᠯᠡᠵᠦ ᠪᠣᠯᠣᠨ᠎ᠠ᠃ ᠪᠣᠭᠤᠮᠲᠠ ᠪᠣᠯᠣᠨ ᠲᠡᠮᠦᠷ ᠵᠠᠮ ᠤᠨ ᠬᠢᠨ ᠤ ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠶᠢ ᠠᠬᠢᠭᠤᠯᠵᠤ᠂ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠠᠵᠢᠯ ᠳᠤ ᠴᠠᠭᠠᠰᠤ ᠬᠡᠷᠡᠭᠯᠡᠬᠦ ᠥᠭᠡᠢ ᠪᠣᠯᠭᠠᠬᠤ ᠶᠢ ᠢᠳᠡᠪᠬᠢᠲᠡᠶ ᠠᠬᠢᠭᠤᠯᠤᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠠᠷᠠᠳ ᠤᠨ ᠠᠭᠠᠷ ᠠᠶᠠᠯᠠᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ ᠲᠣᠪᠴᠢᠶ᠎ᠠ ᠶᠢᠨ ᠮᠠᠨᠵᠤᠤᠷ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠬᠠᠮᠵᠢᠯᠴᠠᠨ᠎ᠠ︶      4. ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠡᠩ ᠤᠨ ᠬᠢᠨᠠᠨ ᠬᠠᠮᠢᠶᠠᠷᠴᠤ ᠪᠠᠶᠢᠭᠰᠠᠨ ᠠᠴᠠ ᠨᠢ ᠬᠡᠪ ᠤᠨ ᠪᠠᠶᠢᠳᠠᠯ ᠢᠶᠠᠷ ᠪᠠᠶᠢᠴᠠᠭᠠᠬᠤ᠂ ᠭᠠᠶᠢᠯᠢ ᠪᠠᠲᠤᠯᠠᠬᠤ ᠶᠢᠨ ᠬᠢᠨᠠᠨ ᠪᠠᠶᠢᠴᠠᠭᠠᠬᠤ ᠪᠠ ᠭᠠᠶᠢᠯᠢ ᠪᠠᠲᠤᠯᠠᠬᠤ ᠪᠠᠷᠠᠭ᠎ᠠ ᠶᠢ ᠬᠢᠨᠠᠨ ᠬᠠᠮᠢᠶᠠᠷᠬᠤ ᠵᠡᠷᠭᠡ ᠪᠥᠬᠦ ᠬᠠᠤᠯᠢ ᠬᠡᠷᠡᠭᠵᠢᠭᠦᠯᠬᠦ ᠬᠦᠷᠢᠶᠡᠨ ᠳᠤ ᠬᠦᠷᠲᠡᠯ᠎ᠡ ᠥᠷᠭᠡᠳᠬᠡᠨ᠎ᠡ᠃ ᠪᠥᠬᠦ ᠬᠡᠯᠬᠢᠶᠡᠰᠦᠨ ᠳᠠᠬᠢ ᠬᠢᠨᠠᠨ ᠬᠠᠮᠢᠶᠠᠷᠬᠤ ᠶᠢᠨ ︽ᠰᠣᠩᠭᠤᠬᠤ᠂ ᠪᠠᠶᠢᠴᠠᠭᠠᠬᠤ᠂ ᠰᠢᠢᠳᠪᠦᠷᠢᠯᠡᠬᠦ︾᠎ ᠶᠢ ᠨᠢ ᠰᠠᠯᠭᠠᠬᠤ ᠶᠢ ᠠᠬᠢᠭᠤᠯᠤᠨ᠂ ᠡᠯᠧᠺᠲᠷᠦᠨᠴᠢᠯᠡᠭᠰᠡᠨ ᠠᠷᠭ᠎ᠠ ᠪᠠᠷᠢᠯ ᠢ ᠳᠡᠯᠭᠡᠷᠡᠭᠦᠯᠦᠨ ᠬᠡᠷᠡᠭᠯᠡᠵᠦ᠂ ︽ᠬᠤᠶᠠᠷ ᠢ ᠰᠤᠭᠤᠴᠢᠬᠤ︾ ᠪᠠᠶᠢᠴᠠᠭᠠᠯᠲᠠ ᠳᠤ ᠪᠦᠬᠦ ᠶᠠᠪᠤᠴᠠ ᠪᠠᠷ ᠨᠢ ᠪᠢᠴᠢᠵᠦ ᠲᠡᠮᠳᠡᠭᠯᠡᠨ᠂ ᠬᠠᠷᠢᠭᠤᠴᠠᠯᠭ᠎ᠠ ᠶᠢ ᠮᠥᠷᠳᠡᠨ ᠤᠬᠤᠴᠢᠯᠠᠵᠤ ᠪᠣᠯᠬᠤ ᠶᠢ ᠪᠡᠶᠡᠯᠡᠭᠦᠯᠵᠦ᠂ ︽ᠬᠤᠶᠠᠷ ᠢ ᠰᠤᠭᠤᠴᠢᠬᠤ︾᠎ ᠶᠢᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠬᠠᠮᠵᠢᠯᠴᠠᠨ᠎ᠠ︶      5. ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ︽ᠤᠷᠢᠳᠴᠢᠯᠠᠨ ᠭᠤᠶᠤᠴᠢᠯᠠᠵᠤ ᠮᠡᠳᠡᠭᠦᠯᠬᠦ︾ ᠬᠠᠷᠢᠴᠠᠯ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ︽ᠤᠷᠢᠳᠴᠢᠯᠠᠨ ᠭᠤᠶᠤᠴᠢᠯᠠᠵᠤ ᠮᠡᠳᠡᠭᠦᠯᠬᠦ︾᠎ ᠪᠠᠷ ᠠᠵᠢᠯᠯᠠᠬᠤ ᠶᠢ ᠵᠣᠷᠢᠬᠵᠢᠭᠤᠯᠤᠨ᠂ ᠳᠠᠩ ᠭᠠᠭᠴᠠ ᠦᠨᠡᠮᠯᠡᠯ ᠢᠶᠠᠷ ᠬᠢᠨᠠᠨ ᠬᠠᠷᠭᠤᠭᠤᠯᠬᠤ ᠪᠠ ᠪᠠᠷᠠᠭ᠎ᠠ ᠲᠡᠭᠡᠭᠡᠪᠦᠷᠢᠯᠡᠬᠦ ᠠᠵᠢᠯ ᠢᠶᠠᠨ ᠤᠷᠢᠳᠴᠢᠯᠠᠨ ᠭᠦᠢᠴᠡᠳᠬᠡᠵᠦ᠂ ᠬᠢᠵᠠᠭᠠᠷᠯᠠᠨ ᠡᠵᠡᠮᠳᠡᠵᠦ ᠪᠠᠶᠢᠴᠠᠭᠠᠨ ᠰᠢᠯᠭᠠᠬᠤ ᠪᠠᠷᠠᠭ᠎ᠠ ᠪᠢᠰᠢ ᠪᠣᠯ ᠬᠢᠯᠢ ᠶᠢᠨ ᠪᠣᠭᠤᠮᠲᠠ ᠳᠤ ᠢᠷᠡᠮᠡᠭᠴᠡ ᠪᠠᠷᠠᠭ᠎ᠠ ᠶᠢ ᠨᠢ ᠬᠢᠯᠢ ᠶᠢᠨ ᠪᠣᠭᠤᠮᠲᠠ ᠪᠠᠷ ᠨᠡᠪᠲᠡᠷᠡᠭᠦᠯᠦᠨ ᠥᠩᠭᠡᠷᠡᠭᠦᠯᠵᠦ ᠪᠣᠯᠣᠨ᠎ᠠ᠃ ᠪᠠᠶᠢᠴᠠᠭᠠᠬᠤ ᠥᠷᠲᠡᠭᠡ ᠪᠠᠷ ᠬᠠᠷᠭᠤᠭᠤᠯᠤᠨ ᠨᠡᠪᠲᠡᠷᠡᠭᠦᠯᠬᠦ ᠠᠵᠢᠯ ᠤᠨ ᠨᠢᠭᠡᠳᠦᠯᠲᠡᠶ ᠵᠠᠭᠪᠤᠷ ᠢ ᠪᠠᠶᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠨᠥᠬᠦᠴᠡᠯ ᠪᠦᠷᠢᠳᠦᠭᠰᠡᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠳᠤ ᠡᠬᠢᠯᠡᠭᠦᠯᠦᠨ ᠠᠵᠢᠯᠯᠠᠭᠰᠠᠨ ︽ᠤᠷᠢᠳᠴᠢᠯᠠᠨ ᠭᠤᠶᠤᠴᠢᠯᠠᠵᠤ ᠮᠡᠳᠡᠭᠦᠯᠦᠨ᠂ ᠪᠠᠶᠢᠴᠠᠭᠠᠬᠤ ᠥᠷᠲᠡᠭᠡ ᠪᠠᠷ ᠪᠠᠶᠢᠴᠠᠭᠠᠵᠤ ᠰᠢᠯᠭᠠᠨ ᠨᠡᠪᠲᠡᠷᠡᠭᠦᠯᠬᠦ︾ ᠬᠢᠨᠠᠨ ᠬᠠᠮᠢᠶᠠᠷᠬᠤ ᠠᠵᠢᠯ ᠤᠨ ᠵᠠᠭᠪᠤᠷ ᠤᠨ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠪᠦᠬᠦ ᠤᠯᠤᠰ ᠤᠨ ᠪᠣᠭᠤᠮᠲᠠ ᠪᠠᠷ ᠥᠩᠭᠡᠷᠡᠬᠦ ᠶᠢ ᠨᠢᠭᠡ ᠴᠤᠭᠴᠠᠵᠢᠭᠤᠯᠬᠤ ᠶᠢᠨ ︽ᠨᠢᠭᠡ ᠤᠳᠠᠭ᠎ᠠ ᠭᠤᠶᠤᠴᠢᠯᠠᠨ ᠮᠡᠳᠡᠭᠦᠯᠵᠦ᠂ ᠠᠯᠬᠤᠮ ᠬᠤᠪᠢᠶᠠᠨ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠢᠶᠠᠷ ᠵᠥᠪᠰᠢᠶᠡᠷᠡᠨ ᠣᠷᠣᠭᠤᠯᠬᠤ ᠪᠠ ᠭᠠᠶᠢᠯᠢ ᠲᠠᠲᠠᠪᠤᠷᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠤᠷᠢᠳᠴᠢᠯᠠᠵᠤ ᠭᠦᠢᠴᠡᠳᠬᠡᠪᠡᠰᠦ ᠵᠣᠬᠢᠬᠤ ᠶᠢ ᠤᠷᠢᠳ ᠢᠶᠠᠷ ᠬᠢᠵᠦ ᠳᠠᠷᠠᠭ᠎ᠠ ᠪᠠᠷ ᠬᠢᠪᠡᠰᠦ ᠵᠣᠬᠢᠬᠤ ᠶᠢ ᠨᠢ ᠳᠠᠷᠠᠭᠠᠯᠠᠨ ᠭᠦᠢᠴᠡᠳᠬᠡᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠦᠷᠦᠭᠦᠯᠡᠵᠦ᠂ ᠥᠪᠥᠷ ᠮᠣᠩᠭᠤᠯ ᠤᠨ ᠠᠷᠠᠳ ᠤᠨ ᠠᠭᠠᠷ ᠠᠶᠠᠯᠠᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ ᠲᠣᠪᠴᠢᠶ᠎ᠠ ᠶᠢᠨ ᠮᠠᠨᠵᠤᠤᠷ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠬᠠᠮᠵᠢᠯᠴᠠᠨ᠎ᠠ︶      6. ᠠᠵᠤ ᠠᠬᠤᠶᠢᠯᠠᠯ ᠤᠨ ᠢᠲᠡᠭᠡᠮᠵᠢ ᠰᠠᠶᠢᠲᠠᠢ ᠳᠤ ᠳᠠᠭᠠᠭᠠᠯᠲᠠ ᠬᠢᠬᠦ᠂ ᠠᠵᠤ ᠠᠬᠤᠶᠢᠯᠠᠯ ᠤᠨ ᠪᠦᠯᠦᠭᠯᠡᠯ ᠤᠨ ᠡᠳ᠋ ᠤᠨ ᠶᠠᠪᠤᠳᠠᠯ ᠤᠨ ᠺᠣᠮᠫᠠᠨᠢ ᠳᠠᠭᠠᠭᠠᠯᠲᠠ ᠬᠢᠬᠦ ᠵᠡᠷᠭᠡ ᠣᠯᠠᠨ ᠡᠰᠢᠵᠢᠭᠰᠡᠨ ᠭᠠᠶᠢᠯᠢ ᠲᠠᠲᠠᠪᠤᠷᠢ ᠶᠢᠨ ᠳᠠᠭᠠᠭᠠᠯᠲᠠ ᠬᠢᠬᠦ ᠶᠢ ᠥᠭᠡᠷᠡᠴᠢᠯᠡᠵᠦ ᠰᠢᠨ᠎ᠡ ᠡᠭᠦᠳᠦᠯᠲᠡ ᠲᠠᠢ ᠪᠠᠶᠢᠬᠤ ᠶᠢ ᠨᠢ ᠠᠬᠢᠭᠤᠯᠤᠨ᠂ ᠪᠠᠯᠠ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠳᠠᠭᠠᠭᠠᠯᠲᠠ ᠬᠢᠬᠦ ᠡᠷᠴᠢᠮ ᠢ ᠴᠢᠩᠭᠠᠷᠠᠭᠤᠯᠵᠤ᠂ ᠲᠠᠲᠠᠪᠤᠷᠢᠯᠠᠭᠰᠠᠨ ᠭᠠᠶᠢᠯᠢ ᠶᠢᠨ ᠬᠤᠷᠢᠶᠠᠩᠭᠤᠶᠢᠯᠠᠬᠤ ᠠᠵᠢᠯ ᠢ ᠢᠳᠡᠪᠬᠢᠲᠡᠶ ᠠᠬᠢᠭᠤᠯᠤᠨ᠂ ᠭᠠᠶᠢᠯᠢ ᠲᠤᠰᠢᠶᠠᠪᠠᠰᠤ ᠵᠣᠬᠢᠬᠤ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠪᠣᠭᠤᠮᠲᠠ ᠬᠥᠮᠥᠷᠭᠡ ᠪᠠᠩᠬᠢ ᠶᠢᠨ ᠬᠥᠨᠳᠡᠯᠡᠨ ᠢᠶᠠᠷ ᠰᠦᠯᠵᠢᠶ᠎ᠡ ᠪᠠᠨ ᠬᠤᠯᠪᠣᠬᠤ ᠶᠢ ᠢᠳᠡᠪᠬᠢᠲᠡᠢ ᠠᠬᠢᠭᠤᠯᠵᠤ᠂ ᠭᠠᠶᠢᠯᠢ ᠶᠢᠨ ᠬᠠᠭᠤᠳᠠᠰᠤ ᠳᠤ ᠴᠠᠭᠠᠰᠤ ᠬᠡᠷᠡᠭᠯᠡᠬᠦ ᠥᠬᠡᠶ ᠪᠣᠯᠭᠠᠬᠤ ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠤᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      7. ᠳᠤᠮᠳᠠᠳᠤ ᠮᠣᠩᠭᠤᠯ ᠤᠨ ᠪᠣᠭᠤᠮᠲᠠ ᠶᠢᠨ ᠬᠠᠮᠲᠤᠷᠠᠭᠰᠠᠨ ᠬᠢᠨᠠᠵᠤ ᠬᠠᠮᠢᠶᠠᠷᠬᠤ ᠠᠵᠢᠯ ᠢ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠨ ᠪᠣᠭᠤᠮᠲᠠ ᠶᠢᠨ ᠪᠠᠷᠠᠭ᠎ᠠ ᠲᠡᠭᠡᠭᠡᠰᠢ ᠶᠢᠨ ᠨᠠᠷᠢᠨ ᠬᠠᠭᠤᠳᠠᠰᠤᠨ ᠤ ᠡᠯᠧᠺᠲᠷᠣᠨ ᠲᠤᠭ᠎ᠠ ᠪᠠᠷᠢᠮᠲᠠ ᠪᠠᠨ ᠳᠠᠮᠵᠢᠭᠤᠯᠬᠤ ᠶᠢ ᠪᠡᠶᠡᠯᠡᠭᠦᠯᠦᠨ᠂ ᠳᠤᠮᠳᠠᠳᠤ ᠮᠣᠩᠭᠤᠯ ᠤᠨ ᠪᠣᠭᠤᠮᠲᠠ ᠳᠠᠬᠢ ︽ᠪᠠᠶᠢᠴᠠᠭᠠᠵᠤ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ︾ ᠠᠵᠢᠯ ᠢ ᠲᠤᠷᠰᠢᠨ ᠥᠷᠨᠢᠭᠦᠯᠵᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠯᠵᠢᠶᠠᠨ ᠤ ᠪᠦᠷᠢᠳᠬᠡᠭᠰᠡᠨ ᠲᠤᠭ᠎ᠠ ᠪᠠᠷᠢᠮᠲᠠ ᠪᠠᠨ ᠰᠣᠯᠢᠯᠴᠠᠬᠤ ᠲᠤᠷᠰᠢᠯᠲᠠ ᠶᠢᠨ ᠴᠡᠭ ᠢ ᠲᠣᠭᠲᠠᠭᠤᠨ ᠢᠶᠠᠷ ᠥᠷᠭᠡᠳᠬᠡᠨ᠂ ᠳᠤᠮᠳᠠᠳᠤ ᠮᠣᠩᠭᠤᠯ ᠤᠨ ᠪᠣᠭᠤᠮᠲᠠ ᠶᠢᠨ ︽ᠨᠢᠭᠡ ᠯᠠ ᠴᠣᠩᠬᠤᠪᠴᠢ ᠪᠠᠷ ᠭᠦᠢᠴᠡᠳᠬᠡᠬᠦ︾ ᠥᠭᠡᠷᠡᠴᠢᠯᠡᠯᠲᠡ ᠶᠢ ᠪᠡᠶᠡᠯᠡᠭᠦᠯᠬᠦ ᠳᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠨ᠎ᠡ᠃ ᠳᠤᠮᠳᠠᠳᠤ ᠣᠷᠣᠰ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠲᠠᠸᠠᠷ ᠤᠨ ᠬᠡᠪᠴᠢᠶ᠎ᠡ ᠶᠢ ᠢᠳᠡᠪᠬᠢᠲᠡᠶ ᠥᠷᠭᠡᠳᠬᠡᠵᠦ᠂ ᠲᠤᠭ᠎ᠠ ᠪᠠᠷᠢᠮᠲᠠ ᠰᠣᠯᠢᠯᠴᠠᠬᠤ ᠠᠵᠢᠯ ᠥᠷᠨᠢᠭᠦᠯᠬᠦ ᠶᠢ ᠠᠬᠢᠭᠤᠯᠤᠨ᠎ᠠ᠃ ᠭᠠᠳᠠᠭᠠᠳᠤ ᠠᠴᠠ ᠣᠷᠣᠭᠤᠯᠬᠤ ᠠᠭᠤᠷᠬᠠᠶ ᠶᠢᠨ ᠭᠠᠷᠤᠯᠲᠠ ᠵᠡᠷᠭᠡ ᠭᠦᠢᠯᠭᠡᠭᠡᠨ ᠢᠶᠠᠷ ᠶᠡᠭᠡ ᠪᠠᠶᠢᠬᠤ ᠡᠬᠢ ᠪᠠᠶᠠᠯᠢᠭ ᠤᠨ ᠴᠢᠨᠠᠷᠲᠠᠶ ᠲᠠᠸᠠᠷ ᠲᠤ ︽ᠤᠷᠢᠳ ᠢᠶᠠᠷ ᠪᠠᠶᠢᠴᠠᠭᠠᠵᠤ ᠰᠢᠯᠭᠠᠨ ᠪᠣᠭᠤᠮᠲᠠ ᠪᠠᠷ ᠥᠩᠭᠡᠷᠡᠭᠦᠯᠦᠭᠡᠳ ᠪᠠᠶᠢᠴᠠᠭᠠᠨ ᠰᠢᠨᠵᠢᠳᠡᠭ︾ ᠪᠠᠶᠢᠴᠠᠭᠠᠨ ᠰᠢᠯᠭᠠᠵᠤ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠭᠠᠵᠠᠷ ᠣᠷᠣᠨ ᠤ ᠪᠣᠳᠠᠲᠠᠢ ᠲᠠᠢ ᠨᠡᠶᠢᠴᠡᠬᠦ ᠪᠠᠶᠢᠴᠠᠭᠠᠨ ᠰᠢᠯᠭᠠᠵᠤ ᠬᠢᠵᠢᠭ ᠪᠠᠶᠢᠴᠠᠭᠠᠬᠤ ᠠᠷᠭ᠎ᠠ ᠳᠤ ᠰᠢᠨ᠎ᠡ ᠶᠢ ᠡᠭᠦᠳᠴᠦ᠂ ᠪᠠᠶᠢᠴᠠᠭᠠᠨ ᠰᠢᠯᠭᠠᠵᠤ ᠬᠢᠵᠢᠭ ᠪᠠᠶᠢᠴᠠᠭᠠᠬᠤ ᠦᠶᠡᠯᠡᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      8. ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠲᠣᠭᠲᠠᠴᠠ ᠶᠢ ᠣᠷᠣᠭᠤᠯᠵᠤ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠰᠢᠯᠭᠠᠨ ᠰᠢᠨᠵᠢᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠨᠡᠶᠢᠭᠡᠮ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠤ ᠭᠤᠷᠪᠠᠳᠠᠬᠢ ᠡᠲᠡᠭᠡᠳ ᠤᠨ ᠬᠢᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠭᠰᠡᠨ ᠦᠷ᠎ᠡ ᠳ᠋ᠦᠩ ᠢᠶᠠᠷ ᠮᠡᠳᠡᠭᠡ ᠵᠠᠩᠭᠢ ᠴᠤᠭᠯᠠᠭᠤᠯᠬᠤ ᠲᠦᠷᠢᠮ ᠢ ᠳᠡᠯᠭᠡᠷᠡᠭᠦᠯᠦᠨ᠂ ᠨᠡᠶᠢᠭᠡᠮ ᠤᠨ ᠬᠢᠨ ᠤ ᠪᠠᠶᠢᠴᠠᠭᠠᠨ ᠬᠡᠮᠵᠢᠵᠦ ᠰᠢᠨᠵᠢᠬᠦ ᠬᠦᠴᠦᠨ ᠢ ᠨᠡᠩ ᠰᠠᠶᠢᠨ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠬᠠᠮᠵᠢᠯᠴᠠᠨ᠎ᠠ︶      ︵ᠭᠤᠷᠪᠠ︶ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠪᠠᠨ ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ      9. ︽ᠨᠢᠭᠡ ᠯᠠ ᠴᠣᠩᠬᠤᠪᠴᠢ ᠪᠠᠷ ᠭᠦᠢᠴᠡᠳᠬᠡᠬᠦ︾ ᠵᠡᠷᠭᠡ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠂ ᠬᠢᠯᠢ ᠶᠢᠨ ᠪᠣᠭᠤᠮᠲᠠ ᠶᠢᠨ ᠠᠵᠢᠯ ᠤᠨ ᠲᠠᠯᠠᠪᠤᠷ ᠦᠷᠳᠡᠭᠡ ᠳᠤ ᠪᠠᠶᠢᠴᠠᠭᠠᠨ ᠰᠢᠯᠭᠠᠬᠤ ᠮᠡᠳᠡᠭᠳᠡᠯ ᠢ ᠬᠦᠷᠭᠡᠵᠦ᠂ ᠪᠣᠭᠤᠮᠲᠠ ᠪᠠᠷ ᠥᠩᠭᠡᠷᠡᠬᠦ ᠪᠣᠳᠠᠲᠤ ᠦᠷ᠎ᠡ ᠪᠦᠲᠦᠮᠵᠢ ᠶᠢᠨ ᠲᠥᠰᠥᠭᠡᠯᠡᠵᠦ ᠪᠣᠯᠬᠤᠶᠢᠴᠠ ᠴᠢᠨᠠᠷ ᠢ ᠴᠢᠩᠭᠠᠳᠬᠠᠨ᠎ᠠ᠃ ᠬᠢᠯᠢ ᠪᠠᠷ ᠨᠡᠪᠲᠡᠷᠡᠬᠦ ᠲᠡᠭᠡᠭᠡᠪᠦᠷᠢ ᠶᠢᠨ ᠪᠠᠭᠠᠵᠢ ᠨᠢ ᠬᠢᠯᠢ ᠶᠢᠨ ᠪᠣᠭᠤᠮᠲᠠ ᠳᠤ ᠬᠦᠷᠬᠦ ᠠᠴᠠ ᠡᠮᠦᠨ᠎ᠡ᠂ ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠡᠯᠧᠺᠲᠷᠣᠨ ᠲᠤᠭ᠎ᠠ ᠪᠠᠷᠢᠮᠲᠠ ᠶᠢ ᠨᠢ ᠰᠦᠯᠵᠢᠶ᠎ᠡ ᠪᠠᠷ ᠬᠢᠨᠠᠨ ᠬᠠᠷᠭᠤᠭᠤᠯᠬᠤ ᠶᠢᠨ ᠬᠠᠮᠲᠤ ᠲᠡᠷᠭᠡᠨ ᠤ ᠥᠷᠲᠡᠭᠡ ᠵᠢᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠣᠷᠣᠯᠠᠨ ᠭᠦᠢᠴᠡᠳᠬᠡᠭᠴᠢ ᠳᠤ ᠳᠠᠷᠦ᠋ᠢᠬᠠᠨ ᠬᠠᠷᠢᠭᠤ ᠥᠭᠭᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ ᠲᠣᠪᠴᠢᠶ᠎ᠠ ᠶᠢᠨ ᠮᠠᠨᠵᠤᠤᠷ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      10. ᠣᠷᠣᠰ᠂ ᠮᠣᠩᠭᠤᠯ ᠤᠯᠤᠰ ᠯᠤᠭ᠎ᠠ ᠶᠢᠨ ᠬᠠᠮᠲᠤ ᠪᠠᠷ ᠬᠢᠨᠠᠨ ᠬᠠᠮᠢᠶᠠᠷᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠬᠤ ᠪᠠ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠨᠢᠭᠲᠠ ᠣᠶᠢᠯᠠᠭᠠᠯᠴᠠᠨ ᠨᠡᠪᠲᠡᠷᠡᠯᠴᠡᠵᠦ ᠬᠠᠷᠢᠯᠴᠠᠬᠤ ᠳᠦᠷᠢᠮ ᠪᠣᠯᠣᠨ ᠰᠢᠭᠤᠳ ᠰᠢᠯᠤᠭᠤᠨ ᠢᠶᠠᠷ ᠬᠠᠮᠲᠤᠷᠠᠨ ᠬᠦᠳᠡᠯᠦᠯᠴᠡᠭᠰᠡᠨ ᠪᠣᠭᠤᠮᠲᠠ ᠪᠠᠷ ᠥᠩᠭᠡᠷᠡᠬᠦ ᠵᠠᠭᠪᠤᠷ ᠪᠠᠶᠢᠭᠤᠯᠬᠤ ᠶᠠᠪᠤᠳᠠᠯ ᠢ ᠢᠳᠡᠪᠬᠢᠲᠡᠶ ᠠᠬᠢᠭᠤᠯᠤᠨ᠂ ᠬᠤᠶᠠᠷ ᠲᠠᠯ᠎ᠠ ᠶᠢᠨ ᠠᠵᠢᠯ ᠤᠨ ᠨᠡᠶᠢᠯᠡᠮᠡᠯ ᠬᠦᠴᠦᠨ ᠢ ᠴᠢᠷᠮᠠᠶᠢᠨ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      11. ᠳᠤᠮᠳᠠᠳᠤ ᠪᠣᠯᠣᠨ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠠᠵᠢᠯᠯᠠᠭᠠᠨ ᠪᠠ ᠬᠥᠭᠵᠢᠯᠲᠡ ᠶᠢ ᠳᠡᠮᠵᠢᠵᠦ᠂ ᠳᠤᠮᠳᠠᠳᠤ ᠪᠣᠯᠣᠨ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠰᠠᠭᠠᠳ ᠥᠭᠡᠢ ᠨᠡᠪᠲᠡᠷᠡᠬᠦ ᠵᠠᠮ ᠢ ᠪᠣᠢ ᠪᠣᠯᠭᠠᠨ᠂ ᠡᠭᠡᠯᠵᠢ ᠶᠢᠨ ᠭᠠᠯᠲᠤ ᠲᠡᠷᠭᠡᠨ ᠳᠤ ︽ᠲᠤᠰᠬᠠᠶ ᠠᠵᠢᠯᠲᠠᠨ ᠪᠣᠯᠣᠨ ᠲᠤᠰᠬᠠᠶ ᠠᠵᠢᠯ ᠤᠨ ᠪᠠᠶᠢᠷᠢ ᠲᠠᠢ ᠪᠠᠶᠢᠯᠭᠠᠵᠤ᠂ 24 ᠴᠠᠭ ᠢᠶᠠᠷ ᠪᠣᠭᠤᠮᠲᠠ ᠥᠩᠭᠡᠷᠡᠬᠦ ᠶᠢ ᠪᠣᠯᠵᠣᠬᠤ︾ ᠵᠡᠷᠭᠡ ᠦᠢᠯᠡᠴᠢᠯᠡᠭᠡ ᠶᠢ ᠬᠠᠩᠭᠠᠵᠤ᠂ ᠡᠭᠡᠯᠵᠢ ᠶᠢᠨ ᠭᠠᠯᠲᠤ ᠲᠡᠷᠭᠡ ᠢᠷᠡᠮᠡᠭᠴᠡ ᠪᠠᠷᠢᠨ ᠦᠢᠯᠡᠴᠢᠯᠡᠬᠦ ᠪᠠᠶᠢᠴᠠᠭᠠᠬᠤ ᠰᠢᠯᠭᠠᠬᠤ ᠥᠩᠭᠡᠷᠡᠭᠦᠯᠬᠦ ᠠᠵᠢᠯ ᠢ ᠭᠦᠢᠴᠡᠳᠬᠡᠨ᠂ ᠡᠭᠡᠯᠵᠢ ᠶᠢᠨ ᠭᠠᠯᠲᠤ ᠲᠡᠷᠭᠡᠨ ᠤ ᠪᠠᠶᠢᠩᠭᠤᠵᠢᠭᠰᠠᠨ ᠡᠵᠡᠩᠨᠡᠵᠦ ᠠᠵᠢᠯᠯᠠᠬᠤ ᠳᠤ ᠪᠣᠭᠤᠮᠲᠠ ᠪᠠᠷ ᠥᠩᠭᠡᠷᠡᠬᠦ ᠬᠠᠮᠤᠭ ᠤᠨ ᠰᠠᠶᠢᠨ ᠣᠷᠴᠢᠨ ᠨᠥᠬᠦᠴᠡᠯ ᠢ ᠡᠭᠦᠳᠦᠨ ᠪᠦᠲᠦᠭᠡᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠬᠤᠯᠪᠣᠭᠳᠠᠯ ᠪᠥᠬᠦᠶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      12. ᠮᠠᠨᠵᠤᠤᠷ — ᠬᠤᠶᠢᠲᠤ ᠪᠠᠶᠢᠭᠠᠯᠰᠺ ᠣᠯᠠᠨ ᠤᠯᠤᠰ ᠤᠨ ᠵᠠᠰᠠᠮᠠᠯ ᠵᠠᠮ ᠤᠨ ᠬᠢᠯᠢ ᠶᠢᠨ ᠪᠣᠭᠤᠮᠲᠠ᠂ ᠭᠠᠭᠴᠠᠮᠤᠳᠤ — ᠭᠠᠰᠢᠭᠤᠨᠰᠤᠬᠠᠶᠢᠲᠤ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ ᠲᠠᠷᠢᠶᠠᠯᠠᠩ ᠤᠨ ᠪᠦᠲᠦᠭᠡᠭᠳᠡᠬᠦᠨ ᠢ ᠲᠦᠷᠭᠡᠨ ᠥᠩᠭᠡᠷᠡᠭᠦᠯᠬᠦ ︽ᠰᠠᠭᠠᠳ ᠥᠭᠡᠢ ᠨᠡᠪᠲᠡᠷᠡᠬᠦ ᠵᠠᠮ︾᠎ ᠢ ᠲᠦᠷᠭᠡᠳᠬᠡᠨ ᠨᠡᠪᠲᠡᠷᠡᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠰᠢᠨ᠎ᠡ ᠰᠣᠷᠭᠤᠭ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠶᠢ ᠦᠨᠡᠨ ᠬᠦ ᠪᠠᠲᠤᠯᠠᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠣᠭᠤᠮᠲᠠ ᠶᠢᠨ ᠠᠵᠢᠯ ᠤᠨ ᠠᠯᠪᠠᠨ ᠭᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      13. ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠨᠢ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠲᠡᠯᠡᠵᠦ᠂ ᠰᠠᠨᠠᠯ ᠳᠤᠷᠠᠳᠴᠤ ᠵᠠᠭᠠᠯᠳᠤᠬᠤ ᠪᠠ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠦᠭᠡᠢ ᠪᠣᠯᠭᠠᠨ᠎ᠠ︔ ᠪᠣᠭᠤᠮᠲᠠ ᠪᠠᠷ ᠨᠡᠪᠲᠡᠷᠡᠬᠦ ᠴᠤᠪᠤᠷᠠᠯ ᠪᠣᠯᠣᠨ ᠴᠢᠩᠬᠢᠭᠯᠢᠭ ᠢᠶᠠᠷ ᠠᠴᠢᠶᠠᠯᠠᠬᠤ ᠲᠡᠭᠡᠭᠡᠪᠦᠷᠢ ᠶᠢᠨ ᠠᠵᠢᠯᠯᠠᠬᠤ ᠭᠤᠭᠴᠣᠭᠠᠨ ᠳᠠᠬᠢ ᠴᠠᠭ ᠤᠨ ᠬᠢᠵᠠᠭᠠᠷ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠢᠯᠡ ᠪᠣᠯᠭᠠᠵᠤ᠂ ᠠᠵᠤ ᠠᠬᠤᠶᠢᠯᠠᠯ ᠳᠤ ᠲᠥᠬᠦᠮ ᠦᠵᠡᠭᠦᠯᠬᠦ ᠶᠢᠨ ᠬᠠᠮᠲᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      14. ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠪᠠᠷ ᠬᠠᠮᠢᠶᠠᠷᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠦᠭᠡᠢ ᠪᠣᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠤᠳ ᠢ ᠳᠤᠷ᠎ᠠ ᠪᠠᠷ ᠪᠠᠶᠢᠭᠤᠯᠵᠤ ᠪᠣᠯᠬᠤ ᠦᠭᠡᠶ᠃ ᠬᠢᠯᠢ ᠶᠢᠨ ᠪᠣᠭᠤᠮᠲᠠ ᠶᠢᠨ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠵᠤ᠂ ᠵᠠᠰᠠᠭ ᠤᠨ ᠣᠷᠳᠣᠨ ᠠᠴᠠ ᠲᠣᠭᠲᠠᠭᠠᠭᠰᠠᠨ ᠦᠨ᠎ᠡ ᠶᠢ ᠬᠡᠷᠡᠭᠵᠢᠭᠦᠯᠦᠭᠰᠡᠨ ᠪᠣᠯ᠂ ᠲᠣᠭᠲᠠᠭᠠᠭᠰᠠᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ︔ ᠵᠠᠬ᠎ᠠ ᠳᠡᠯᠭᠡᠭᠦᠷ ᠢᠶᠠᠷ ᠲᠣᠬᠢᠷᠠᠭᠤᠯᠤᠭᠰᠠᠨ ᠦᠨ᠎ᠡ ᠶᠢ ᠬᠡᠷᠡᠭᠵᠢᠭᠦᠯᠦᠭᠰᠡᠨ ᠪᠣᠯ᠂ ᠰᠦᠢᠳᠬᠡᠯ ᠬᠤᠷᠢᠶᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠂ ᠲᠣᠭᠲᠠᠭᠠᠯ ᠢ ᠵᠥᠷᠢᠴᠡᠨ ᠪᠤᠰᠤᠳ ᠰᠦᠢᠳᠬᠡᠯ ᠨᠡᠮᠡᠨ ᠬᠤᠷᠢᠶᠠᠵᠤ ᠪᠣᠯᠬᠤ ᠦᠭᠡᠢ᠃ ᠥᠷᠢᠰᠥᠯᠳᠦᠭᠡᠨ ᠬᠢᠬᠦ ᠶᠢ ᠵᠣᠷᠢᠬᠵᠢᠭᠤᠯᠤᠨ᠂ ᠭᠠᠭᠴᠠᠭᠠᠷ ᠡᠵᠡᠮᠰᠢᠬᠦ ᠶᠢ ᠦᠭᠡᠶᠢᠰᠬᠡᠵᠦ᠂ ᠪᠣᠭᠤᠮᠲᠠ ᠳᠤ ᠮᠡᠳᠡᠭᠦᠯᠬᠦ᠂ ᠪᠠᠷᠠᠭᠠᠨ ᠤ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠦᠢᠯᠡᠴᠢᠯᠡᠭᠡ ᠵᠡᠷᠭᠡ ᠭᠤᠭᠴᠣᠭᠠᠨ ᠳᠠᠬᠢ ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠬᠤᠷᠢᠶᠠᠬᠤ ᠰᠦᠢᠳᠬᠡᠯ ᠢ ᠪᠠᠭᠤᠷᠠᠭᠤᠯᠬᠤ ᠶᠢ ᠨᠢ ᠠᠬᠢᠭᠤᠯᠤᠨ᠎ᠠ᠃ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠲᠤᠰᠬᠠᠯ ᠢᠶᠠᠷ ᠴᠢᠩᠭ᠎ᠠ ᠵᠢᠴᠢ ᠦᠨ᠎ᠡ ᠬᠠᠩᠰᠢ ᠶᠢ ᠬᠢᠨᠠᠨ ᠪᠠᠶᠢᠴᠠᠭᠠᠬᠤ ᠳᠤ ᠢᠯᠡᠷᠡᠭᠰᠡᠨ ᠬᠢᠯᠢ ᠶᠢᠨ ᠪᠣᠭᠤᠮᠲᠠ ᠶᠢᠨ ᠵᠦᠢ ᠵᠤᠬᠢᠰ ᠦᠭᠡᠢ ᠰᠦᠢᠳᠭᠡᠯ ᠬᠤᠷᠢᠶᠠᠬᠤ ᠠᠵᠢᠯᠯᠠᠭ᠎ᠠ ᠶᠢ ᠨᠢ ᠢᠯᠭᠠᠷᠠᠭᠤᠯᠤᠨ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠴᠠᠭᠠᠬᠤ ᠪᠠᠨ ᠴᠢᠩᠭᠠᠳᠬᠠᠨ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠵᠤ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠣᠭᠤᠮᠲᠠ ᠶᠢᠨ ᠠᠵᠢᠯ ᠤᠨ ᠠᠯᠪᠠᠨ ᠭᠡᠷ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠬᠠᠮᠵᠢᠯᠴᠠᠨ᠎ᠠ︶      15. ᠪᠠᠶᠢᠴᠠᠭᠠᠨ ᠰᠢᠯᠭᠠᠬᠤ ᠳᠤ ᠠᠰᠠᠭᠤᠳᠠᠯ ᠦᠭᠡᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ︵ᠡᠭᠦᠨ ᠳᠤ ᠢᠲᠡᠬᠡᠮᠵᠢ ᠪᠠᠨ ᠠᠯᠳᠠᠭᠰᠠᠨ ᠠᠵᠤ ᠠᠬᠤᠶᠢᠯᠠᠯ ᠢ ᠪᠠᠭᠲᠠᠭᠠᠬᠤ ᠦᠭᠡᠢ︶᠎ ᠤᠨ ᠳᠡᠭᠦᠵᠢᠯᠡᠨ ᠡᠷᠭᠦᠵᠦ ᠠᠴᠢᠶᠠᠯᠠᠬᠤ ᠪᠠ ᠪᠠᠶᠢᠷᠢ ᠶᠢ ᠨᠢ ᠰᠢᠯᠵᠢᠭᠦᠯᠵᠦ ᠬᠥᠮᠥᠷᠭᠡᠯᠡᠨ ᠬᠠᠳᠠᠭᠠᠯᠠᠬᠤ ᠵᠠᠷᠤᠳᠠᠯ ᠢ ᠨᠢ ᠬᠡᠯᠲᠦᠷᠢᠭᠦᠯᠬᠦ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠵᠦ ᠨᠠᠶᠢᠳᠠᠪᠤᠷᠢᠵᠢᠭᠤᠯᠤᠨ᠎ᠠ᠃ ᠪᠣᠭᠤᠮᠲᠠ ᠶᠢᠨ ᠬᠢᠨ ᠨᠢ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠶᠢᠴᠠᠭᠠᠨ ᠰᠢᠯᠭᠠᠬᠤ ᠳᠤ ᠠᠰᠠᠭᠤᠳᠠᠯ ᠦᠭᠡᠢ ᠶᠢᠨ ᠨᠠᠷᠢᠨ ᠬᠠᠭᠤᠳᠠᠰᠤ ᠶᠢ ᠲᠣᠭᠲᠠᠮᠠᠯ ᠬᠤᠭᠤᠴᠠᠭ᠎ᠠ ᠲᠠᠢ ᠬᠠᠷᠢᠭᠤ ᠲᠤᠰᠬᠠᠨ᠎ᠠ᠃ ᠡᠬᠢᠨ ᠤ ᠬᠤᠭᠤᠴᠠᠭᠠᠨ ᠳᠠᠬᠢ ᠬᠢᠭᠰᠡᠨ ᠠᠵᠢᠯ ᠤᠨ ᠰᠠᠭᠤᠷᠢᠨ ᠳᠡᠭᠡᠷ᠎ᠡ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠠᠷᠢᠯ ᠢᠶᠠᠷ ᠰᠢᠮᠳᠠᠭᠤᠯᠤᠨ ᠪᠠᠶᠢᠴᠠᠭᠠᠬᠤ ᠪᠦᠭᠡᠳ ᠲᠤᠷᠰᠢᠯᠭ᠎ᠠ ᠪᠠᠨ ᠦᠷᠭᠦᠯᠵᠢᠯᠡᠨ ᠳ᠋ᠦᠩᠨᠡᠵᠦ᠂ ᠲᠤᠷᠰᠢᠯᠲᠠ ᠶᠢᠨ ᠴᠡᠭ ᠤᠨ ᠠᠵᠢᠯ ᠢ ᠰᠠᠶᠢᠳᠤᠷ ᠬᠢᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠬᠤᠯᠪᠣᠭᠳᠠᠯ ᠪᠥᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      16. ᠬᠢᠯᠢ ᠶᠢᠨ ᠪᠣᠭᠤᠮᠲᠠ ᠶᠢᠨ ᠬᠢᠵᠠᠭᠠᠷᠯᠠᠯ ᠲᠠᠢ ᠣᠷᠣᠨ ᠪᠦᠰᠡ ᠶᠢᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠮᠤᠷ ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠲᠥᠷᠢᠮ ᠢ ᠲᠡᠭᠦᠯᠳᠡᠷᠵᠢᠭᠦᠯᠵᠦ᠂ ᠴᠤᠬᠤᠶᠢᠯᠲᠠ ᠪᠣᠯᠣᠨ ᠬᠠᠨᠳᠤᠯᠭ᠎ᠠ ᠶᠢᠨ ᠴᠢᠨᠠᠷᠲᠠᠶ ᠪᠠᠷ ᠣᠷᠣᠰᠢᠵᠤ ᠪᠦᠬᠦᠢ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠨ᠂ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠪᠣᠭᠤᠮᠲᠠ ᠶᠢᠨ ᠠᠵᠢᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠬᠤᠯᠪᠣᠭᠳᠠᠯ ᠪᠥᠬᠦᠶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      17. ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠪᠠᠨ ᠢᠯᠡ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠵᠤ ᠲᠡᠮᠳᠡᠭᠯᠡᠭᠦᠯᠦᠭᠰᠡᠨ ᠮᠡᠳᠡᠭᠡ ᠵᠠᠩᠭᠢ᠂ ᠢᠲᠡᠭᠡᠮᠵᠢ ᠶᠢᠨ ᠵᠡᠷᠭᠡ ᠲᠠᠰ ᠤᠨ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠭᠠᠳᠠᠭᠰᠢ ᠨᠡᠶᠢᠲᠡᠯᠡᠨ᠂ ᠨᠡᠶᠢᠭᠡᠮ ᠤᠨ ᠬᠢᠨᠠᠯᠲᠠ ᠶᠢ ᠠᠰᠢᠭᠯᠠᠵᠤ ᠪᠠᠶᠢᠭᠠᠳ ᠠᠵᠢᠯ ᠶᠠᠪᠤᠳᠠᠯ ᠤᠨ ᠳᠤᠮᠳᠠᠬᠢ ᠪᠣᠯᠣᠨ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠡ︶ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠴᠢᠯᠠᠭᠤᠯᠤᠨ ᠠᠵᠢᠯᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ      18. ᠡᠯᠧᠺᠲᠷᠣᠨ ᠬᠢᠯᠢ ᠶᠢᠨ ᠪᠣᠭᠤᠮᠲᠠ ᠪᠣᠯᠤᠨ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠴᠢᠳᠠᠮᠵᠢ ᠶᠢ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠪᠣᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠶᠢᠨ ᠬᠠᠮᠢᠶ᠎ᠠ ᠪᠦᠬᠦᠢ ᠣᠷᠣᠨ ᠪᠦᠰᠡ ᠳᠤ ᠣᠷᠣᠭᠤᠯᠣᠨ᠂ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠬᠢᠭᠡᠳ ᠪᠠᠩᠬᠢ᠂ ᠳᠠᠭᠠᠳᠬᠠᠯ᠂ ᠠᠷᠠᠳ ᠤᠨ ᠠᠭᠠᠷ ᠠᠶᠠᠯᠠᠯ᠂ ᠲᠡᠮᠦᠷ ᠵᠠᠮ ᠵᠡᠷᠭᠡ ᠬᠠᠮᠢᠶ᠎ᠠ ᠪᠦᠬᠦᠢ ᠠᠵᠢᠯ ᠲᠦᠷᠦᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠨ ᠠᠵᠢᠯᠯᠠᠵᠤ ᠵᠣᠯᠭᠠᠭᠤᠯᠬᠤ ᠶᠢ ᠴᠢᠩᠭᠠᠳᠬᠠᠵᠤ᠂ ᠣᠯᠠᠨ ᠤᠯᠤᠰ ᠤᠨ ᠠᠷᠠᠯᠵᠢᠶᠠᠨ ᠤ ᠬᠡᠯᠬᠢᠶᠡᠰᠦ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠳᠤ ᠨᠡᠩ ᠤᠯᠠᠨ ᠲᠦᠬᠦᠮ ᠦᠵᠡᠭᠦᠯᠬᠦ ᠦᠢᠯᠡᠴᠢᠯᠡᠭᠡ ᠶᠢ ᠬᠠᠩᠭᠠᠵᠤ ᠥᠭᠭᠦᠨ᠎ᠡ᠃ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾᠎ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠭᠤᠣᠯ ᠪᠣᠯᠬᠤ ᠲᠤᠬᠠᠶᠢᠯᠠᠭᠰᠠᠨ ᠠᠵᠢᠯ ︵ᠪᠠᠷᠠᠭ᠎ᠠ᠂ ᠠᠴᠢᠶᠠᠯᠠᠪᠤᠷᠢ ᠶᠢᠨ ᠬᠠᠭᠤᠳᠠᠰᠤ᠂ ᠲᠡᠭᠡᠭᠡᠪᠦᠷᠢ ᠶᠢᠨ ᠪᠠᠭᠠᠵᠢ ᠶᠢ ᠭᠤᠶᠤᠴᠢᠯᠠᠨ ᠮᠡᠳᠡᠭᠦᠯᠬᠦ︶᠎ ᠢᠶᠠᠷ ᠳᠠᠮᠵᠢᠭᠤᠯᠵᠤ ᠬᠡᠷᠡᠭᠯᠡᠭᠰᠡᠨ ᠨᠤᠷᠮ᠎ᠠ ᠶᠢ 80%᠎ ᠳᠤ ᠬᠦᠷᠭᠡᠨ᠎ᠡ︔ 2020 ᠣᠨ ᠤ ᠰᠡᠭᠦᠯᠴᠢ ᠠᠴᠠ ᠡᠮᠦᠨ᠎ᠡ 100%᠎ ᠳᠤ ᠬᠦᠷᠦᠭᠦᠯᠦᠨ᠎ᠡ︔ 2021 ᠣᠨ ᠤ ᠰᠡᠭᠦᠯᠴᠢ ᠠᠴᠠ ᠡᠮᠦᠨ᠎ᠡ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾᠎ ᠶᠢᠨ ᠴᠢᠳᠠᠮᠵᠢ ᠶᠢ ᠤᠯᠠᠨ ᠤᠯᠤᠰ ᠤᠨ ᠠᠷᠠᠯᠵᠢᠶᠠᠨ ᠤ ᠬᠠᠮᠢᠶᠠᠷᠤᠯᠲᠠ ᠶᠢᠨ ᠪᠦᠬᠦ ᠬᠡᠯᠬᠢᠶᠡᠰᠦ ᠳᠤ ᠣᠷᠣᠭᠤᠯᠵᠤ᠂ ︽ᠨᠢᠭᠡ ᠥᠷᠲᠡᠭᠡ ᠮᠠᠶ᠋ᠢᠭ︾᠎ ᠤᠨ ᠠᠷᠠᠯᠵᠢᠶᠠᠯᠠᠬᠤ ᠦᠢᠯᠡᠴᠢᠯᠡᠬᠡᠨ ᠤ ᠲᠠᠪᠴᠠᠩ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠬᠠᠮᠵᠢᠯᠴᠠᠨ᠎ᠠ︶      19. ᠬᠤᠭᠤᠰᠣᠨ ᠴᠢᠩᠬᠢᠭᠯᠢᠭ ᠢ ᠰᠢᠯᠭᠠᠨ ᠪᠠᠶᠢᠴᠠᠭᠠᠬᠤ ᠬᠡᠮᠵᠢᠭᠦᠷᠯᠢᠭ᠂ ᠲᠡᠷᠭᠡᠨ ᠤ ᠲᠠᠪᠠᠭ ᠢᠶᠠᠷ ᠲᠣᠳᠣ ᠬᠠᠶᠢᠨ ᠰᠢᠨᠵᠢᠬᠦ ᠰᠢᠰᠲ᠋ᠧᠮ᠂ ᠠᠮᠤᠷ ᠲᠦᠪᠰᠢᠨ ᠤ ᠣᠶᠣᠨᠴᠢ ᠣᠨᠢᠰᠤ ᠵᠡᠷᠭᠡ ᠲᠥᠬᠦᠭᠡᠷᠦᠮᠵᠢ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠭᠠᠭᠴᠠ ᠬᠥᠮᠥᠨ ᠠᠵᠢᠯᠯᠠᠬᠤ ᠲᠥᠬᠦᠭᠡᠷᠦᠮᠵᠢ ᠳᠣᠭᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠮᠠᠰᠢᠨ ᠢᠶᠠᠷ ᠤᠷᠢᠳᠴᠢᠯᠠᠨ ᠪᠠᠶᠢᠴᠠᠭᠠᠬᠤ᠂ ᠣᠶᠤᠨᠴᠢ ᠪᠠᠷ ᠢᠯᠭᠠᠨ ᠲᠠᠨᠢᠬᠤ᠂ ᠪᠠᠶᠢᠴᠠᠭᠠᠬᠤ ᠲᠥᠬᠦᠭᠡᠷᠦᠮᠵᠢ ᠶᠢ ᠬᠠᠮᠲᠤ ᠳᠤ ᠪᠠᠨ ᠬᠦᠷᠲᠡᠬᠦ ᠲᠤᠷᠰᠢᠯᠲᠠ ᠶᠢᠨ ᠴᠡᠭ ᠪᠠᠶᠢᠭᠤᠯᠵᠤ᠂ ᠨᠢᠭᠡ ᠬᠤᠭᠤᠴᠠᠭᠠᠨ ᠳᠤ ᠪᠠᠶᠢᠴᠠᠭᠠᠬᠤ᠂ ᠲᠥᠬᠦᠭᠡᠷᠦᠮᠵᠢ ᠶᠢ ᠬᠠᠮᠲᠤ ᠳᠤ ᠪᠠᠨ ᠬᠦᠷᠲᠡᠬᠦ᠂ ᠦᠷ᠎ᠡ ᠳ᠋ᠦᠩ ᠢ ᠨᠢ ᠬᠠᠷᠢᠯᠴᠠᠨ ᠮᠡᠳᠡᠷᠡᠬᠦ ᠪᠣᠭᠤᠮᠲᠠ ᠪᠠᠷ ᠥᠩᠭᠡᠷᠡᠬᠦ ᠶᠢᠨ ᠪᠠᠶᠢᠴᠠᠭᠠᠬᠤ ᠵᠠᠭᠪᠤᠷ ᠲᠠᠢ ᠪᠣᠯᠭᠠᠨ᠂ ᠮᠠᠰᠢᠨ ᠢᠶᠠᠷ ᠪᠠᠶᠢᠴᠠᠭᠠᠭᠰᠠᠨ ᠤ ᠳᠠᠷᠠᠭ᠎ᠠ ᠪᠣᠭᠤᠮᠲᠠ ᠪᠠᠷ ᠰᠢᠭᠤᠳ ᠥᠩᠭᠡᠷᠡᠭᠦᠯᠬᠦ ᠬᠠᠷᠢᠴᠠᠯ ᠢ ᠳᠡᠭᠡᠭᠰᠢᠯᠡᠭᠦᠯᠦᠨ᠎ᠡ᠃ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠷᠭᠡᠳᠬᠡᠨ᠂ ᠪᠥᠬᠦ ᠣᠷᠣᠨ ᠤ ᠬᠢᠯᠢ ᠶᠢᠨ ᠪᠣᠭᠤᠮᠲᠠ ᠳᠤ ᠸᠢᠰᠠ ᠶᠢ ᠠᠮᠢᠳᠤ ᠪᠣᠳᠠᠰ ᠤᠨ ᠮᠡᠷᠭᠡᠵᠢᠯ ᠢᠶᠠᠷ ᠢᠯᠭᠠᠨ ᠲᠠᠨᠢᠬᠤ ᠲᠦᠷᠦᠯ ᠵᠦᠢᠯ ᠢ ᠳᠡᠯᠭᠡᠷᠡᠭᠦᠯᠦᠨ ᠬᠡᠷᠡᠭᠯᠡᠵᠦ᠂ ᠠᠶᠠᠨᠴᠢᠳ ᠢ ᠠᠦ᠋ᠲ᠋ᠣ᠋ ᠪᠠᠶᠢᠴᠠᠭᠠᠨ ᠰᠢᠯᠭᠠᠬᠤ ᠵᠠᠮ ᠢᠶᠠᠷ ᠪᠠᠶᠢᠴᠠᠭᠠᠵᠤ ᠥᠩᠭᠡᠷᠡᠭᠦᠯᠬᠦ ᠪᠦᠲᠦᠭᠡᠨ ᠪᠠᠶᠢᠭᠤᠯᠤᠯᠲᠠ ᠪᠠᠨ ᠡᠬᠢᠯᠡᠨ ᠬᠡᠷᠡᠭᠯᠡᠬᠦ ᠶᠢ ᠢᠳᠡᠪᠬᠢᠲᠡᠶ ᠠᠬᠢᠭᠤᠯᠤᠨ᠂ ᠡᠨᠧᠷᠭᠢ ᠶᠢ ᠭᠠᠳᠠᠭᠠᠳᠤ ᠠᠴᠠ ᠣᠷᠣᠭᠤᠯᠬᠤ ᠬᠢᠯᠢ ᠶᠢᠨ ᠪᠣᠭᠤᠮᠲᠠ ᠪᠠᠷ ᠰᠣᠯᠣᠩᠭᠠᠨ ᠪᠦᠷᠬᠦᠪᠴᠢᠲᠦ ᠢᠯᠭᠠᠨ ᠲᠠᠨᠢᠬᠤ ᠮᠡᠷᠭᠡᠵᠢᠯ ᠳᠤ ᠰᠠᠭᠤᠷᠢᠯᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠪᠣᠯᠣᠨ ᠬᠥᠮᠥᠰ ᠤᠨ ᠠᠦ᠋ᠲ᠋ᠣ᠋ ᠪᠠᠶᠢᠴᠠᠭᠠᠨ ᠰᠢᠯᠭᠠᠬᠤ ᠵᠠᠮ ᠢᠶᠠᠷ ᠪᠣᠭᠤᠮᠲᠠ ᠥᠩᠭᠡᠷᠡᠬᠦ ᠵᠠᠭᠪᠤᠷ ᠤᠨ ᠰᠤᠳᠤᠯᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠢᠯᠢ ᠶᠢᠨ ᠪᠠᠶᠢᠴᠠᠭᠠᠯᠲᠠ ᠶᠢᠨ ᠠᠦ᠋ᠲ᠋ᠣ᠋ ᠪᠠᠶᠢᠴᠠᠭᠠᠨ ᠰᠢᠯᠭᠠᠬᠤ ᠵᠠᠮ ᠢᠶᠠᠷ ᠪᠠᠶᠢᠴᠠᠭᠠᠵᠤ ᠥᠩᠭᠡᠷᠡᠭᠦᠯᠬᠦ ᠬᠥᠮᠥᠰ ᠤᠨ ᠬᠦᠷᠢᠶ᠎ᠡ ᠬᠡᠪᠴᠢᠶ᠎ᠡ ᠶᠢ ᠢᠳᠡᠪᠬᠢᠲᠡᠢ ᠴᠢᠷᠮᠠᠶᠢᠵᠤ ᠪᠠᠶᠢᠭᠠᠳ ᠥᠷᠭᠡᠳᠬᠡᠨ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ᠂ ᠲᠣᠮᠣ ᠬᠡᠯᠪᠡᠷᠢ ᠶᠢᠨ ᠴᠢᠩᠬᠢᠭᠯᠢᠭ ᠪᠥᠬᠦᠨ ᠳᠤ ᠬᠢᠨᠠᠨ ᠪᠠᠶᠢᠴᠠᠭᠠᠬᠤ ᠲᠥᠬᠦᠭᠡᠷᠦᠮᠵᠢ ᠶᠢᠨ ᠰᠦᠯᠵᠢᠶ᠎ᠡ ᠶᠢ ᠬᠤᠯᠪᠣᠵᠤ ᠵᠢᠷᠤᠭ ᠳᠦᠷᠰᠦ ᠪᠠᠷ ᠲᠥᠪᠯᠡᠷᠡᠭᠦᠯᠦᠨ ᠬᠢᠨᠠᠬᠤ ᠪᠣᠯᠭᠠᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠲᠦᠯᠬᠢᠨ ᠠᠬᠢᠭᠤᠯᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢᠶᠠᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ᠃ ᠡᠯ᠎ᠡ ᠵᠦᠢᠯ ᠤᠨ ᠠᠵᠢᠯ ᠤᠨ ᠡᠭᠦᠷᠭᠡ ᠶᠢ ᠲᠦᠷᠦᠭᠦᠯᠡᠨ ᠬᠢᠬᠦ ᠪᠠ ᠲᠡᠭᠦᠨ ᠯᠦᠭᠡ ᠬᠠᠮᠵᠢᠯᠴᠠᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠷᠰᠢᠨ ᠠᠵᠢᠯᠯᠠᠵᠤ ᠬᠠᠮᠵᠢᠯᠴᠠᠬᠤ ᠶᠢ ᠴᠢᠩᠭᠠᠳᠬᠠᠨ᠂ ᠱᠠᠳᠦᠴᠢ ᠴᠢᠨᠠᠷᠲᠠᠶ ᠦᠨᠡᠯᠡᠨ ᠵᠢᠱᠢᠬᠦ ᠠᠵᠢᠯ ᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠲᠤᠷᠰᠢᠯᠭ᠎ᠠ ᠪᠠᠨ ᠬᠢᠨᠠᠮᠠᠭᠠᠶ ᠳ᠋ᠦᠩᠨᠡᠨ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠬᠤᠯᠠ ᠶᠡᠭᠡ ᠪᠠᠶᠢᠳᠠᠯ ᠲᠠᠢ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃                                             ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ