ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠳᠡᠭᠡᠭᠰᠢᠯᠡᠪᠡ
ᠨᠡᠶᠢᠲᠡᠯᠡᠭᠰᠡᠨ ᠴᠠᠭ᠄
2019/6/26
   ᠥᠴᠥᠭᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂  ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽2019 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠮᠡᠳᠡᠭᠳᠡᠯ︾ ᠪᠠᠭᠤᠯᠭᠠᠵᠤ᠂ 2019 ᠣᠨ ᠤ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠤᠨ ᠦᠨᠳᠦᠰᠦᠨ ᠪᠠᠷᠢᠮᠵᠢᠶ᠎ᠠ ᠪᠣᠯᠣᠨ ᠠᠰᠠᠷᠠᠨ ᠰᠤᠪᠢᠯᠠᠬᠤ ᠪᠠᠷᠢᠮᠵᠢᠶ᠎ᠠ ᠶᠢ ᠨᠡᠢᠲᠡᠯᠡᠪᠡ᠃ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠳᠡᠭᠡᠭᠰᠢᠯᠡᠵᠦ᠂ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠥᠬᠦ ᠤᠯᠤᠰ ᠤᠨ ᠳᠣᠯᠣᠳᠤᠭᠠᠷ ᠲᠤ ᠲᠣᠳᠣᠷᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠥᠬᠦ ᠤᠯᠤᠰ ᠤᠨ ᠶᠢᠰᠦᠳᠦᠭᠡᠷ ᠲᠤ ᠲᠣᠳᠣᠷᠠᠵᠠᠢ᠃    ᠣᠶᠢᠯᠠᠭᠠᠭᠰᠠᠨ ᠢᠶᠠᠷ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ᠂ ᠲᠤᠬᠠᠶ ᠶᠢᠨ ᠭᠠᠵᠠᠷ ᠤᠨ ᠪᠠᠷᠠᠭ᠎ᠠ ᠶᠢᠨ ᠦᠨ᠎ᠡ ᠶᠢᠨ ᠬᠢᠷᠢ ᠬᠡᠮᠵᠢᠶ᠎ᠡ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ᠂ ᠨᠠᠭᠠᠳᠤ ᠵᠠᠬ᠎ᠠ ᠎ ᠶᠢᠨ ᠪᠠᠲᠤᠯᠠᠭ᠎ᠠ ᠶᠢ ᠬᠤᠲᠠ ᠬᠥᠳᠡᠭᠡ ᠳᠤ ᠨᠢᠭᠡᠳᠦᠯᠲᠡᠶ ᠲᠥᠯᠥᠪᠯᠡᠬᠦ ᠵᠢᠴᠢ ᠴᠢᠨᠡᠭᠡᠯᠢᠭ ᠨᠡᠶᠢᠭᠡᠮ ᠤᠨ ᠨᠠᠭᠠᠳᠤ ᠵᠠᠬ᠎ᠠ ᠎ ᠶᠢᠨ ᠪᠠᠲᠤᠯᠠᠭ᠎ᠠ ᠬᠦᠷᠲᠡᠭᠰᠡᠳ ᠤᠨ ᠣᠷᠣᠯᠭ᠎ᠠ ᠶᠢᠨ ᠬᠢᠷᠢ ᠲᠦᠪᠰᠢᠨ ᠪᠣᠯᠣᠨ ᠠᠮᠢᠳᠤᠷᠠᠯ ᠤᠨ ᠬᠢᠷᠢ ᠬᠡᠮᠵᠢᠶ᠎ᠡ ᠶᠢ ᠪᠠᠲᠤᠯᠠᠬᠤ ᠶᠢ ᠶᠡᠷᠦᠩᠬᠡᠶᠢᠯᠡᠨ ᠪᠣᠳᠣᠯᠬᠢᠯᠠᠵᠤ᠂ ᠬᠤᠲᠠ ᠬᠥᠳᠡᠭᠡ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠵᠡᠷᠭᠡ ᠬᠦᠴᠦᠨ ᠵᠦᠶᠯ ᠢ ᠵᠣᠬᠢᠰᠲᠠᠶ ᠪᠠᠭᠠᠰᠬᠠᠪᠠ᠃ 2019 ᠣᠨ ᠳᠤ ᠪᠥᠬᠦ ᠣᠷᠣᠨ ᠤ ᠬᠤᠲᠠ ᠶᠢᠨ ᠠᠮᠢᠳᠤᠷᠠᠯ ᠎ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢᠨ ᠨᠡᠮᠡᠭᠳᠡᠯ 6.9%᠎ ᠳᠤ ᠬᠦᠷᠴᠦ᠂ ᠳᠡᠭᠡᠷ᠎ᠡ ᠵᠢᠯ ᠤᠨ ᠬᠢ ᠠᠴᠠ 45 ᠲᠥᠭᠦᠷᠢᠭ ᠨᠡᠮᠡᠭᠳᠡᠨ᠂ ᠰᠠᠷ᠎ᠠ ᠪᠦᠷᠢ 692 ᠲᠥᠭᠦᠷᠢᠭ ᠲᠤ ᠬᠦᠷᠪᠡ︔ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢᠨ ᠨᠡᠮᠡᠭᠳᠡᠯ 6.6%᠎ ᠳᠤ ᠬᠦᠷᠴᠦ᠂ ᠳᠡᠭᠡᠷ᠎ᠡ ᠵᠢᠯ ᠤᠨ ᠬᠢ ᠠᠴᠠ 367 ᠲᠥᠭᠦᠷᠢᠭ ᠨᠡᠮᠡᠭᠳᠡᠨ᠂  ᠵᠢᠯ ᠪᠦᠷᠢ 5914 ᠲᠥᠭᠦᠷᠢᠭ ᠪᠣᠯᠵᠠᠢ᠃    2019 ᠣᠨ ᠳᠤ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠰᠠᠷ᠎ᠠ ᠪᠦᠷᠢ 1192 ᠲᠥᠭᠦᠷᠢᠭ ᠲᠤ ᠬᠦᠷᠦᠭᠦᠯᠦᠨ᠎ᠡ︔ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠵᠢᠯ ᠪᠦᠷᠢ 9727 ᠲᠥᠭᠦᠷᠢᠭ ᠲᠤ ᠬᠦᠷᠦᠭᠦᠯᠦᠨ᠎ᠡ᠃ ᠪᠥᠬᠦ ᠣᠷᠣᠨ ᠤ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠎ ᠪᠠᠷ ᠠᠯᠳᠠᠭᠰᠠᠳ ᠤᠨ ᠪᠠᠷᠢᠮᠵᠢᠶ᠎ᠠ ᠶᠢ ᠰᠠᠷ᠎ᠠ ᠪᠦᠷᠢ 425 ᠲᠥᠭᠦᠷᠢᠭ ᠲᠤ ᠬᠦᠷᠦᠭᠦᠯᠦᠨ᠎ᠡ︔ ᠪᠥᠬᠦ ᠣᠷᠣᠨ ᠤ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠤᠨ ᠪᠠᠷᠢᠮᠵᠢᠶ᠎ᠠ ᠶᠢ ᠰᠠᠷ᠎ᠠ ᠪᠦᠷᠢ 1070 ᠲᠥᠭᠦᠷᠢᠭ ᠲᠤ ᠬᠦᠷᠦᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号