ᠥᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠤᠨ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019/6/27
    6 ᠳ᠋ᠤᠭᠠᠷ ᠰᠠᠷ᠎ᠠ ᠶᠢᠨ 26᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠤᠨ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃      ᠬᠤᠷᠠᠯ ᠳᠤ ᠲᠦᠪ ᠬᠤᠷᠢᠶᠠᠨ ᠤ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠤᠨ ᠵᠤᠷᠢᠬ ᠰᠠᠨᠠᠭ᠎ᠠ ᠶᠢ ᠳᠠᠮᠵᠢᠭᠤᠯᠬᠤ ᠶᠢᠨ ᠬᠠᠮᠲᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠭᠤᠤᠯ ᠰᠡᠳᠦᠪᠲᠤ ᠬᠦᠮᠦᠵᠢᠯ ᠢ ᠰᠠᠶᠢᠳᠤᠷ ᠡᠷᠬᠢᠯᠡᠬᠦ ᠲᠤᠬᠠᠢ ᠪᠤᠲᠠᠲᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡ ᠬᠦ ᠭᠤᠤᠯ ᠰᠢᠵᠢᠮ ᠎ ᠢ ᠪᠠᠲᠤ ᠡᠵᠡᠮᠳᠡᠵᠦ᠂ ᠲᠦᠪ ᠬᠤᠷᠢᠶᠠᠨ ᠤ ᠲᠤᠬᠲᠠᠭᠠᠬᠰᠠᠨ ᠬᠠᠷᠠᠯᠲᠠ ᠡᠭᠦᠷᠭᠡ ᠪᠠ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠤᠨ ᠭᠤᠤᠯ ᠰᠡᠳᠦᠪᠲᠤ ᠬᠦᠮᠦᠵᠢᠯ ᠢ ᠦᠷᠨᠢᠭᠦᠯᠬᠦ ᠬᠡᠷᠡᠭᠲᠡᠢ᠃ ᠭᠤᠤᠯ ᠰᠡᠲᠦᠪ ᠲᠤ ᠬᠠᠨᠲᠤᠭᠤᠯᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠦᠨᠡᠨ ᠬᠦ ᠦᠪᠡᠰᠦᠪᠡᠡ ᠰᠤᠷᠬᠤ ᠶᠢ ᠰᠠᠶᠢᠨ ᠠᠳᠬᠤᠵᠦ᠂ ᠤᠶᠤᠨ ᠤᠬᠠᠭᠠᠠ ᠢᠶᠠᠨ ᠲᠦᠪᠯᠡᠷᠡᠭᠦᠯᠦᠨ ᠤᠭ ᠪᠦᠲᠦᠭᠡᠯ ᠢ ᠤᠩᠰᠢᠵᠦ᠂ ᠤᠭ ᠵᠤᠬᠢᠶᠠᠯ ᠢ ᠰᠤᠷᠤᠯᠴᠠᠠ᠂ ᠵᠦᠢ ᠶᠤᠰᠤ ᠶᠢ ᠨᠢ ᠤᠶᠢᠯᠠᠭᠠᠬᠤ ᠭᠡᠷᠡᠭᠲᠡᠢ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯᠤᠨ ᠦᠭᠦᠯᠡᠯᠲᠡ ᠶᠢᠨ ᠲᠤᠭᠤᠷᠢᠨ ᠳᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠦ᠂ ᠴᠠᠭ ᠲᠤᠬᠠᠢ ᠳᠤ ᠨᠢ ᠲᠠᠭᠠᠨ ᠰᠤᠷᠤᠯᠴᠠᠵᠦ᠂ ᠬᠦᠨᠵᠡᠭᠡᠢ ᠪᠤᠲᠤᠯᠬᠢᠯᠠᠠ ᠰᠤᠷᠤᠯᠴᠠᠵᠦ᠂ ᠪᠤᠲᠠᠲᠤ ᠪᠠᠶᠢᠲᠠᠯ ᠲᠠᠢ ᠪᠠᠨ ᠤᠶᠠᠯᠲᠤᠭᠤᠯᠤᠨ ᠰᠤᠷᠤᠯᠴᠠᠵᠦ᠂ ᠬᠦᠨᠵᠡᠭᠡᠢ ᠰᠤᠷᠤᠯᠴᠠᠵᠦ ᠨᠡᠪᠲᠡᠷᠡᠲᠡᠯ᠎ᠠ ᠤᠶᠢᠯᠠᠭᠠᠵᠤ᠂ ᠰᠤᠷᠤᠭᠰᠠᠠ ᠢᠶᠠᠨ ᠬᠡᠷᠡᠭᠯᠡᠬᠦ ᠬᠡᠷᠡᠭᠲᠡᠢ᠃ ᠴᠠᠭ ᠤᠨ ᠠᠬᠢᠴᠠ ᠪᠤᠯᠤᠨ ᠪᠦᠬᠦᠶᠢᠯᠡ ᠴᠤᠭᠴᠠ ᠶᠢᠨ ᠠᠶᠢᠵᠠᠮ ᠭᠦᠭ ᠢ ᠰᠠᠶᠢᠨ ᠡᠵᠡᠮᠲᠡᠵᠦ᠂ ᠰᠢᠨᠵᠢᠯᠡᠬᠦ ᠤᠠᠬᠭᠠᠠᠴᠢ ᠠᠷᠭ᠎ᠠ ᠶᠢ ᠡᠷᠬᠢᠮᠯᠡᠡ᠂ ᠰᠤᠷᠤᠯᠴᠠᠯᠭ᠎ᠠ ᠬᠦᠮᠦᠵᠢᠯ᠂ ᠪᠠᠶᠢᠴᠠᠭᠠᠠ ᠰᠤᠲᠤᠯᠤᠯᠲᠠ ᠬᠢᠵᠦ᠂ ᠠᠰᠠᠭᠤᠲᠠᠯ ᠢ ᠪᠠᠶᠢᠴᠠᠭᠠᠠ ᠦᠵᠡᠵᠦ᠂ ᠴᠡᠭᠴᠡᠯᠡᠡ ᠰᠠᠶᠢᠵᠢᠷᠠᠭᠤᠯᠵᠦ ᠨᠠᠶᠢᠲᠠᠪᠤᠷᠢᠵᠢᠭᠤᠯᠤᠨ ᠲᠤᠭᠤᠰᠢᠯᠠᠭᠤᠯᠵᠦ᠂ ᠭᠤᠤᠯ ᠰᠡᠲᠦᠪᠲᠦ ᠬᠦᠮᠦᠵᠢᠯ ᠢ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠬᠤ ᠭᠡᠷᠡᠭᠲᠡᠢ᠃ ᠭᠤᠤᠯ ᠰᠡᠲᠦᠪᠲᠦ ᠬᠦᠮᠦᠵᠢᠯ ᠢ ᠴᠢᠩᠭ᠎ᠠ ᠪᠦᠭᠡᠳ ᠪᠤᠲᠠᠲᠠᠢ ᠦᠷᠨᠢᠭᠦᠯᠵᠦ᠂ ᠨᠢᠭᠡᠲᠦᠯᠲᠡᠢ ᠲᠦᠯᠦᠪᠵᠢᠭᠦᠯᠦᠨ ᠨᠡᠶᠢᠲᠡ ᠳᠤ ᠬᠠᠷᠠᠭᠠᠯᠵᠠᠠ ᠰᠠᠶᠢᠲᠤᠷ ᠨᠠᠶᠢᠲᠠᠪᠤᠷᠢᠵᠢᠭᠤᠯᠵᠦ᠂ ᠭᠤᠤᠯ ᠰᠡᠲᠦᠪᠲᠦ ᠬᠦᠮᠦᠵᠢᠯ ᠢᠶᠠᠷ ᠦᠨᠡᠨ ᠬᠦ ᠠᠰᠠᠭᠤᠲᠠᠯ ᠢ ᠰᠢᠢᠳᠪᠦᠷᠢᠯᠡᠨ᠂ ᠪᠤᠲᠠᠲᠤ ᠠᠮᠵᠢᠯᠲᠠ ᠤᠯᠬᠤ ᠭᠡᠷᠡᠭᠲᠡᠢ ᠭᠡᠵᠡᠢ᠃
     ᠦᠪᠡᠷᠲᠡᠭᠡᠡ ᠵᠠᠰᠠᠬᠤ ᠤᠷᠤᠨ ᠤ ᠵᠠᠰᠠᠭ ᠤᠨ ᠤᠷᠲᠤᠨ ᠤ ᠨᠠᠮ ᠤᠨ ᠤᠲᠤᠷᠢᠳᠬᠤ ᠲᠤᠭᠤᠶᠢᠯᠠᠩ ᠤᠨ ᠪᠦᠷᠢᠯᠳᠦᠬᠦᠨ᠂ ᠲᠡᠳ᠋ ᠲᠡᠷᠢᠭᠦᠯᠡᠭᠴᠢ ᠠᠢ ᠯᠢ ᠬᠤᠸᠠ᠂ ᠳ᠋ᠤᠸᠠᠠ ᡁᠢ ᠴᠢᠶᠠᠩ᠂ ᠡᠸᠤ ᠶᠠᠩ ᠰᠢᠶᠤᠤ ᠬᠤᠢ᠂ ᠵᠧᠩ ᠬᠤᠩ ᠹᠠᠠ ᠬᠤᠷᠠᠯ ᠳᠤ ᠤᠷᠤᠯᠴᠠᠵᠦ᠂ ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号