ᠥᠪᠥᠷ ᠵᠠᠰᠠᠭ ᠲᠠᠷᠬᠠᠭᠠᠭᠰᠠᠨ ﹇2019﹈ 5 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠢᠯᠢ | ᠠᠯᠤᠰᠯᠠᠭᠰᠠᠨ ᠠᠷᠠᠯᠵᠢᠶ᠎ᠠ ᠳᠤ ᠳᠦᠬᠦᠮ ᠦᠵᠡᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2018﹈ 37 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠳᠠᠭᠠᠳᠤ ᠠᠷᠠᠯᠵᠢᠶᠠᠨ ᠤ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠪᠣᠯᠣᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠠᠷᠭ᠎ᠠ ᠳᠤ ᠰᠢᠨ᠎ᠡ ᠶᠢ | ᠡᠭᠦᠳᠴᠦ᠂ ᠪᠣᠭᠤᠮᠲᠠ ᠪᠠᠷ ᠨᠡᠪᠲᠡᠷᠡᠭᠦᠯᠬᠦ ᠴᠣᠪᠣᠷᠠᠯ ᠢ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠥᠪᠡᠷ ᠤᠨ ᠦᠷᠳᠡᠭ ᠢ ᠪᠠᠭᠤᠷᠠᠭᠤᠯᠤᠨ᠂ ᠬᠢᠯᠢ ᠶᠢᠨ | ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ | ᠠᠯᠤᠰᠯᠠᠭᠰᠠᠨ ᠠᠷᠠᠯᠵᠢᠶ᠎ᠠ ᠳᠤ ᠲᠥᠬᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠥᠬᠦ ᠣᠷᠣᠨ ᠤ | ᠬᠢᠯᠢ ᠶᠢᠨ ᠪᠣᠭᠤᠮᠲᠠ ᠶᠢᠨ ᠠᠵᠤ ᠠᠬᠤᠶ ᠶᠢᠨ ᠴᠢᠨᠠᠷᠯᠢᠭ ᠪᠥᠭᠡᠳ ᠲᠦᠷᠭᠡᠨ ᠢᠶᠠᠷ ᠬᠥᠭᠵᠢᠬᠦ ᠶᠢ ᠤᠯᠠᠮ ᠰᠠᠶᠢᠨ | ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠠᠮᠤᠷ ᠲᠦᠪᠰᠢᠨ ᠪᠥᠭᠡᠳ ᠳᠥᠭᠦᠮ ᠳᠥᠲᠡ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠣᠯᠭᠠᠨ᠎ᠠ᠃ | ᠮᠡᠳᠡᠭᠡ ᠵᠠᠩᠭᠢᠴᠢᠯᠠᠭᠰᠠᠨ᠂ ᠣᠶᠣᠨᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠵᠠᠰᠠᠭ ᠢ ᠴᠣᠮᠬᠠᠳᠬᠠᠨ | ᠡᠷᠬᠡ ᠶᠢ ᠲᠠᠯᠪᠢᠵᠤ ᠴᠤᠪᠤᠷᠠᠯ ᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠨᠡᠨ ᠬᠦ ᠰᠢᠯᠢᠳᠡᠭᠵᠢᠭᠦᠯᠦᠨ᠎ᠡ᠃ | ᠬᠠᠷᠠᠯᠲᠠ ᠪᠠᠷ ᠤᠳᠤᠷᠢᠳᠤᠮᠵᠢ ᠪᠣᠯᠭᠠᠨ᠂ ᠬᠠᠮᠵᠢᠯᠴᠠᠨ ᠠᠵᠢᠯᠯᠠᠵᠤ ᠵᠠᠰᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠳᠣᠬᠢ ᠠᠵᠢᠯ ᠤᠨ ᠲᠣᠭᠲᠠᠴᠠ ᠪᠠ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠪᠲᠡᠷᠡᠯᠴᠡᠨ ᠣᠶᠢᠯᠠᠭᠠᠯᠴᠠᠵᠤ ᠬᠠᠮᠵᠢᠯᠴᠠᠨ ᠠᠵᠢᠯᠯᠠᠬᠤ ᠶᠢ ᠨᠡᠩ | ᠴᠢᠬᠤᠯᠠᠴᠢᠯᠠᠨ᠂ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠢ ᠴᠢᠷᠮᠠᠶᠢᠨ ᠪᠠᠭᠠᠰᠬᠠᠵᠤ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ ᠲᠣᠭᠲᠠᠭᠠᠯ ᠳᠤ ᠨᠡᠶᠢᠴᠡᠬᠦ | ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ︵ᠭᠤᠷᠪᠠ︶ ᠠᠵᠢᠯ ᠤᠨ ᠬᠠᠷᠠᠯᠲᠠ | ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ 2021 ᠣᠨ ᠤ ᠰᠡᠭᠦᠯᠴᠢ ᠪᠣᠯᠬᠤ ᠳᠤ ᠨᠢᠭᠤᠴᠠ ᠶᠢ ᠬᠠᠮᠠᠭᠠᠯᠠᠬᠤ ᠬᠡᠷᠡᠭᠴᠡᠭᠡ | ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ ᠤᠯᠠᠨ ᠤᠯᠤᠰ ᠤᠨ ᠠᠷᠠᠯᠵᠢᠶᠠᠨ ᠤ ᠬᠠᠮᠢᠶᠠᠷᠤᠯᠲᠠ ᠶᠢᠨ ᠪᠦᠬᠦ | ᠬᠡᠯᠬᠢᠶᠡᠨ ᠳᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠴᠢᠳᠠᠮᠵᠢ ᠶᠢ ᠬᠠᠮᠤᠷᠤᠭᠤᠯᠤᠨ᠎ᠠ︔ ᠪᠣᠭᠤᠮᠲᠠ ᠪᠠᠷ | ᠥᠩᠭᠡᠷᠡᠬᠦ ᠪᠦᠬᠦᠯᠢ ᠴᠣᠭᠴᠠ ᠶᠢᠨ ᠴᠠᠭ ᠢ ᠨᠢ ᠭᠤᠷᠪᠠᠨ ᠤ ᠨᠢᠭᠡ ᠬᠤᠪᠢ ᠪᠠᠭᠠᠰᠬᠠᠨ᠎ᠠ᠂ 2021 ᠣᠨ ᠤ | ᠰᠡᠭᠦᠯᠴᠢ ᠪᠣᠯᠬᠤ ᠳᠤ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠢ 2017 ᠣᠨ ᠤ ᠬᠢ ᠠᠴᠠ | ᠬᠠᠭᠠᠰ ᠪᠠᠭᠠᠰᠬᠠᠨ᠎ᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ | ᠲᠣᠭᠲᠠᠭᠠᠯ ᠳᠤ ᠨᠡᠶᠢᠴᠡᠬᠦ ᠥᠪᠡᠷ ᠤᠨ ᠦᠷᠳᠡᠭ ᠢ ᠪᠠᠭᠤᠷᠠᠭᠤᠯᠤᠨ᠎ᠠ᠂ 2020 ᠣᠨ ᠤ ᠰᠡᠭᠦᠯᠴᠢ ᠪᠣᠯᠬᠤ ᠳᠤ | ᠴᠢᠩᠬᠢᠭᠯᠢᠭ ᠢᠶᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠠᠬᠢ ᠲᠣᠭᠲᠠᠭᠠᠯ ᠳᠤ | ᠨᠡᠶᠢᠴᠡᠬᠦ ᠥᠪᠡᠷ ᠤᠨ ᠦᠷᠳᠡᠭ ᠢ 2017 ᠣᠨ ᠤ ᠬᠢ ᠠᠴᠠ ᠬᠠᠭᠠᠰ ᠢᠶᠠᠷ ᠪᠠᠭᠤᠷᠠᠭᠤᠯᠤᠨ᠎ᠠ︔ ᠰᠠᠯᠠᠭ᠎ᠠ ᠮᠥᠴᠢᠷ | ᠠᠯᠤᠰᠯᠠᠭᠰᠠᠨ ᠪᠣᠭᠤᠮᠲᠠ ᠥᠩᠭᠡᠷᠡᠬᠦ ᠶᠢᠨ ᠬᠠᠮᠵᠢᠯᠴᠠᠨ ᠠᠵᠢᠯᠯᠠᠬᠤ ᠲᠣᠭᠲᠠᠴᠠ ᠪᠠᠶᠢᠭᠤᠯᠬᠤ ᠶᠢ ᠳᠥᠯᠭᠢᠨ | ᠠᠬᠢᠭᠤᠯᠵᠤ᠂ 2019 ᠣᠨ ᠤ ᠰᠡᠭᠦᠯᠴᠢ ᠪᠣᠯᠬᠤ ᠠᠴᠠ ᠡᠮᠦᠨ᠎ᠡ ᠪᠥᠬᠦ ᠣᠷᠣᠨ ᠤ ᠬᠢᠯᠢ ᠶᠢᠨ ᠪᠣᠭᠤᠮᠲᠠ ᠪᠦᠬᠦᠨ ᠢ | ᠬᠠᠮᠤᠷᠤᠭᠤᠯᠬᠤ ᠪᠠᠷ ᠴᠢᠷᠮᠠᠶᠢᠨ᠎ᠠ︔ ᠴᠠᠭᠴᠢ ᠴᠢᠨᠠᠷᠲᠠᠢ ᠲᠠᠸᠠᠷ ᠤᠨ ᠪᠣᠭᠤᠮᠲᠠ ᠥᠩᠭᠡᠷᠡᠬᠦ ᠬᠤᠷᠳᠤᠴᠠ ᠶᠢ | ᠲᠦᠷᠭᠡᠳᠬᠡᠵᠦ᠂ ᠬᠥᠷᠰᠢ ᠵᠡᠷᠭᠡᠯᠡᠳᠡᠭᠡ ᠤᠯᠤᠰ ᠯᠤᠭ᠎ᠠ ᠵᠣᠬᠢᠴᠠᠯᠳᠤᠭᠰᠠᠨ ᠬᠢᠯᠢ ᠶᠢᠨ ᠪᠣᠭᠤᠮᠲᠠ ᠶᠢᠨ ᠵᠣᠬᠢᠴᠠᠭᠤᠯᠬᠤ | ᠠᠵᠢᠯ ᠢ ᠴᠢᠩᠭᠠᠳᠬᠠᠨ᠂ ᠤᠯᠠᠮ ᠨᠡᠭᠡᠭᠡᠯᠳᠡ ᠲᠠᠢ ᠪᠥᠭᠡᠳ ᠤᠯᠠᠮ ᠳᠥᠭᠦᠮ ᠳᠥᠲᠡ ᠪᠦᠬᠦᠢ ᠬᠢᠯᠢ ᠶᠢᠨ | ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠣᠪᠣᠷᠠᠯ ᠳᠤ ᠦᠭᠡᠷᠡᠴᠢᠯᠡᠯᠲᠡ ᠬᠢᠵᠦ᠂ ᠳᠠᠩ | ᠭᠠᠭᠴᠠ ᠦᠨᠡᠮᠯᠡᠯ ᠭᠤᠶᠤᠴᠢᠯᠠᠬᠤ ᠭᠠᠷᠳᠠᠮ ᠢ ᠲᠦᠬᠦᠮᠴᠢᠯᠡᠨ᠎ᠡ | 1. ᠤᠯᠤᠰ ᠤᠨ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠭᠤᠭᠴᠣᠭᠠᠨ ᠳᠠᠬᠢ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠢ ᠦᠭᠡᠶᠢᠰᠬᠡᠵᠦ᠂ ᠬᠢᠯᠢ ᠶᠢᠨ ᠪᠣᠭᠤᠮᠲᠠ ᠶᠢᠨ | ᠰᠢᠯᠭᠠᠨ ᠪᠠᠶᠢᠴᠠᠭᠠᠬᠤ ᠳᠤ ᠪᠠᠭᠲᠠᠭᠠᠬᠤ ᠦᠭᠡᠢ ᠪᠠᠶᠢᠵᠤ ᠪᠣᠯᠬᠤ ᠶᠢ ᠨᠢ ᠪᠦᠬᠦᠨ ᠢ ᠪᠤᠴᠠᠭᠠᠨ ᠭᠠᠷᠭᠠᠬᠤ ᠪᠠᠷ ᠦᠨᠡᠨ | ᠬᠦ ᠪᠠᠲᠤᠯᠠᠨ᠎ᠠ᠃ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ ᠶᠢᠨ ᠣᠨᠴᠠᠭᠠᠢ ᠪᠠᠶᠢᠳᠠᠯ ᠢ | ᠭᠠᠷᠭᠠᠪᠠᠯ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠪᠦᠬᠦ ᠰᠦᠯᠵᠢᠶ᠎ᠡ ᠨᠦᠭᠦᠳ ᠤᠨ ᠬᠤᠯᠪᠣᠭᠠᠯᠠᠬᠤ ᠶᠢ | ᠪᠡᠶᠡᠯᠡᠭᠦᠯᠬᠦ ᠪᠠ ᠪᠣᠭᠤᠮᠲᠠ ᠪᠠᠷ ᠥᠩᠭᠡᠷᠡᠬᠦ ᠭᠤᠭᠴᠣᠭᠠᠨ ᠳᠤ ᠬᠠᠷᠢᠴᠠᠭᠤᠯᠵᠤ ᠪᠠᠶᠢᠭᠠᠳ ᠬᠠᠷᠭᠤᠭᠤᠯᠤᠨ | ᠪᠠᠶᠢᠴᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠤᠯᠤᠰ ᠤᠨ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ | ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ 2020 ᠣᠨ ᠤ ᠰᠡᠭᠦᠯᠴᠢ ᠠᠴᠠ ᠡᠮᠦᠨ᠎ᠡ᠂ ᠬᠢᠨᠠᠯᠲᠠ | ᠬᠠᠮᠢᠶᠠᠷᠤᠯᠲᠠ ᠶᠢᠨ ᠦᠨᠡᠮᠯᠡᠯ ᠢ ᠴᠥᠮ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ | ᠭᠦᠢᠴᠡᠳᠬᠡᠬᠦ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠪᠠᠷ ᠨᠡᠪᠲᠡᠷᠡᠬᠦ ᠴᠣᠪᠣᠷᠠᠯ ᠪᠣᠯᠣᠨ ᠠᠵᠢᠯᠯᠠᠭᠠᠨ ᠤ ᠵᠠᠭᠪᠤᠷ ᠢ | ᠰᠢᠯᠢᠳᠡᠭᠵᠢᠭᠦᠯᠦᠨ᠎ᠡ | 3. ᠪᠣᠭᠤᠮᠲᠠ ᠬᠢᠭᠡᠳ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠦᠬᠦ | ᠲᠠᠯ᠎ᠠ ᠪᠠᠷ ᠠᠭᠤᠰᠤᠯᠴᠠᠬᠤ ᠶᠢ ᠲᠥᠯᠬᠢᠨ ᠠᠬᠢᠭᠤᠯᠵᠤ᠂ ︽ᠲᠠᠪᠤᠨ ᠨᠢᠭᠡᠳᠦᠯᠲᠡᠢ︾᠄ ᠭᠤᠶᠤᠴᠢᠯᠠᠨ ᠮᠡᠳᠡᠭᠦᠯᠬᠦ | ᠨᠢᠭᠡᠳᠦᠯᠲᠡᠢ ᠳᠠᠩ ᠭᠠᠭᠴᠠ ᠦᠨᠡᠮᠯᠡᠯ᠂ ᠠᠵᠢᠯᠯᠠᠭᠠᠨ ᠤ ᠨᠢᠭᠡᠳᠦᠯᠲᠡᠶ ᠰᠢᠰᠲ᠋ᠧᠮ᠂ ᠲᠦᠭᠰᠢᠭᠦᠷᠢ ᠶᠢ ᠨᠢᠭᠡᠳᠦᠯᠲᠡᠶ | ᠰᠤᠳᠤᠯᠤᠨ ᠮᠠᠭᠠᠳᠯᠠᠬᠤ᠂ ᠵᠠᠷᠯᠢᠭ ᠢ ᠨᠢᠭᠡᠳᠦᠯᠲᠡᠶ ᠪᠠᠭᠤᠯᠭᠠᠵᠤ᠂ ᠲᠤᠬᠠᠶ ᠶᠢᠨ ᠭᠠᠵᠠᠷ ᠲᠤ ᠨᠢ ᠨᠢᠭᠡᠳᠦᠯᠲᠡᠶ ᠬᠠᠤᠯᠢ | ᠭᠦᠢᠴᠡᠳᠬᠡᠬᠦ ᠶᠢ ᠪᠡᠶᠡᠯᠡᠭᠦᠯᠦᠨ᠎ᠡ᠃ ᠪᠣᠭᠤᠮᠲᠠ ᠵᠡᠷᠭᠡ ᠰᠠᠯᠠᠭ᠎ᠠ ᠮᠥᠴᠢᠷ ᠨᠢ ᠪᠠᠶᠢᠴᠠᠭᠠᠬᠤ ᠵᠠᠩᠭᠢᠯᠠᠭ᠎ᠠ ᠶᠢᠨ | ᠭᠤᠭᠴᠣᠭᠠᠨ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠵᠣᠬᠢᠰᠲᠠᠢ ᠴᠠᠭ ᠬᠤᠭᠤᠴᠠᠭᠠᠨ ᠳᠤ ᠠᠳᠠᠯᠢ ᠨᠢᠭᠡ ᠡᠲᠡᠭᠡᠳ ᠢ | ᠰᠠᠯᠠᠭ᠎ᠠ ᠮᠥᠴᠢᠷ ᠠᠯᠤᠰᠯᠠᠨ ᠨᠢᠭᠡ ᠯᠡ ᠤᠳᠠᠭ᠎ᠠ ᠳᠡᠭᠡᠷ᠎ᠡ ᠬᠤᠯᠪᠣᠭᠠᠯᠠᠨ ᠪᠠᠶᠢᠴᠠᠭᠠᠨ᠎ᠠ᠂ ᠲᠤᠷᠰᠢᠯᠲᠠ ᠶᠢᠨ ᠴᠡᠭ ᠨᠢ | ᠠᠮᠵᠢᠯᠲᠠ ᠲᠠᠢ ᠪᠣᠯᠣᠭᠰᠠᠨ ᠤ ᠳᠠᠷᠠᠭ᠎ᠠ ᠪᠥᠬᠦ ᠣᠷᠣᠨ ᠳᠤ ᠢᠳᠡᠪᠬᠢᠲᠡᠶ ᠪᠠᠷ ᠳᠡᠯᠭᠡᠷᠡᠭᠦᠯᠦᠨ᠎ᠡ᠃ | ᠪᠣᠭᠤᠮᠲᠠ ᠶᠢᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ | ᠮᠥᠴᠢᠷ ᠤᠨ ᠲᠤᠭ᠎ᠠ ᠪᠠᠷᠢᠮᠲᠠ ᠶᠢ ᠰᠢᠭᠤᠳ ᠬᠡᠷᠡᠭᠯᠡᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭ᠎ᠠ ᠶᠢᠨ ᠬᠦᠯᠢᠶᠡᠠ ᠠᠪᠤᠭᠴᠢ ᠪᠣᠯᠣᠨ ᠢᠯᠡᠭᠡᠭᠴᠢ ᠶᠢ ᠳᠠᠩᠰᠠᠯᠠᠨ ᠲᠡᠮᠳᠡᠭᠯᠡᠵᠦ ᠪᠣᠯᠣᠨ᠎ᠠ᠃ ᠪᠣᠭᠤᠮᠲᠠ ᠪᠣᠯᠣᠨ | ᠲᠡᠮᠦᠷ ᠵᠠᠮ ᠤᠨ ᠬᠢᠨ ᠤ ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠶᠢ ᠠᠬᠢᠭᠤᠯᠵᠤ᠂ ᠲᠡᠮᠦᠷ ᠵᠠᠮ ᠤᠨ ᠪᠠᠷᠠᠭ᠎ᠠ | ᠲᠡᠭᠡᠭᠡᠪᠦᠷᠢᠯᠡᠬᠦ ᠠᠵᠢᠯ ᠳᠤ ᠴᠠᠭᠠᠰᠤ ᠬᠡᠷᠡᠭᠯᠡᠬᠦ ᠥᠭᠡᠢ ᠪᠣᠯᠭᠠᠬᠤ ᠶᠢ ᠢᠳᠡᠪᠬᠢᠲᠡᠶ ᠠᠬᠢᠭᠤᠯᠤᠨ᠎ᠠ᠃ ︵ᠬᠥᠬᠡᠬᠤᠲᠠ | ᠪᠣᠭᠤᠮᠲᠠ᠂ ᠮᠠᠨᠵᠤᠤᠷ ᠪᠣᠭᠤᠮᠲᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠠᠷᠠᠳ ᠤᠨ ᠠᠭᠠᠷ ᠠᠶᠠᠯᠠᠯ ᠤᠨ ᠨᠢᠰᠬᠡᠯ ᠤᠨ ᠪᠠᠭᠤᠳᠠᠯ ᠤᠨ | ᠪᠦᠯᠦᠭᠯᠡᠯ ᠤᠨ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ ᠲᠣᠪᠴᠢᠶ᠎ᠠ ᠶᠢᠨ ᠮᠠᠨᠵᠤᠤᠷ ᠥᠷᠲᠡᠭᠡ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠪᠣᠯᠤᠨ ᠨᠢᠭᠡᠴᠢ ᠬᠠᠮᠵᠢᠯᠴᠠᠨ᠎ᠠ︶ | 4. ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠡᠩ ᠤᠨ ᠬᠢᠨᠠᠨ ᠬᠠᠮᠢᠶᠠᠷᠴᠤ | ᠪᠠᠶᠢᠭᠰᠠᠨ ᠠᠴᠠ ᠨᠢ ᠬᠡᠪ ᠤᠨ ᠪᠠᠶᠢᠳᠠᠯ ᠢᠶᠠᠷ ᠪᠠᠶᠢᠴᠠᠭᠠᠬᠤ᠂ ᠭᠠᠶᠢᠯᠢ ᠪᠠᠲᠤᠯᠠᠬᠤ ᠶᠢᠨ ᠬᠢᠨᠠᠨ ᠪᠠᠶᠢᠴᠠᠭᠠᠬᠤ ᠪᠠ | ᠭᠠᠶᠢᠯᠢ ᠪᠠᠲᠤᠯᠠᠬᠤ ᠪᠠᠷᠠᠭ᠎ᠠ ᠶᠢ ᠬᠢᠨᠠᠨ ᠬᠠᠮᠢᠶᠠᠷᠬᠤ ᠵᠡᠷᠭᠡ ᠪᠥᠬᠦ ᠬᠠᠤᠯᠢ ᠬᠡᠷᠡᠭᠵᠢᠭᠦᠯᠬᠦ ᠬᠦᠷᠢᠶᠡᠨ ᠳᠤ ᠬᠦᠷᠲᠡᠯ᠎ᠡ | ᠥᠷᠭᠡᠳᠬᠡᠨ᠎ᠡ᠃ ᠪᠥᠬᠦ ᠬᠡᠯᠬᠢᠶᠡᠰᠦᠨ ᠳᠠᠬᠢ ᠬᠢᠨᠠᠨ ᠬᠠᠮᠢᠶᠠᠷᠬᠤ ᠶᠢᠨ ︽ᠰᠣᠩᠭᠤᠬᠤ᠂ ᠪᠠᠶᠢᠴᠠᠭᠠᠬᠤ᠂ | ᠰᠢᠢᠳᠪᠦᠷᠢᠯᠡᠬᠦ︾ ᠶᠢ ᠨᠢ ᠰᠠᠯᠭᠠᠬᠤ ᠶᠢ ᠠᠬᠢᠭᠤᠯᠤᠨ᠂ ᠡᠯᠧᠺᠲᠷᠦᠨᠴᠢᠯᠡᠭᠰᠡᠨ ᠠᠷᠭ᠎ᠠ ᠪᠠᠷᠢᠯ ᠢ ᠳᠡᠯᠭᠡᠷᠡᠭᠦᠯᠦᠨ | ᠬᠡᠷᠡᠭᠯᠡᠵᠦ᠂ ︽ᠬᠤᠶᠠᠷ ᠢ ᠰᠤᠭᠤᠴᠢᠬᠤ︾ ᠪᠠᠶᠢᠴᠠᠭᠠᠯᠲᠠ ᠳᠤ ᠪᠦᠬᠦ ᠶᠠᠪᠤᠴᠠ ᠪᠠᠷ ᠨᠢ ᠪᠢᠴᠢᠵᠦ ᠲᠡᠮᠳᠡᠭᠯᠡᠨ᠂ | ᠬᠠᠷᠢᠭᠤᠴᠠᠯᠭ᠎ᠠ ᠶᠢ ᠮᠥᠷᠳᠡᠨ ᠤᠬᠤᠴᠢᠯᠠᠵᠤ ᠪᠣᠯᠬᠤ ᠶᠢ ᠪᠡᠶᠡᠯᠡᠭᠦᠯᠵᠦ᠂ ︽ᠬᠤᠶᠠᠷ ᠢ ᠰᠤᠭᠤᠴᠢᠬᠤ︾ ᠶᠢᠨ ᠬᠢᠨᠠᠨ | ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ | ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ | ᠬᠠᠮᠵᠢᠯᠴᠠᠨ᠎ᠠ︶ | 5. ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ︽ᠤᠷᠢᠳᠴᠢᠯᠠᠨ ᠭᠤᠶᠤᠴᠢᠯᠠᠵᠤ ᠮᠡᠳᠡᠭᠦᠯᠬᠦ︾ | ᠬᠠᠷᠢᠴᠠᠯ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ︽ᠤᠷᠢᠳᠴᠢᠯᠠᠨ ᠭᠤᠶᠤᠴᠢᠯᠠᠵᠤ ᠮᠡᠳᠡᠭᠦᠯᠬᠦ︾ ᠪᠠᠷ | ᠠᠵᠢᠯᠯᠠᠬᠤ ᠶᠢ ᠵᠣᠷᠢᠬᠵᠢᠭᠤᠯᠤᠨ᠂ ᠳᠠᠩ ᠭᠠᠭᠴᠠ ᠦᠨᠡᠮᠯᠡᠯ ᠢᠶᠠᠷ ᠬᠢᠨᠠᠨ ᠬᠠᠷᠭᠤᠭᠤᠯᠬᠤ ᠪᠠ ᠪᠠᠷᠠᠭ᠎ᠠ | ᠲᠡᠭᠡᠭᠡᠪᠦᠷᠢᠯᠡᠬᠦ ᠠᠵᠢᠯ ᠢᠶᠠᠨ ᠤᠷᠢᠳᠴᠢᠯᠠᠨ ᠭᠦᠢᠴᠡᠳᠬᠡᠵᠦ᠂ ᠬᠢᠵᠠᠭᠠᠷᠯᠠᠨ ᠡᠵᠡᠮᠳᠡᠵᠦ ᠪᠠᠶᠢᠴᠠᠭᠠᠨ ᠰᠢᠯᠭᠠᠬᠤ | ᠪᠠᠷᠠᠭ᠎ᠠ ᠪᠢᠰᠢ ᠪᠣᠯ ᠬᠢᠯᠢ ᠶᠢᠨ ᠪᠣᠭᠤᠮᠲᠠ ᠳᠤ ᠢᠷᠡᠮᠡᠭᠴᠡ ᠪᠠᠷᠠᠭ᠎ᠠ ᠶᠢ ᠨᠢ ᠬᠢᠯᠢ ᠶᠢᠨ ᠪᠣᠭᠤᠮᠲᠠ ᠪᠠᠷ ᠨᠡᠪᠲᠡᠷᠡᠭᠦᠯᠦᠨ | ᠥᠩᠭᠡᠷᠡᠭᠦᠯᠵᠦ ᠪᠣᠯᠣᠨ᠎ᠠ᠃ ᠪᠠᠶᠢᠴᠠᠭᠠᠬᠤ ᠥᠷᠲᠡᠭᠡ ᠪᠠᠷ ᠬᠠᠷᠭᠤᠭᠤᠯᠤᠨ ᠨᠡᠪᠲᠡᠷᠡᠭᠦᠯᠬᠦ ᠠᠵᠢᠯ ᠤᠨ ᠨᠢᠭᠡᠳᠦᠯᠲᠡᠶ | ᠵᠠᠭᠪᠤᠷ ᠢ ᠪᠠᠶᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠨᠥᠬᠦᠴᠡᠯ ᠪᠦᠷᠢᠳᠦᠭᠰᠡᠨ ᠵᠠᠰᠠᠮᠠᠯ | ᠵᠠᠮ ᠤᠨ ᠬᠢᠯᠢ ᠶᠢᠨ ᠪᠣᠭᠤᠮᠲᠠ ᠳᠤ ᠡᠬᠢᠯᠡᠭᠦᠯᠦᠨ ᠠᠵᠢᠯᠯᠠᠭᠰᠠᠨ ︽ᠤᠷᠢᠳᠴᠢᠯᠠᠨ ᠭᠤᠶᠤᠴᠢᠯᠠᠵᠤ ᠮᠡᠳᠡᠭᠦᠯᠦᠨ᠂ | ᠪᠠᠶᠢᠴᠠᠭᠠᠬᠤ ᠥᠷᠲᠡᠭᠡ ᠪᠠᠷ ᠪᠠᠶᠢᠴᠠᠭᠠᠵᠤ ᠰᠢᠯᠭᠠᠨ ᠨᠡᠪᠲᠡᠷᠡᠭᠦᠯᠬᠦ︾ ᠬᠢᠨᠠᠨ ᠬᠠᠮᠢᠶᠠᠷᠬᠤ ᠠᠵᠢᠯ ᠤᠨ ᠵᠠᠭᠪᠤᠷ ᠤᠨ | ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠪᠦᠬᠦ ᠤᠯᠤᠰ ᠤᠨ ᠪᠣᠭᠤᠮᠲᠠ ᠪᠠᠷ ᠥᠩᠭᠡᠷᠡᠬᠦ ᠶᠢ ᠨᠢᠭᠡ | ᠴᠤᠭᠴᠠᠵᠢᠭᠤᠯᠬᠤ ᠶᠢᠨ ︽ᠨᠢᠭᠡ ᠤᠳᠠᠭ᠎ᠠ ᠭᠤᠶᠤᠴᠢᠯᠠᠨ ᠮᠡᠳᠡᠭᠦᠯᠵᠦ᠂ ᠠᠯᠬᠤᠮ ᠬᠤᠪᠢᠶᠠᠨ ᠰᠢᠢᠳᠪᠦᠷᠢᠯᠡᠬᠦ︾ | ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠢᠶᠠᠷ ᠵᠥᠪᠰᠢᠶᠡᠷᠡᠨ ᠣᠷᠣᠭᠤᠯᠬᠤ ᠪᠠ ᠭᠠᠶᠢᠯᠢ ᠲᠠᠲᠠᠪᠤᠷᠢ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠤᠷᠢᠳᠴᠢᠯᠠᠵᠤ ᠭᠦᠢᠴᠡᠳᠬᠡᠪᠡᠰᠦ ᠵᠣᠬᠢᠬᠤ ᠶᠢ ᠤᠷᠢᠳ ᠢᠶᠠᠷ | ᠬᠢᠵᠦ ᠳᠠᠷᠠᠭ᠎ᠠ ᠪᠠᠷ ᠬᠢᠪᠡᠰᠦ ᠵᠣᠬᠢᠬᠤ ᠶᠢ ᠨᠢ ᠳᠠᠷᠠᠭᠠᠯᠠᠨ ᠭᠦᠢᠴᠡᠳᠬᠡᠨ᠎ᠡ᠃ ︵ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ ᠲᠦᠷᠦᠭᠦᠯᠡᠵᠦ᠂ ᠥᠪᠥᠷ ᠮᠣᠩᠭᠤᠯ ᠤᠨ ᠠᠷᠠᠳ ᠤᠨ ᠠᠭᠠᠷ ᠠᠶᠠᠯᠠᠯ ᠤᠨ ᠨᠢᠰᠬᠡᠯ ᠤᠨ ᠪᠠᠭᠤᠳᠠᠯ ᠤᠨ | ᠪᠦᠯᠦᠭᠯᠡᠯ ᠤᠨ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ ᠲᠣᠪᠴᠢᠶ᠎ᠠ ᠶᠢᠨ ᠮᠠᠨᠵᠤᠤᠷ ᠥᠷᠲᠡᠭᠡ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠪᠣᠯᠤᠨ ᠨᠢᠭᠡᠴᠢ ᠬᠠᠮᠵᠢᠯᠴᠠᠨ᠎ᠠ︶ | 6. ᠠᠵᠤ ᠠᠬᠤᠶᠢᠯᠠᠯ ᠤᠨ ᠢᠲᠡᠭᠡᠮᠵᠢ ᠰᠠᠶᠢᠲᠠᠢ ᠳᠤ ᠳᠠᠭᠠᠭᠠᠯᠲᠠ ᠬᠢᠬᠦ᠂ ᠠᠵᠤ ᠠᠬᠤᠶᠢᠯᠠᠯ ᠤᠨ | ᠪᠦᠯᠦᠭᠯᠡᠯ ᠤᠨ ᠡᠳ᠋ ᠤᠨ ᠶᠠᠪᠤᠳᠠᠯ ᠤᠨ ᠺᠣᠮᠫᠠᠨᠢ ᠳᠠᠭᠠᠭᠠᠯᠲᠠ ᠬᠢᠬᠦ ᠵᠡᠷᠭᠡ ᠣᠯᠠᠨ ᠡᠰᠢᠵᠢᠭᠰᠡᠨ ᠭᠠᠶᠢᠯᠢ | ᠲᠠᠲᠠᠪᠤᠷᠢ ᠶᠢᠨ ᠳᠠᠭᠠᠭᠠᠯᠲᠠ ᠬᠢᠬᠦ ᠶᠢ ᠥᠭᠡᠷᠡᠴᠢᠯᠡᠵᠦ ᠰᠢᠨ᠎ᠡ ᠡᠭᠦᠳᠦᠯᠲᠡ ᠲᠠᠢ ᠪᠠᠶᠢᠬᠤ ᠶᠢ ᠨᠢ ᠠᠬᠢᠭᠤᠯᠤᠨ᠂ ᠪᠠᠯᠠ | ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠳᠠᠭᠠᠭᠠᠯᠲᠠ ᠬᠢᠬᠦ ᠡᠷᠴᠢᠮ ᠢ ᠴᠢᠩᠭᠠᠷᠠᠭᠤᠯᠵᠤ᠂ ᠲᠠᠲᠠᠪᠤᠷᠢᠯᠠᠭᠰᠠᠨ | ᠭᠠᠶᠢᠯᠢ ᠶᠢᠨ ᠬᠤᠷᠢᠶᠠᠩᠭᠤᠶᠢᠯᠠᠬᠤ ᠠᠵᠢᠯ ᠢ ᠢᠳᠡᠪᠬᠢᠲᠡᠶ ᠠᠬᠢᠭᠤᠯᠤᠨ᠂ ᠭᠠᠶᠢᠯᠢ ᠲᠤᠰᠢᠶᠠᠪᠠᠰᠤ ᠵᠣᠬᠢᠬᠤ | ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠪᠣᠭᠤᠮᠲᠠ | ᠬᠥᠮᠥᠷᠭᠡ ᠪᠠᠩᠬᠢ ᠶᠢᠨ ᠬᠥᠨᠳᠡᠯᠡᠨ ᠢᠶᠠᠷ ᠰᠦᠯᠵᠢᠶ᠎ᠡ ᠪᠠᠨ ᠬᠤᠯᠪᠣᠬᠤ ᠶᠢ ᠢᠳᠡᠪᠬᠢᠲᠡᠢ ᠠᠬᠢᠭᠤᠯᠵᠤ᠂ ᠭᠠᠶᠢᠯᠢ ᠶᠢᠨ | ᠬᠠᠭᠤᠳᠠᠰᠤ ᠳᠤ ᠴᠠᠭᠠᠰᠤ ᠬᠡᠷᠡᠭᠯᠡᠬᠦ ᠥᠬᠡᠶ ᠪᠣᠯᠭᠠᠬᠤ ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠤᠨ᠎ᠠ᠃ ︵ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 7. ᠳᠤᠮᠳᠠᠳᠤ ᠮᠣᠩᠭᠤᠯ ᠤᠨ ᠪᠣᠭᠤᠮᠲᠠ ᠶᠢᠨ ᠬᠠᠮᠲᠤᠷᠠᠭᠰᠠᠨ ᠬᠢᠨᠠᠵᠤ ᠬᠠᠮᠢᠶᠠᠷᠬᠤ ᠠᠵᠢᠯ ᠢ | ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠨ ᠪᠣᠭᠤᠮᠲᠠ ᠶᠢᠨ ᠪᠠᠷᠠᠭ᠎ᠠ ᠲᠡᠭᠡᠭᠡᠰᠢ ᠶᠢᠨ ᠨᠠᠷᠢᠨ ᠬᠠᠭᠤᠳᠠᠰᠤᠨ ᠤ | ᠡᠯᠧᠺᠲᠷᠣᠨ ᠲᠤᠭ᠎ᠠ ᠪᠠᠷᠢᠮᠲᠠ ᠪᠠᠨ ᠳᠠᠮᠵᠢᠭᠤᠯᠬᠤ ᠶᠢ ᠪᠡᠶᠡᠯᠡᠭᠦᠯᠦᠨ᠂ ᠳᠤᠮᠳᠠᠳᠤ ᠮᠣᠩᠭᠤᠯ ᠤᠨ ᠪᠣᠭᠤᠮᠲᠠ ᠳᠠᠬᠢ ︽ | ᠪᠠᠶᠢᠴᠠᠭᠠᠵᠤ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ︾ ᠠᠵᠢᠯ ᠢ ᠲᠤᠷᠰᠢᠨ ᠥᠷᠨᠢᠭᠦᠯᠵᠦ᠂ | ᠳᠤᠮᠳᠠᠳᠤ ᠮᠣᠩᠭᠤᠯ ᠤᠨ ᠬᠢᠯᠢ ᠶᠢᠨ ᠠᠷᠠᠯᠵᠢᠶᠠᠨ ᠤ ᠪᠦᠷᠢᠳᠬᠡᠭᠰᠡᠨ ᠲᠤᠭ᠎ᠠ ᠪᠠᠷᠢᠮᠲᠠ ᠪᠠᠨ ᠰᠣᠯᠢᠯᠴᠠᠬᠤ | ᠲᠤᠷᠰᠢᠯᠲᠠ ᠶᠢᠨ ᠴᠡᠭ ᠢ ᠲᠣᠭᠲᠠᠭᠤᠨ ᠢᠶᠠᠷ ᠥᠷᠭᠡᠳᠬᠡᠨ᠂ ᠳᠤᠮᠳᠠᠳᠤ ᠮᠣᠩᠭᠤᠯ ᠤᠨ ᠪᠣᠭᠤᠮᠲᠠ ᠶᠢᠨ ︽ᠨᠢᠭᠡ ᠯᠠ | ᠴᠣᠩᠬᠤᠪᠴᠢ ᠪᠠᠷ ᠭᠦᠢᠴᠡᠳᠬᠡᠬᠦ︾ ᠥᠭᠡᠷᠡᠴᠢᠯᠡᠯᠲᠡ ᠶᠢ ᠪᠡᠶᠡᠯᠡᠭᠦᠯᠬᠦ ᠳᠤ ᠪᠦᠲᠦᠮᠵᠢᠲᠡᠶ ᠠᠷᠭ᠎ᠠ ᠵᠠᠮ ᠢ | ᠰᠦᠪᠡᠭᠴᠢᠯᠡᠨ᠎ᠡ᠃ ᠳᠤᠮᠳᠠᠳᠤ ᠣᠷᠣᠰ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢᠶᠠᠨ | ᠬᠠᠷᠢᠯᠴᠠᠨ ᠮᠡᠳᠡᠷᠡᠬᠦ ᠲᠠᠸᠠᠷ ᠤᠨ ᠬᠡᠪᠴᠢᠶ᠎ᠡ ᠶᠢ ᠢᠳᠡᠪᠬᠢᠲᠡᠶ ᠥᠷᠭᠡᠳᠬᠡᠵᠦ᠂ ᠲᠤᠭ᠎ᠠ ᠪᠠᠷᠢᠮᠲᠠ ᠰᠣᠯᠢᠯᠴᠠᠬᠤ ᠠᠵᠢᠯ | ᠥᠷᠨᠢᠭᠦᠯᠬᠦ ᠶᠢ ᠠᠬᠢᠭᠤᠯᠤᠨ᠎ᠠ᠃ ᠭᠠᠳᠠᠭᠠᠳᠤ ᠠᠴᠠ ᠣᠷᠣᠭᠤᠯᠬᠤ ᠠᠭᠤᠷᠬᠠᠶ ᠶᠢᠨ ᠭᠠᠷᠤᠯᠲᠠ ᠵᠡᠷᠭᠡ | ᠭᠦᠢᠯᠭᠡᠭᠡᠨ ᠢᠶᠠᠷ ᠶᠡᠭᠡ ᠪᠠᠶᠢᠬᠤ ᠡᠬᠢ ᠪᠠᠶᠠᠯᠢᠭ ᠤᠨ ᠴᠢᠨᠠᠷᠲᠠᠶ ᠲᠠᠸᠠᠷ ᠲᠤ ︽ᠤᠷᠢᠳ ᠢᠶᠠᠷ ᠪᠠᠶᠢᠴᠠᠭᠠᠵᠤ ᠰᠢᠯᠭᠠᠨ | ᠪᠣᠭᠤᠮᠲᠠ ᠪᠠᠷ ᠥᠩᠭᠡᠷᠡᠭᠦᠯᠦᠭᠡᠳ ᠪᠠᠶᠢᠴᠠᠭᠠᠨ ᠰᠢᠨᠵᠢᠳᠡᠭ︾ ᠪᠠᠶᠢᠴᠠᠭᠠᠨ ᠰᠢᠯᠭᠠᠵᠤ ᠬᠢᠨᠠᠨ ᠬᠠᠮᠢᠶᠠᠷᠬᠤ ᠠᠷᠭ᠎ᠠ | ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠭᠠᠵᠠᠷ ᠣᠷᠣᠨ ᠤ ᠪᠣᠳᠠᠲᠠᠢ ᠲᠠᠢ ᠨᠡᠶᠢᠴᠡᠬᠦ ᠪᠠᠶᠢᠴᠠᠭᠠᠨ ᠰᠢᠯᠭᠠᠵᠤ | ᠬᠢᠵᠢᠭ ᠪᠠᠶᠢᠴᠠᠭᠠᠬᠤ ᠠᠷᠭ᠎ᠠ ᠳᠤ ᠰᠢᠨ᠎ᠡ ᠶᠢ ᠡᠭᠦᠳᠴᠦ᠂ ᠪᠠᠶᠢᠴᠠᠭᠠᠨ ᠰᠢᠯᠭᠠᠵᠤ ᠬᠢᠵᠢᠭ ᠪᠠᠶᠢᠴᠠᠭᠠᠬᠤ ᠦᠶᠡᠯᠡᠯ ᠤᠨ | ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 8. ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠲᠣᠭᠲᠠᠴᠠ ᠶᠢ ᠣᠷᠣᠭᠤᠯᠵᠤ᠂ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠰᠢᠯᠭᠠᠨ ᠰᠢᠨᠵᠢᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠨᠡᠶᠢᠭᠡᠮ ᠤᠨ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠤ ᠭᠤᠷᠪᠠᠳᠠᠬᠢ ᠡᠲᠡᠭᠡᠳ ᠤᠨ ᠬᠢᠨ ᠤ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠭᠰᠡᠨ ᠦᠷ᠎ᠡ ᠳ᠋ᠦᠩ ᠢᠶᠠᠷ ᠮᠡᠳᠡᠭᠡ ᠵᠠᠩᠭᠢ ᠴᠤᠭᠯᠠᠭᠤᠯᠬᠤ ᠲᠦᠷᠢᠮ ᠢ | ᠳᠡᠯᠭᠡᠷᠡᠭᠦᠯᠦᠨ᠂ ᠨᠡᠶᠢᠭᠡᠮ ᠤᠨ ᠬᠢᠨ ᠤ ᠪᠠᠶᠢᠴᠠᠭᠠᠨ ᠬᠡᠮᠵᠢᠵᠦ ᠰᠢᠨᠵᠢᠬᠦ ᠬᠦᠴᠦᠨ ᠢ ᠨᠡᠩ ᠰᠠᠶᠢᠨ ᠪᠠᠳᠠᠷᠠᠭᠤᠯᠵᠤ᠂ | ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ | ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ | ᠬᠠᠮᠵᠢᠯᠴᠠᠨ᠎ᠠ︶ | ︵ᠭᠤᠷᠪᠠ︶ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠪᠠᠨ ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠪᠠ | ᠬᠢᠷᠢ ᠲᠦᠪᠰᠢᠨ ᠢ ᠳᠡᠭᠡᠭᠰᠢᠯᠡᠭᠦᠯᠦᠨ᠎ᠡ | 9. ︽ᠨᠢᠭᠡ ᠯᠠ ᠴᠣᠩᠬᠤᠪᠴᠢ ᠪᠠᠷ ᠭᠦᠢᠴᠡᠳᠬᠡᠬᠦ︾ ᠵᠡᠷᠭᠡ ᠮᠡᠳᠡᠭᠡ ᠵᠠᠩᠭᠢ ᠶᠢᠨ ᠲᠠᠪᠴᠠᠩ ᠢᠶᠠᠷ | ᠳᠠᠮᠵᠢᠭᠤᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠂ ᠬᠢᠯᠢ ᠶᠢᠨ | ᠪᠣᠭᠤᠮᠲᠠ ᠶᠢᠨ ᠠᠵᠢᠯ ᠤᠨ ᠲᠠᠯᠠᠪᠤᠷ ᠦᠷᠳᠡᠭᠡ ᠳᠤ ᠪᠠᠶᠢᠴᠠᠭᠠᠨ ᠰᠢᠯᠭᠠᠬᠤ ᠮᠡᠳᠡᠭᠳᠡᠯ ᠢ ᠬᠦᠷᠭᠡᠵᠦ᠂ ᠪᠣᠭᠤᠮᠲᠠ ᠪᠠᠷ | ᠥᠩᠭᠡᠷᠡᠬᠦ ᠪᠣᠳᠠᠲᠤ ᠦᠷ᠎ᠡ ᠪᠦᠲᠦᠮᠵᠢ ᠶᠢᠨ ᠲᠥᠰᠥᠭᠡᠯᠡᠵᠦ ᠪᠣᠯᠬᠤᠶᠢᠴᠠ ᠴᠢᠨᠠᠷ ᠢ ᠴᠢᠩᠭᠠᠳᠬᠠᠨ᠎ᠠ᠃ ᠬᠢᠯᠢ ᠪᠠᠷ | ᠨᠡᠪᠲᠡᠷᠡᠬᠦ ᠲᠡᠭᠡᠭᠡᠪᠦᠷᠢ ᠶᠢᠨ ᠪᠠᠭᠠᠵᠢ ᠨᠢ ᠬᠢᠯᠢ ᠶᠢᠨ ᠪᠣᠭᠤᠮᠲᠠ ᠳᠤ ᠬᠦᠷᠬᠦ ᠠᠴᠠ ᠡᠮᠦᠨ᠎ᠡ᠂ ᠬᠢᠯᠢ ᠶᠢᠨ | ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠡᠯᠧᠺᠲᠷᠣᠨ ᠲᠤᠭ᠎ᠠ | ᠪᠠᠷᠢᠮᠲᠠ ᠶᠢ ᠨᠢ ᠰᠦᠯᠵᠢᠶ᠎ᠡ ᠪᠠᠷ ᠬᠢᠨᠠᠨ ᠬᠠᠷᠭᠤᠭᠤᠯᠬᠤ ᠶᠢᠨ ᠬᠠᠮᠲᠤ ᠲᠡᠷᠭᠡᠨ ᠤ ᠥᠷᠲᠡᠭᠡ ᠵᠢᠴᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠣᠷᠣᠯᠠᠨ ᠭᠦᠢᠴᠡᠳᠬᠡᠭᠴᠢ ᠳᠤ ᠳᠠᠷᠦ᠋ᠢᠬᠠᠨ | ᠬᠠᠷᠢᠭᠤ ᠥᠭᠭᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠳᠤᠮᠳᠠᠳᠤ ᠤᠯᠤᠰ ᠤᠨ ᠲᠡᠮᠦᠷ ᠵᠠᠮ ᠤᠨ | ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ | ᠲᠣᠪᠴᠢᠶ᠎ᠠ ᠶᠢᠨ ᠮᠠᠨᠵᠤᠤᠷ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 10. ᠣᠷᠣᠰ᠂ ᠮᠣᠩᠭᠤᠯ ᠤᠯᠤᠰ ᠯᠤᠭ᠎ᠠ ᠶᠢᠨ ᠬᠠᠮᠲᠤ ᠪᠠᠷ ᠬᠢᠨᠠᠨ ᠬᠠᠮᠢᠶᠠᠷᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠬᠤ ᠪᠠ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠨᠢᠭᠲᠠ ᠣᠶᠢᠯᠠᠭᠠᠯᠴᠠᠨ ᠨᠡᠪᠲᠡᠷᠡᠯᠴᠡᠵᠦ ᠬᠠᠷᠢᠯᠴᠠᠬᠤ | ᠳᠦᠷᠢᠮ ᠪᠣᠯᠣᠨ ᠰᠢᠭᠤᠳ ᠰᠢᠯᠤᠭᠤᠨ ᠢᠶᠠᠷ ᠬᠠᠮᠲᠤᠷᠠᠨ ᠬᠦᠳᠡᠯᠦᠯᠴᠡᠭᠰᠡᠨ ᠪᠣᠭᠤᠮᠲᠠ ᠪᠠᠷ ᠥᠩᠭᠡᠷᠡᠬᠦ ᠵᠠᠭᠪᠤᠷ | ᠪᠠᠶᠢᠭᠤᠯᠬᠤ ᠶᠠᠪᠤᠳᠠᠯ ᠢ ᠢᠳᠡᠪᠬᠢᠲᠡᠶ ᠠᠬᠢᠭᠤᠯᠤᠨ᠂ ᠬᠤᠶᠠᠷ ᠲᠠᠯ᠎ᠠ ᠶᠢᠨ ᠠᠵᠢᠯ ᠤᠨ ᠨᠡᠶᠢᠯᠡᠮᠡᠯ ᠬᠦᠴᠦᠨ ᠢ | ᠴᠢᠷᠮᠠᠶᠢᠨ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ᠂ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ᠳᠤᠮᠳᠠᠳᠤ ᠪᠣᠯᠣᠨ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠠᠵᠢᠯᠯᠠᠭᠠᠨ ᠪᠠ | ᠬᠥᠭᠵᠢᠯᠲᠡ ᠶᠢ ᠳᠡᠮᠵᠢᠵᠦ᠂ ᠳᠤᠮᠳᠠᠳᠤ ᠪᠣᠯᠣᠨ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠰᠠᠭᠠᠳ ᠥᠭᠡᠢ | ᠨᠡᠪᠲᠡᠷᠡᠬᠦ ᠵᠠᠮ ᠢ ᠪᠣᠢ ᠪᠣᠯᠭᠠᠨ᠂ ᠡᠭᠡᠯᠵᠢ ᠶᠢᠨ ᠭᠠᠯᠲᠤ ᠲᠡᠷᠭᠡᠨ ᠳᠤ ︽ᠲᠤᠰᠬᠠᠶ ᠠᠵᠢᠯᠲᠠᠨ ᠪᠣᠯᠣᠨ ᠲᠤᠰᠬᠠᠶ | ᠠᠵᠢᠯ ᠤᠨ ᠪᠠᠶᠢᠷᠢ ᠲᠠᠢ ᠪᠠᠶᠢᠯᠭᠠᠵᠤ᠂ 24 ᠴᠠᠭ ᠢᠶᠠᠷ ᠪᠣᠭᠤᠮᠲᠠ ᠥᠩᠭᠡᠷᠡᠬᠦ ᠶᠢ ᠪᠣᠯᠵᠣᠬᠤ︾ ᠵᠡᠷᠭᠡ | ᠦᠢᠯᠡᠴᠢᠯᠡᠭᠡ ᠶᠢ ᠬᠠᠩᠭᠠᠵᠤ᠂ ᠡᠭᠡᠯᠵᠢ ᠶᠢᠨ ᠭᠠᠯᠲᠤ ᠲᠡᠷᠭᠡ ᠢᠷᠡᠮᠡᠭᠴᠡ ᠪᠠᠷᠢᠨ ᠦᠢᠯᠡᠴᠢᠯᠡᠬᠦ ᠪᠠᠶᠢᠴᠠᠭᠠᠬᠤ | ᠰᠢᠯᠭᠠᠬᠤ ᠥᠩᠭᠡᠷᠡᠭᠦᠯᠬᠦ ᠠᠵᠢᠯ ᠢ ᠭᠦᠢᠴᠡᠳᠬᠡᠨ᠂ ᠡᠭᠡᠯᠵᠢ ᠶᠢᠨ ᠭᠠᠯᠲᠤ ᠲᠡᠷᠭᠡᠨ ᠤ ᠪᠠᠶᠢᠩᠭᠤᠵᠢᠭᠰᠠᠨ ᠡᠵᠡᠩᠨᠡᠵᠦ | ᠠᠵᠢᠯᠯᠠᠬᠤ ᠳᠤ ᠪᠣᠭᠤᠮᠲᠠ ᠪᠠᠷ ᠥᠩᠭᠡᠷᠡᠬᠦ ᠬᠠᠮᠤᠭ ᠤᠨ ᠰᠠᠶᠢᠨ ᠣᠷᠴᠢᠨ ᠨᠥᠬᠦᠴᠡᠯ ᠢ ᠡᠭᠦᠳᠦᠨ ᠪᠦᠲᠦᠭᠡᠨ᠎ᠡ᠃ ︵ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ | ᠬᠤᠯᠪᠣᠭᠳᠠᠯ ᠪᠥᠬᠦᠶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠮᠠᠨᠵᠤᠤᠷ — ᠬᠤᠶᠢᠲᠤ ᠪᠠᠶᠢᠭᠠᠯᠰᠺ ᠣᠯᠠᠨ ᠤᠯᠤᠰ ᠤᠨ ᠵᠠᠰᠠᠮᠠᠯ ᠵᠠᠮ ᠤᠨ ᠬᠢᠯᠢ ᠶᠢᠨ ᠪᠣᠭᠤᠮᠲᠠ᠂ | ᠭᠠᠭᠴᠠᠮᠤᠳᠤ — ᠭᠠᠰᠢᠭᠤᠨᠰᠤᠬᠠᠶᠢᠲᠤ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ ᠲᠠᠷᠢᠶᠠᠯᠠᠩ ᠤᠨ | ᠪᠦᠲᠦᠭᠡᠭᠳᠡᠬᠦᠨ ᠢ ᠲᠦᠷᠭᠡᠨ ᠥᠩᠭᠡᠷᠡᠭᠦᠯᠬᠦ ︽ᠰᠠᠭᠠᠳ ᠥᠭᠡᠢ ᠨᠡᠪᠲᠡᠷᠡᠬᠦ ᠵᠠᠮ︾ ᠢ ᠲᠦᠷᠭᠡᠳᠬᠡᠨ ᠨᠡᠪᠲᠡᠷᠡᠭᠦᠯᠵᠦ᠂ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠰᠢᠨ᠎ᠡ ᠰᠣᠷᠭᠤᠭ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ | ᠥᠩᠭᠡᠷᠡᠬᠦ ᠶᠢ ᠦᠨᠡᠨ ᠬᠦ ᠪᠠᠲᠤᠯᠠᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠣᠭᠤᠮᠲᠠ ᠶᠢᠨ ᠠᠵᠢᠯ ᠤᠨ ᠠᠯᠪᠠᠨ ᠭᠡᠷ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 13. ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠨᠢ ᠪᠣᠭᠤᠮᠲᠠ ᠪᠠᠷ ᠥᠩᠭᠡᠷᠡᠬᠦ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠲᠡᠯᠡᠵᠦ᠂ ᠰᠠᠨᠠᠯ ᠳᠤᠷᠠᠳᠴᠤ ᠵᠠᠭᠠᠯᠳᠤᠬᠤ ᠪᠠ ᠬᠠᠷᠢᠭᠤ ᠲᠤᠰᠬᠠᠬᠤ | ᠠᠷᠭ᠎ᠠ ᠵᠠᠮ ᠢ ᠰᠠᠭᠠᠳ ᠦᠭᠡᠢ ᠪᠣᠯᠭᠠᠨ᠎ᠠ︔ ᠪᠣᠭᠤᠮᠲᠠ ᠪᠠᠷ ᠨᠡᠪᠲᠡᠷᠡᠬᠦ ᠴᠤᠪᠤᠷᠠᠯ ᠪᠣᠯᠣᠨ ᠴᠢᠩᠬᠢᠭᠯᠢᠭ ᠢᠶᠠᠷ | ᠠᠴᠢᠶᠠᠯᠠᠬᠤ ᠲᠡᠭᠡᠭᠡᠪᠦᠷᠢ ᠶᠢᠨ ᠠᠵᠢᠯᠯᠠᠬᠤ ᠭᠤᠭᠴᠣᠭᠠᠨ ᠳᠠᠬᠢ ᠴᠠᠭ ᠤᠨ ᠬᠢᠵᠠᠭᠠᠷ ᠪᠠᠷᠢᠮᠵᠢᠶ᠎ᠠ ᠶᠢ ᠲᠣᠭᠲᠠᠭᠠᠬᠤ ᠶᠢᠨ | ᠬᠠᠮᠲᠤ ᠢᠯᠡ ᠪᠣᠯᠭᠠᠵᠤ᠂ ᠠᠵᠤ ᠠᠬᠤᠶᠢᠯᠠᠯ ᠳᠤ ᠲᠥᠬᠦᠮ ᠦᠵᠡᠭᠦᠯᠬᠦ ᠶᠢᠨ ᠬᠠᠮᠲᠤ ᠣᠷᠣᠨ ᠪᠦᠰᠡ ᠶᠢᠨ ᠠᠵᠤ | ᠠᠬᠤᠶ ᠶᠢᠨ ᠬᠥᠭᠵᠢᠯᠲᠡ ᠳᠤ ᠦᠢᠯᠡᠴᠢᠯᠡᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠡᠷᠲᠡᠭᠡᠨ | ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 14. ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠪᠠᠷ | ᠬᠠᠮᠢᠶᠠᠷᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ | ᠦᠭᠡᠢ ᠪᠣᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ ᠲᠥᠷᠥᠯ ᠵᠦᠢᠯ ᠤᠳ ᠢ ᠳᠤᠷ᠎ᠠ ᠪᠠᠷ ᠪᠠᠶᠢᠭᠤᠯᠵᠤ ᠪᠣᠯᠬᠤ ᠦᠭᠡᠶ᠃ ᠬᠢᠯᠢ ᠶᠢᠨ | ᠪᠣᠭᠤᠮᠲᠠ ᠶᠢᠨ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠰᠦᠢᠳᠬᠡᠯ ᠬᠤᠷᠢᠶᠠᠬᠤ ᠶᠢ ᠢᠯᠭᠠᠷᠠᠭᠤᠯᠤᠨ | ᠵᠢᠷᠤᠮᠵᠢᠭᠤᠯᠵᠤ᠂ ᠵᠠᠰᠠᠭ ᠤᠨ ᠣᠷᠳᠣᠨ ᠠᠴᠠ ᠲᠣᠭᠲᠠᠭᠠᠭᠰᠠᠨ ᠦᠨ᠎ᠡ ᠶᠢ ᠬᠡᠷᠡᠭᠵᠢᠭᠦᠯᠦᠭᠰᠡᠨ ᠪᠣᠯ᠂ | ᠲᠣᠭᠲᠠᠭᠠᠭᠰᠠᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ︔ ᠵᠠᠬ᠎ᠠ ᠳᠡᠯᠭᠡᠭᠦᠷ ᠢᠶᠠᠷ ᠲᠣᠬᠢᠷᠠᠭᠤᠯᠤᠭᠰᠠᠨ ᠦᠨ᠎ᠡ ᠶᠢ | ᠬᠡᠷᠡᠭᠵᠢᠭᠦᠯᠦᠭᠰᠡᠨ ᠪᠣᠯ᠂ ᠰᠦᠢᠳᠬᠡᠯ ᠬᠤᠷᠢᠶᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠤᠯᠪᠣᠭᠳᠠᠯ | ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠂ ᠲᠣᠭᠲᠠᠭᠠᠯ ᠢ ᠵᠥᠷᠢᠴᠡᠨ ᠪᠤᠰᠤᠳ ᠰᠦᠢᠳᠬᠡᠯ ᠨᠡᠮᠡᠨ ᠬᠤᠷᠢᠶᠠᠵᠤ ᠪᠣᠯᠬᠤ | ᠦᠭᠡᠢ᠃ ᠥᠷᠢᠰᠥᠯᠳᠦᠭᠡᠨ ᠬᠢᠬᠦ ᠶᠢ ᠵᠣᠷᠢᠬᠵᠢᠭᠤᠯᠤᠨ᠂ ᠭᠠᠭᠴᠠᠭᠠᠷ ᠡᠵᠡᠮᠰᠢᠬᠦ ᠶᠢ ᠦᠭᠡᠶᠢᠰᠬᠡᠵᠦ᠂ ᠪᠣᠭᠤᠮᠲᠠ ᠳᠤ | ᠮᠡᠳᠡᠭᠦᠯᠬᠦ᠂ ᠪᠠᠷᠠᠭᠠᠨ ᠤ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠦᠢᠯᠡᠴᠢᠯᠡᠭᠡ ᠵᠡᠷᠭᠡ ᠭᠤᠭᠴᠣᠭᠠᠨ ᠳᠠᠬᠢ | ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠬᠤᠷᠢᠶᠠᠬᠤ ᠰᠦᠢᠳᠬᠡᠯ ᠢ ᠪᠠᠭᠤᠷᠠᠭᠤᠯᠬᠤ ᠶᠢ ᠨᠢ ᠠᠬᠢᠭᠤᠯᠤᠨ᠎ᠠ᠃ | ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠲᠤᠰᠬᠠᠯ ᠢᠶᠠᠷ ᠴᠢᠩᠭ᠎ᠠ | ᠵᠢᠴᠢ ᠦᠨ᠎ᠡ ᠬᠠᠩᠰᠢ ᠶᠢ ᠬᠢᠨᠠᠨ ᠪᠠᠶᠢᠴᠠᠭᠠᠬᠤ ᠳᠤ ᠢᠯᠡᠷᠡᠭᠰᠡᠨ ᠬᠢᠯᠢ ᠶᠢᠨ ᠪᠣᠭᠤᠮᠲᠠ ᠶᠢᠨ ᠵᠦᠢ ᠵᠤᠬᠢᠰ ᠦᠭᠡᠢ | ᠰᠦᠢᠳᠭᠡᠯ ᠬᠤᠷᠢᠶᠠᠬᠤ ᠠᠵᠢᠯᠯᠠᠭ᠎ᠠ ᠶᠢ ᠨᠢ ᠢᠯᠭᠠᠷᠠᠭᠤᠯᠤᠨ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠴᠠᠭᠠᠬᠤ ᠪᠠᠨ ᠴᠢᠩᠭᠠᠳᠬᠠᠨ᠂ ᠡᠯ᠎ᠡ ᠲᠥᠷᠥᠯ ᠤᠨ ᠬᠠᠤᠯᠢ | ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠵᠤ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠣᠭᠤᠮᠲᠠ ᠶᠢᠨ ᠠᠵᠢᠯ ᠤᠨ ᠠᠯᠪᠠᠨ | ᠭᠡᠷ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ | ᠬᠠᠮᠵᠢᠯᠴᠠᠨ᠎ᠠ︶ | 15. ᠪᠠᠶᠢᠴᠠᠭᠠᠨ ᠰᠢᠯᠭᠠᠬᠤ ᠳᠤ ᠠᠰᠠᠭᠤᠳᠠᠯ ᠦᠭᠡᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ︵ | ᠡᠭᠦᠨ ᠳᠤ ᠢᠲᠡᠬᠡᠮᠵᠢ ᠪᠠᠨ ᠠᠯᠳᠠᠭᠰᠠᠨ ᠠᠵᠤ ᠠᠬᠤᠶᠢᠯᠠᠯ ᠢ ᠪᠠᠭᠲᠠᠭᠠᠬᠤ ᠦᠭᠡᠢ︶ ᠤᠨ ᠳᠡᠭᠦᠵᠢᠯᠡᠨ ᠡᠷᠭᠦᠵᠦ | ᠠᠴᠢᠶᠠᠯᠠᠬᠤ ᠪᠠ ᠪᠠᠶᠢᠷᠢ ᠶᠢ ᠨᠢ ᠰᠢᠯᠵᠢᠭᠦᠯᠵᠦ ᠬᠥᠮᠥᠷᠭᠡᠯᠡᠨ ᠬᠠᠳᠠᠭᠠᠯᠠᠬᠤ ᠵᠠᠷᠤᠳᠠᠯ ᠢ ᠨᠢ ᠬᠡᠯᠲᠦᠷᠢᠭᠦᠯᠬᠦ | ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠵᠦ ᠨᠠᠶᠢᠳᠠᠪᠤᠷᠢᠵᠢᠭᠤᠯᠤᠨ᠎ᠠ᠃ | ᠪᠣᠭᠤᠮᠲᠠ ᠶᠢᠨ ᠬᠢᠨ ᠨᠢ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠶᠢᠴᠠᠭᠠᠨ | ᠰᠢᠯᠭᠠᠬᠤ ᠳᠤ ᠠᠰᠠᠭᠤᠳᠠᠯ ᠦᠭᠡᠢ ᠶᠢᠨ ᠨᠠᠷᠢᠨ ᠬᠠᠭᠤᠳᠠᠰᠤ ᠶᠢ ᠲᠣᠭᠲᠠᠮᠠᠯ ᠬᠤᠭᠤᠴᠠᠭ᠎ᠠ ᠲᠠᠢ ᠬᠠᠷᠢᠭᠤ ᠲᠤᠰᠬᠠᠨ᠎ᠠ᠃ | ᠡᠬᠢᠨ ᠤ ᠬᠤᠭᠤᠴᠠᠭᠠᠨ ᠳᠠᠬᠢ ᠬᠢᠭᠰᠡᠨ ᠠᠵᠢᠯ ᠤᠨ ᠰᠠᠭᠤᠷᠢᠨ ᠳᠡᠭᠡᠷ᠎ᠡ᠂ ᠬᠢᠯᠢ ᠶᠢᠨ ᠪᠣᠭᠤᠮᠲᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠠᠷᠢᠯ ᠢᠶᠠᠷ ᠰᠢᠮᠳᠠᠭᠤᠯᠤᠨ ᠪᠠᠶᠢᠴᠠᠭᠠᠬᠤ ᠪᠦᠭᠡᠳ ᠲᠤᠷᠰᠢᠯᠭ᠎ᠠ ᠪᠠᠨ | ᠦᠷᠭᠦᠯᠵᠢᠯᠡᠨ ᠳ᠋ᠦᠩᠨᠡᠵᠦ᠂ ᠲᠤᠷᠰᠢᠯᠲᠠ ᠶᠢᠨ ᠴᠡᠭ ᠤᠨ ᠠᠵᠢᠯ ᠢ ᠰᠠᠶᠢᠳᠤᠷ ᠬᠢᠵᠦ᠂ ᠭᠠᠳᠠᠭᠠᠳᠤ ᠠᠷᠠᠯᠵᠢᠶᠠᠨ ᠤ | ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ | ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠬᠤᠯᠪᠣᠭᠳᠠᠯ ᠪᠥᠬᠦᠢ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 16. ᠬᠢᠯᠢ ᠶᠢᠨ ᠪᠣᠭᠤᠮᠲᠠ ᠶᠢᠨ ᠬᠢᠵᠠᠭᠠᠷᠯᠠᠯ ᠲᠠᠢ ᠣᠷᠣᠨ ᠪᠦᠰᠡ ᠶᠢᠨ ᠠᠮᠤᠷ ᠲᠦᠪᠰᠢᠨ ᠤ ᠠᠵᠢᠯ ᠢ | ᠤᠯᠠᠮ ᠨᠢᠭᠡ ᠠᠯᠬᠤᠮ ᠴᠢᠩᠭᠠᠷᠠᠭᠤᠯᠤᠨ᠂ ᠠᠮᠤᠷ ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠲᠥᠷᠢᠮ ᠢ | ᠲᠡᠭᠦᠯᠳᠡᠷᠵᠢᠭᠦᠯᠵᠦ᠂ ᠴᠤᠬᠤᠶᠢᠯᠲᠠ ᠪᠣᠯᠣᠨ ᠬᠠᠨᠳᠤᠯᠭ᠎ᠠ ᠶᠢᠨ ᠴᠢᠨᠠᠷᠲᠠᠶ ᠪᠠᠷ ᠣᠷᠣᠰᠢᠵᠤ ᠪᠦᠬᠦᠢ ᠠᠰᠠᠭᠤᠳᠠᠯ ᠢ | ᠴᠠᠭ ᠲᠤᠬᠠᠶ ᠳᠤ ᠨᠢ ᠰᠢᠢᠳᠪᠦᠷᠢᠯᠡᠨ᠂ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠬᠢᠯᠢ ᠶᠢᠨ | ᠪᠣᠭᠤᠮᠲᠠ ᠶᠢᠨ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠪᠣᠭᠤᠮᠲᠠ ᠶᠢᠨ ᠠᠵᠢᠯ ᠤᠨ ᠠᠯᠪᠠᠨ ᠭᠡᠷ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠬᠤᠯᠪᠣᠭᠳᠠᠯ ᠪᠥᠬᠦᠶ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 17. ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠪᠠᠨ ᠢᠯᠡ ᠨᠡᠶᠢᠲᠡᠯᠡᠬᠦ ᠲᠦᠷᠢᠮ ᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠵᠤ ᠲᠡᠮᠳᠡᠭᠯᠡᠭᠦᠯᠦᠭᠰᠡᠨ ᠮᠡᠳᠡᠭᠡ ᠵᠠᠩᠭᠢ᠂ | ᠢᠲᠡᠭᠡᠮᠵᠢ ᠶᠢᠨ ᠵᠡᠷᠭᠡ ᠲᠠᠰ ᠤᠨ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ | ᠵᠠᠩᠭᠢ ᠶᠢ ᠭᠠᠳᠠᠭᠰᠢ ᠨᠡᠶᠢᠲᠡᠯᠡᠨ᠂ ᠨᠡᠶᠢᠭᠡᠮ ᠤᠨ ᠬᠢᠨᠠᠯᠲᠠ ᠶᠢ ᠠᠰᠢᠭᠯᠠᠵᠤ ᠪᠠᠶᠢᠭᠠᠳ ᠠᠵᠢᠯ ᠶᠠᠪᠤᠳᠠᠯ ᠤᠨ | ᠳᠤᠮᠳᠠᠬᠢ ᠪᠣᠯᠣᠨ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ | ᠪᠣᠯᠣᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠦᠷᠪᠡ︶ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠴᠢᠯᠠᠭᠤᠯᠤᠨ ᠠᠵᠢᠯᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ | 18. ᠡᠯᠧᠺᠲᠷᠣᠨ ᠬᠢᠯᠢ ᠶᠢᠨ ᠪᠣᠭᠤᠮᠲᠠ ᠪᠣᠯᠤᠨ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ | ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠴᠢᠳᠠᠮᠵᠢ ᠶᠢ | ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠪᠣᠯᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠶᠢᠨ ᠬᠠᠮᠢᠶ᠎ᠠ ᠪᠦᠬᠦᠢ ᠣᠷᠣᠨ | ᠪᠦᠰᠡ ᠳᠤ ᠣᠷᠣᠭᠤᠯᠣᠨ᠂ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠬᠢᠭᠡᠳ ᠪᠠᠩᠬᠢ᠂ ᠳᠠᠭᠠᠳᠬᠠᠯ᠂ | ᠠᠷᠠᠳ ᠤᠨ ᠠᠭᠠᠷ ᠠᠶᠠᠯᠠᠯ᠂ ᠲᠡᠮᠦᠷ ᠵᠠᠮ ᠵᠡᠷᠭᠡ ᠬᠠᠮᠢᠶ᠎ᠠ ᠪᠦᠬᠦᠢ ᠠᠵᠢᠯ ᠲᠦᠷᠦᠯ ᠤᠨ ᠪᠠᠶᠢᠭᠤᠯᠤᠮᠵᠢ ᠯᠤᠭ᠎ᠠ ᠶᠢᠨ | ᠬᠠᠮᠲᠤᠷᠠᠨ ᠠᠵᠢᠯᠯᠠᠵᠤ ᠵᠣᠯᠭᠠᠭᠤᠯᠬᠤ ᠶᠢ ᠴᠢᠩᠭᠠᠳᠬᠠᠵᠤ᠂ ᠣᠯᠠᠨ ᠤᠯᠤᠰ ᠤᠨ ᠠᠷᠠᠯᠵᠢᠶᠠᠨ ᠤ ᠬᠡᠯᠬᠢᠶᠡᠰᠦ ᠳᠤ | ᠣᠷᠣᠯᠴᠠᠭᠰᠠᠨ ᠡᠯ᠎ᠡ ᠲᠠᠯ᠎ᠠ ᠶᠢᠨ ᠬᠢᠨ ᠳᠤ ᠨᠡᠩ ᠤᠯᠠᠨ ᠲᠦᠬᠦᠮ ᠦᠵᠡᠭᠦᠯᠬᠦ ᠦᠢᠯᠡᠴᠢᠯᠡᠭᠡ ᠶᠢ ᠬᠠᠩᠭᠠᠵᠤ | ᠥᠭᠭᠦᠨ᠎ᠡ᠃ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠶᠢ | ᠳᠡᠯᠭᠡᠷᠡᠭᠦᠯᠦᠨ ᠬᠡᠷᠡᠭᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠤᠯᠠᠨ | ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠭᠤᠣᠯ ᠪᠣᠯᠬᠤ ᠲᠤᠬᠠᠶᠢᠯᠠᠭᠰᠠᠨ | ᠠᠵᠢᠯ ︵ᠪᠠᠷᠠᠭ᠎ᠠ᠂ ᠠᠴᠢᠶᠠᠯᠠᠪᠤᠷᠢ ᠶᠢᠨ ᠬᠠᠭᠤᠳᠠᠰᠤ᠂ ᠲᠡᠭᠡᠭᠡᠪᠦᠷᠢ ᠶᠢᠨ ᠪᠠᠭᠠᠵᠢ ᠶᠢ ᠭᠤᠶᠤᠴᠢᠯᠠᠨ ᠮᠡᠳᠡᠭᠦᠯᠬᠦ︶ | ᠢᠶᠠᠷ ᠳᠠᠮᠵᠢᠭᠤᠯᠵᠤ ᠬᠡᠷᠡᠭᠯᠡᠭᠰᠡᠨ ᠨᠤᠷᠮ᠎ᠠ ᠶᠢ 80% ᠳᠤ ᠬᠦᠷᠭᠡᠨ᠎ᠡ︔ 2020 ᠣᠨ ᠤ ᠰᠡᠭᠦᠯᠴᠢ ᠠᠴᠠ ᠡᠮᠦᠨ᠎ᠡ | 100% ᠳᠤ ᠬᠦᠷᠦᠭᠦᠯᠦᠨ᠎ᠡ︔ 2021 ᠣᠨ ᠤ ᠰᠡᠭᠦᠯᠴᠢ ᠠᠴᠠ ᠡᠮᠦᠨ᠎ᠡ᠂ ᠠᠮᠤᠷ ᠲᠦᠪᠰᠢᠨ ᠨᠢᠭᠤᠴᠠ ᠶᠢ | ᠬᠠᠮᠠᠭᠠᠯᠠᠬᠤ ᠬᠡᠷᠡᠭᠴᠡᠭᠡ ᠵᠡᠷᠭᠡ ᠶᠢᠨ ᠣᠨᠴᠠᠭᠠᠢ ᠪᠠᠶᠢᠳᠠᠯ ᠢ ᠭᠠᠷᠭᠠᠪᠠᠯ᠂ ︽ᠨᠢᠭᠡ ᠯᠡ ᠴᠣᠩᠬᠤᠪᠴᠢ ᠪᠠᠷ | ᠭᠦᠢᠴᠡᠳᠬᠡᠬᠦ︾ ᠶᠢᠨ ᠴᠢᠳᠠᠮᠵᠢ ᠶᠢ ᠤᠯᠠᠨ ᠤᠯᠤᠰ ᠤᠨ ᠠᠷᠠᠯᠵᠢᠶᠠᠨ ᠤ ᠬᠠᠮᠢᠶᠠᠷᠤᠯᠲᠠ ᠶᠢᠨ ᠪᠦᠬᠦ ᠬᠡᠯᠬᠢᠶᠡᠰᠦ ᠳᠤ | ᠣᠷᠣᠭᠤᠯᠵᠤ᠂ ︽ᠨᠢᠭᠡ ᠥᠷᠲᠡᠭᠡ ᠮᠠᠶ᠋ᠢᠭ︾ ᠤᠨ ᠠᠷᠠᠯᠵᠢᠶᠠᠯᠠᠬᠤ ᠦᠢᠯᠡᠴᠢᠯᠡᠬᠡᠨ ᠤ ᠲᠠᠪᠴᠠᠩ ᠢ ᠪᠣᠢ ᠪᠣᠯᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠣᠨ | ᠨᠢᠭᠡᠴᠢ ᠬᠠᠮᠵᠢᠯᠴᠠᠨ᠎ᠠ︶ | 19. ᠬᠤᠭᠤᠰᠣᠨ ᠴᠢᠩᠬᠢᠭᠯᠢᠭ ᠢ ᠰᠢᠯᠭᠠᠨ ᠪᠠᠶᠢᠴᠠᠭᠠᠬᠤ ᠬᠡᠮᠵᠢᠭᠦᠷᠯᠢᠭ᠂ ᠲᠡᠷᠭᠡᠨ ᠤ ᠲᠠᠪᠠᠭ ᠢᠶᠠᠷ ᠲᠣᠳᠣ | ᠬᠠᠶᠢᠨ ᠰᠢᠨᠵᠢᠬᠦ ᠰᠢᠰᠲ᠋ᠧᠮ᠂ ᠠᠮᠤᠷ ᠲᠦᠪᠰᠢᠨ ᠤ ᠣᠶᠣᠨᠴᠢ ᠣᠨᠢᠰᠤ ᠵᠡᠷᠭᠡ ᠲᠥᠬᠦᠭᠡᠷᠦᠮᠵᠢ ᠬᠡᠷᠡᠭᠯᠡᠬᠦ ᠡᠷᠴᠢᠮ ᠢ | ᠴᠢᠩᠭᠠᠷᠠᠭᠤᠯᠵᠤ᠂ ᠭᠠᠭᠴᠠ ᠬᠥᠮᠥᠨ ᠠᠵᠢᠯᠯᠠᠬᠤ ᠲᠥᠬᠦᠭᠡᠷᠦᠮᠵᠢ ᠳᠣᠭᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠮᠠᠰᠢᠨ ᠢᠶᠠᠷ ᠤᠷᠢᠳᠴᠢᠯᠠᠨ ᠪᠠᠶᠢᠴᠠᠭᠠᠬᠤ᠂ ᠣᠶᠤᠨᠴᠢ ᠪᠠᠷ ᠢᠯᠭᠠᠨ ᠲᠠᠨᠢᠬᠤ᠂ ᠪᠠᠶᠢᠴᠠᠭᠠᠬᠤ ᠲᠥᠬᠦᠭᠡᠷᠦᠮᠵᠢ ᠶᠢ | ᠬᠠᠮᠲᠤ ᠳᠤ ᠪᠠᠨ ᠬᠦᠷᠲᠡᠬᠦ ᠲᠤᠷᠰᠢᠯᠲᠠ ᠶᠢᠨ ᠴᠡᠭ ᠪᠠᠶᠢᠭᠤᠯᠵᠤ᠂ ᠨᠢᠭᠡ ᠬᠤᠭᠤᠴᠠᠭᠠᠨ ᠳᠤ ᠪᠠᠶᠢᠴᠠᠭᠠᠬᠤ᠂ | ᠲᠥᠬᠦᠭᠡᠷᠦᠮᠵᠢ ᠶᠢ ᠬᠠᠮᠲᠤ ᠳᠤ ᠪᠠᠨ ᠬᠦᠷᠲᠡᠬᠦ᠂ ᠦᠷ᠎ᠡ ᠳ᠋ᠦᠩ ᠢ ᠨᠢ ᠬᠠᠷᠢᠯᠴᠠᠨ ᠮᠡᠳᠡᠷᠡᠬᠦ ᠪᠣᠭᠤᠮᠲᠠ ᠪᠠᠷ | ᠥᠩᠭᠡᠷᠡᠬᠦ ᠶᠢᠨ ᠪᠠᠶᠢᠴᠠᠭᠠᠬᠤ ᠵᠠᠭᠪᠤᠷ ᠲᠠᠢ ᠪᠣᠯᠭᠠᠨ᠂ ᠮᠠᠰᠢᠨ ᠢᠶᠠᠷ ᠪᠠᠶᠢᠴᠠᠭᠠᠭᠰᠠᠨ ᠤ ᠳᠠᠷᠠᠭ᠎ᠠ ᠪᠣᠭᠤᠮᠲᠠ ᠪᠠᠷ | ᠰᠢᠭᠤᠳ ᠥᠩᠭᠡᠷᠡᠭᠦᠯᠬᠦ ᠬᠠᠷᠢᠴᠠᠯ ᠢ ᠳᠡᠭᠡᠭᠰᠢᠯᠡᠭᠦᠯᠦᠨ᠎ᠡ᠃ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ | ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠷᠭᠡᠳᠬᠡᠨ᠂ ᠪᠥᠬᠦ ᠣᠷᠣᠨ ᠤ ᠬᠢᠯᠢ ᠶᠢᠨ ᠪᠣᠭᠤᠮᠲᠠ ᠳᠤ ᠸᠢᠰᠠ ᠶᠢ | ᠠᠮᠢᠳᠤ ᠪᠣᠳᠠᠰ ᠤᠨ ᠮᠡᠷᠭᠡᠵᠢᠯ ᠢᠶᠠᠷ ᠢᠯᠭᠠᠨ ᠲᠠᠨᠢᠬᠤ ᠲᠦᠷᠦᠯ ᠵᠦᠢᠯ ᠢ ᠳᠡᠯᠭᠡᠷᠡᠭᠦᠯᠦᠨ ᠬᠡᠷᠡᠭᠯᠡᠵᠦ᠂ ᠠᠶᠠᠨᠴᠢᠳ ᠢ | ᠠᠦ᠋ᠲ᠋ᠣ᠋ ᠪᠠᠶᠢᠴᠠᠭᠠᠨ ᠰᠢᠯᠭᠠᠬᠤ ᠵᠠᠮ ᠢᠶᠠᠷ ᠪᠠᠶᠢᠴᠠᠭᠠᠵᠤ ᠥᠩᠭᠡᠷᠡᠭᠦᠯᠬᠦ ᠪᠦᠲᠦᠭᠡᠨ ᠪᠠᠶᠢᠭᠤᠯᠤᠯᠲᠠ ᠪᠠᠨ ᠡᠬᠢᠯᠡᠨ | ᠬᠡᠷᠡᠭᠯᠡᠬᠦ ᠶᠢ ᠢᠳᠡᠪᠬᠢᠲᠡᠶ ᠠᠬᠢᠭᠤᠯᠤᠨ᠂ ᠡᠨᠧᠷᠭᠢ ᠶᠢ ᠭᠠᠳᠠᠭᠠᠳᠤ ᠠᠴᠠ ᠣᠷᠣᠭᠤᠯᠬᠤ ᠬᠢᠯᠢ ᠶᠢᠨ ᠪᠣᠭᠤᠮᠲᠠ ᠪᠠᠷ | ᠰᠣᠯᠣᠩᠭᠠᠨ ᠪᠦᠷᠬᠦᠪᠴᠢᠲᠦ ᠢᠯᠭᠠᠨ ᠲᠠᠨᠢᠬᠤ ᠮᠡᠷᠭᠡᠵᠢᠯ ᠳᠤ ᠰᠠᠭᠤᠷᠢᠯᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠪᠣᠯᠣᠨ ᠬᠥᠮᠥᠰ ᠤᠨ ᠠᠦ᠋ᠲ᠋ᠣ᠋ ᠪᠠᠶᠢᠴᠠᠭᠠᠨ ᠰᠢᠯᠭᠠᠬᠤ ᠵᠠᠮ ᠢᠶᠠᠷ ᠪᠣᠭᠤᠮᠲᠠ ᠥᠩᠭᠡᠷᠡᠬᠦ ᠵᠠᠭᠪᠤᠷ ᠤᠨ | ᠰᠤᠳᠤᠯᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠢᠯᠢ ᠶᠢᠨ ᠪᠠᠶᠢᠴᠠᠭᠠᠯᠲᠠ ᠶᠢᠨ ᠠᠦ᠋ᠲ᠋ᠣ᠋ ᠪᠠᠶᠢᠴᠠᠭᠠᠨ ᠰᠢᠯᠭᠠᠬᠤ | ᠵᠠᠮ ᠢᠶᠠᠷ ᠪᠠᠶᠢᠴᠠᠭᠠᠵᠤ ᠥᠩᠭᠡᠷᠡᠭᠦᠯᠬᠦ ᠬᠥᠮᠥᠰ ᠤᠨ ᠬᠦᠷᠢᠶ᠎ᠡ ᠬᠡᠪᠴᠢᠶ᠎ᠡ ᠶᠢ ᠢᠳᠡᠪᠬᠢᠲᠡᠢ ᠴᠢᠷᠮᠠᠶᠢᠵᠤ ᠪᠠᠶᠢᠭᠠᠳ | ᠥᠷᠭᠡᠳᠬᠡᠨ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ᠂ ᠲᠣᠮᠣ ᠬᠡᠯᠪᠡᠷᠢ ᠶᠢᠨ ᠴᠢᠩᠬᠢᠭᠯᠢᠭ ᠪᠥᠬᠦᠨ ᠳᠤ | ᠬᠢᠨᠠᠨ ᠪᠠᠶᠢᠴᠠᠭᠠᠬᠤ ᠲᠥᠬᠦᠭᠡᠷᠦᠮᠵᠢ ᠶᠢᠨ ᠰᠦᠯᠵᠢᠶ᠎ᠡ ᠶᠢ ᠬᠤᠯᠪᠣᠵᠤ ᠵᠢᠷᠤᠭ ᠳᠦᠷᠰᠦ ᠪᠠᠷ ᠲᠥᠪᠯᠡᠷᠡᠭᠦᠯᠦᠨ ᠬᠢᠨᠠᠬᠤ | ᠪᠣᠯᠭᠠᠨ᠎ᠠ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠬᠢᠯᠢ ᠪᠠᠷ ᠭᠠᠷᠴᠤ | ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ | ᠪᠠ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠂ ᠲᠦᠯᠬᠢᠨ ᠠᠬᠢᠭᠤᠯᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ | ᠰᠢᠢᠳᠪᠦᠷᠢᠯᠡᠬᠦ ᠬᠡᠷᠡᠭᠲᠡᠶ᠃ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠪᠠᠶᠢᠳᠠᠯ ᠢᠶᠠᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠬᠦᠷᠢᠶ᠎ᠡ | ᠬᠡᠪᠴᠢᠶᠡᠨ ᠳᠤ ᠣᠷᠣᠭᠤᠯᠵᠤ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠬᠦ | ᠬᠡᠷᠡᠭᠲᠡᠶ᠃ ᠡᠯ᠎ᠡ ᠵᠦᠢᠯ ᠤᠨ ᠠᠵᠢᠯ ᠤᠨ ᠡᠭᠦᠷᠭᠡ ᠶᠢ ᠲᠦᠷᠦᠭᠦᠯᠡᠨ ᠬᠢᠬᠦ ᠪᠠ ᠲᠡᠭᠦᠨ ᠯᠦᠭᠡ ᠬᠠᠮᠵᠢᠯᠴᠠᠬᠤ | ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠷᠰᠢᠨ ᠠᠵᠢᠯᠯᠠᠵᠤ ᠬᠠᠮᠵᠢᠯᠴᠠᠬᠤ ᠶᠢ ᠴᠢᠩᠭᠠᠳᠬᠠᠨ᠂ | ᠱᠠᠳᠦᠴᠢ ᠴᠢᠨᠠᠷᠲᠠᠶ ᠦᠨᠡᠯᠡᠨ ᠵᠢᠱᠢᠬᠦ ᠠᠵᠢᠯ ᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ | ᠲᠤᠷᠰᠢᠯᠭ᠎ᠠ ᠪᠠᠨ ᠬᠢᠨᠠᠮᠠᠭᠠᠶ ᠳ᠋ᠦᠩᠨᠡᠨ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠬᠤᠯᠠ ᠶᠡᠭᠡ ᠪᠠᠶᠢᠳᠠᠯ ᠲᠠᠢ ᠪᠣᠯ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |