ᠥᠪᠥᠷ ᠮᠣᠩᠭᠤᠯ 17 ᠵᠦᠶᠯ ᠤᠨ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2019/6/26
     6 ᠳ᠋ᠤᠭᠠᠷ ᠰᠠᠷ᠎ᠠ ᠶᠢᠨ 25᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠦᠬᠡᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠥᠪᠥᠷ ᠮᠣᠩᠭᠤᠯ ᠣᠷᠣᠨ ᠤ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠠᠨᠢᠯᠴᠠᠭᠤᠯᠬᠤ ᠬᠤᠷᠠᠯ ᠢ ᠬᠤᠷᠠᠯᠳᠤᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠎ ᠤᠨ ᠢᠳᠡᠭᠡᠨ ᠪᠠ ᠡᠮ ᠤᠨ ᠵᠦᠢᠯ ᠤᠨ ᠭᠠᠵᠠᠷ ᠤᠨ ᠳᠡᠳ᠋ ᠳᠠᠷᠤᠭ᠎ᠠ ᠨᠠᠮᠣᠭᠤᠬᠠᠨ ᠤ ᠲᠠᠨᠢᠯᠴᠠᠭᠤᠯᠤᠭᠰᠠᠨ ᠢᠶᠠᠷ᠂ ︽ᠢᠳᠡᠭᠡᠨ ᠤ ᠠᠮᠤᠷ ᠲᠦᠪᠰᠢᠨ ᠤ ᠬᠠᠤᠯᠢ︾᠎ ᠨᠢ ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠠᠭᠠᠭᠠᠯᠭᠠᠭᠰᠠᠨ ᠶᠤᠮ᠂ ᠤᠳᠤ ᠪᠣᠯᠲᠠᠯ᠎ᠠ ᠥᠪᠥᠷ ᠮᠣᠩᠭᠤᠯ ᠨᠡᠶᠢᠲᠡ 17 ᠵᠦᠶᠯ ᠤᠨ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ︵ᠪᠥᠬᠦ ᠤᠯᠤᠰ ᠲᠤ ᠳᠤᠮᠳᠠ ᠳᠡᠭᠡᠳᠣ ᠬᠢᠷᠢ ᠲᠦᠪᠰᠢᠨ ᠳᠤ ᠬᠠᠷᠢᠶᠠᠯᠠᠭᠳᠠᠨ᠎ᠠ︶᠎ ᠶᠢ ᠨᠡᠶᠢᠳᠡᠯᠡᠪᠡ᠂ ᠡᠳᠡᠭᠡᠷ ᠨᠢ ᠲᠤᠰ ᠲᠤᠰ ᠰᠦᠨ ᠮᠦᠬᠦᠯᠢᠭ᠂ ᠰᠦ ᠲᠠᠢ ᠴᠠᠢ ᠶᠢᠨ ᠨᠣᠨᠳᠠᠭ᠂ ᠪᠠᠺᠲ᠋ᠧᠷᠢ ᠦᠬᠡᠢ ᠢᠩᠬᠡᠨ ᠰᠦ᠂ ᠢᠩᠬᠡᠨ ᠰᠦᠨ ᠲᠠᠯᠬ᠎ᠠ᠂ ᠲᠦᠬᠦᠬᠡᠢ ᠢᠩᠬᠡᠨ ᠰᠦ᠂ ᠮᠠᠭᠠᠯᠢᠩᠭᠤ ᠶᠢᠨ ᠦᠷ᠎ᠠ ᠶᠢᠨ ᠳᠠᠯᠬ᠎ᠠ᠂ ᠴᠡᠭᠡ᠂ ᠵᠦᠬᠡᠬᠡᠢ᠂ ᠲᠦᠬᠦᠬᠡᠢ ᠠᠳᠣᠭᠤᠨ ᠰᠦ᠂ ᠬᠠᠭᠤᠷᠣᠭᠰᠠᠨ ᠪᠣᠳᠠᠭ᠎ᠠ᠂ ᠴᠣᠷ᠎ᠠ᠂ ᠱᠦᠬᠦᠷᠮᠡᠭ᠂ ᠪᠢᠰᠢᠯᠠᠭ᠂ ᠠᠭᠠᠷᠤᠤᠯ᠂ ᠬᠤᠷᠤᠳ᠂ ᠦᠷᠣᠮ᠎ᠡ᠂ ᠮᠤᠩᠭᠤᠯᠴᠤᠳ ᠤᠨ ᠣᠯᠠᠮᠵᠢᠯᠠᠯᠳᠣ ᠴᠠᠭᠠᠨ ᠢᠳᠡᠭᠡ ᠪᠣᠯᠪᠠᠰᠣᠷᠠᠭᠤᠯᠬᠤ ᠡᠷᠡᠬᠦᠯ ᠬᠠᠮᠠᠭᠠᠯᠠᠯ ᠤᠨ ᠲᠦᠷᠢᠮᠵᠢᠯ ᠵᠡᠷᠭᠡ ᠪᠤᠯᠤᠨ᠎ᠠ᠃ ᠡᠨᠡ ᠨᠢ ᠦᠨᠳᠦᠰᠦᠨ ᠳᠤ ᠪᠠᠨ ᠥᠪᠥᠷ ᠮᠣᠩᠭᠤᠯ ᠤᠨ ᠣᠷᠣᠨ ᠨᠤᠲᠤᠭ ᠤᠨ ᠣᠨᠴᠠᠯᠢᠭᠲᠤ ᠢᠳᠡᠭᠡᠨ ᠤ ᠵᠦᠶᠯ ᠢ ᠬᠠᠮᠣᠷᠴᠣ᠂ ᠢᠯᠠᠩᠭᠤᠶ᠎ᠠ ᠴᠠᠭᠠᠨ ᠢᠳᠡᠭᠡᠨ ᠤ ᠵᠦᠶᠯ ᠢ ᠪᠦᠷᠢᠨ ᠢ ᠬᠠᠮᠤᠷᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠲᠣᠭᠲᠠᠭᠠᠵᠤ᠂ ᠴᠡᠭᠡ ᠶᠢᠨ ᠵᠦᠢᠯ᠂ ᠢᠩᠬᠡᠨ ᠰᠦ ᠤ ᠵᠦᠢᠯ᠂ ᠵᠦᠬᠡᠬᠡᠢ᠂ ᠰᠦ ᠲᠠᠢ ᠴᠠᠢ ᠶᠢᠨ ᠨᠤᠨᠲᠠᠭ᠂ ᠮᠠᠭᠠᠯᠢᠩᠭᠤ ᠶᠢᠨ ᠦᠷ᠎ᠠ ᠵᠡᠷᠭᠡ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠦᠷᠨᠢᠭᠦᠯᠦᠭᠰᠡᠨ ᠪᠠᠶᠢᠨ᠎ᠠ᠃ 2019 ᠣᠨ ᠳᠤ ᠰᠦ ᠲᠠᠢ ᠴᠠᠢ ᠶᠢᠨ ᠲᠠᠯᠬ᠎ᠠ᠂ ᠪᠠᠺᠲ᠋ᠧᠷᠢ ᠦᠬᠡᠢ ᠢᠩᠭᠡᠨ ᠰᠦ ᠵᠡᠷᠭᠡ 8 ᠲᠦᠷᠦᠯ ᠤᠨ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠳᠡᠯᠡᠭᠰᠡᠨ ᠪᠦᠬᠡᠳ ᠪᠠᠰᠠ ᠰᠦᠨ ᠮᠦᠬᠦᠯᠢᠭ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠨᠢ ᠥᠪᠥᠷ ᠮᠣᠩᠭᠤᠯ ᠤᠨ ᠢᠳᠡᠭᠡᠨ ᠪᠣᠯᠪᠠᠰᠣᠷᠠᠭᠤᠯᠬᠤ ᠠᠵᠤ ᠠᠬᠤᠶᠢᠯᠠᠯ ᠤᠨ ᠡᠵᠡᠩᠨᠡᠯᠲᠡ ᠶᠢ ᠵᠢᠷᠤᠮᠵᠢᠭᠤᠯᠵᠤ᠂ ᠢᠳᠡᠭᠡᠨ ᠤ ᠠᠮᠣᠷ ᠲᠦᠪᠰᠢᠨ ᠢ ᠳᠡᠭᠡᠭᠰᠢᠯᠡᠭᠦᠯᠦᠭᠰᠡᠨ ᠪᠥᠭᠡᠳ ᠮᠠᠨ ᠤ ᠣᠷᠣᠨ ᠤ ᠦᠨᠳᠦᠰᠦᠲᠡᠨ ᠤ ᠣᠨᠴᠠᠯᠢᠭ ᠪᠦᠬᠦᠢ ᠢᠳᠡᠭᠡᠨ ᠤ ᠠᠵᠤ ᠠᠬᠤᠶᠢᠯᠠᠯ ᠤᠨ ᠬᠥᠭᠵᠢᠨ ᠪᠤᠵᠠᠭᠠᠢᠷᠠᠬᠤ ᠳᠤ ᠦᠢᠯᠡᠳᠣᠯ ᠦᠵᠡᠬᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号