ᠥᠪᠥᠷ ᠵᠠᠰᠠᠭ ᠠᠯᠪᠠᠨ ᠲᠠᠷᠬᠠᠭᠠᠭᠰᠠᠨ ﹇2019﹈ 7 ᠳ᠋ᠤᠭᠠᠷ ᠲᠤᠭᠠᠳᠤ | ᠡᠯ᠎ᠠ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠠ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠠ᠂ ᠡᠯ᠎ᠠ ᠲᠤᠮᠤ ᠠᠵᠦ ᠠᠬᠤᠢᠢᠯᠠᠯ᠂ ᠠᠵᠢᠯ ᠦᠢᠯᠡᠰ ᠤᠨ | ᠨᠢᠬᠡᠴᠢ ᠳᠤ᠄ | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠶᠢᠨ ᠤᠯᠭᠤᠬᠤ ᠶᠠᠰᠤ | ᠴᠢᠨᠠᠷ ᠤᠨ ᠱᠠᠩᠨᠠᠯ ᠤᠨ ᠬᠠᠮᠢᠶᠠᠷᠤᠯᠳᠠ ᠶᠢᠨ ᠠᠷᠭ᠎ᠠ︾ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠢᠶᠠᠷ ᠵᠦᠪᠰᠢᠶᠡᠷᠡᠬᠦᠯᠦᠬᠡᠳ᠂ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠬᠦᠯᠳᠦᠬᠡᠢ᠃ | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠶᠢᠨ | ᠤᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠳᠠ ᠶᠢᠨ ᠠᠷᠭ᠎ᠠ | | ᠨᠢᠬᠡᠳᠦᠬᠡᠷ ᠪᠦᠯᠦᠭ ᠶᠡᠷᠦᠩᠬᠡᠢ ᠲᠦᠷᠢᠮ | ᠨᠢᠬᠡᠳᠦᠬᠡᠷ ᠵᠦᠢᠯ ᠪᠦ᠋ᠬᠦ ᠤᠷᠤᠨ ᠤ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ | ᠶᠠᠰᠤ ᠴᠢᠨᠠᠷ ᠢᠶᠠᠷ ᠤᠷᠤᠨ ᠢᠶᠠᠨ ᠬᠦᠴᠦᠷᠬᠡᠭᠵᠢᠬᠦᠯᠬᠦ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢᠨ | ᠲᠤᠰᠠᠳᠠ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ | ︽ᠶᠠᠰᠤ ᠴᠢᠨᠠᠷ ᠢ ᠲᠡᠬᠡᠭᠰᠢᠯᠡᠬᠦᠯᠬᠦ ᠠᠵᠢᠯᠯᠠᠭᠠᠨ ᠢ ᠦᠷᠨᠢᠬᠦᠯᠬᠦ ᠲᠤᠬᠠᠢ ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠦᠪ ᠲᠠᠷᠬᠠᠭᠠᠭᠰᠠᠨ | ﹇2017﹈ 24 ᠳ᠋ᠦ᠋ᠬᠡᠷ ᠲᠤᠭᠠᠳᠤ︶ ᠪᠤᠯᠤᠨ ︵ᠶᠠᠰᠤ ᠴᠢᠨᠠᠷ ᠢᠶᠠᠷ ᠤᠷᠤᠨ ᠢᠶᠠᠨ ᠬᠦᠴᠦᠷᠬᠡᠭᠵᠢᠬᠦᠯᠬᠦ ᠲᠤᠬᠠᠢ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ︾ ︵ | ᠦᠪᠦᠷ ᠵᠠᠰᠠᠭ ᠲᠠᠷᠬᠠᠭᠠᠭᠰᠠᠨ ﹇2015﹈ 92 ᠳ᠋ᠤᠭᠠᠷ ᠲᠤᠭᠠᠳᠤ︶ ᠢᠶᠠᠷ ᠦᠨᠳᠦᠰᠦᠯᠡᠯ ᠪᠤᠯᠭᠠᠵᠦ᠂ | ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠳᠠᠭᠠᠪᠠ᠃ | ᠬᠤᠶᠠᠳᠤᠭᠠᠷ ᠵᠦᠢᠯ ᠥᠪᠥᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠶᠢᠨ ᠤᠯᠭᠤᠬᠤ | ᠶᠠᠰᠤ ᠴᠢᠨᠠᠷ ᠤᠨ ᠱᠠᠩᠨᠠᠯ ︵ᠲᠤᠷᠤᠬᠰᠢ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠬᠡᠵᠦ | ᠲᠤᠪᠴᠢᠯᠠᠨ᠎ᠠ︶ ᠪᠤᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠠᠶᠢᠭᠤᠯᠤᠬᠰᠠᠨ | ᠶᠠᠰᠤ ᠴᠢᠨᠠᠷ ᠤᠨ ᠲᠠᠯ᠎ᠠ ᠪᠠᠷ ᠬᠢ ᠬᠠᠮᠤᠭ ᠤᠨ ᠲᠡᠬᠡᠳᠤ ᠢᠷᠠᠭᠤ ᠠᠯᠳᠠᠷ ᠤᠨ ᠱᠠᠩᠨᠠᠯ ᠤᠨ ᠵᠦᠢᠯ ᠪᠤᠯᠤᠨ᠎ᠠ᠂ | ᠭᠤᠤᠯᠳᠠᠭᠤ ᠦᠪᠡᠷᠳᠡᠬᠡᠨ ᠵᠠᠰᠠᠬᠤ ᠤᠷᠤᠨ ᠳᠠᠬᠢ ᠶᠠᠰᠤ ᠴᠢᠨᠠᠷ ᠪᠤᠯᠤᠨ ᠨᠡᠷᠡᠳᠤ ᠲᠦᠷᠦᠯ ᠲᠡᠮᠳᠡᠭᠳᠦ ᠶᠢ | ᠲᠡᠬᠡᠭᠰᠢᠯᠡᠬᠦᠯᠦᠭᠰᠡᠨ ᠲᠠᠯ᠎ᠠ ᠪᠠᠷ ᠠᠮᠵᠢᠯᠳᠠ ᠪᠦᠳᠦᠮᠵᠢ ᠨᠢ ᠲᠤᠪᠤᠶᠢᠮ᠎ᠠ᠂ ᠪᠦᠬᠦ ᠤᠷᠤᠨ ᠤ ᠠᠵᠦ ᠠᠬᠤᠢ | ᠨᠡᠶᠢᠬᠡᠮ ᠤᠨ ᠬᠦᠭᠵᠢᠯᠳᠡ ᠳᠤ ᠰᠢᠯᠭᠠᠷᠠᠭᠰᠠᠨ ᠬᠤᠪᠢ ᠨᠡᠮᠡᠷᠢ ᠦᠵᠡᠬᠦᠯᠦᠭᠰᠡᠨ ᠪᠠ ᠠᠵᠢᠯ ᠲᠦᠷᠦᠯ ᠳᠤ ᠪᠠᠨ | ᠮᠡᠳᠡᠭᠳᠡᠬᠦ᠋ᠢᠴᠡ ᠬᠡᠪ ᠲᠠᠭᠤᠷᠢᠶᠠᠯ ᠪᠤᠯᠵᠦ ᠵᠢᠱᠢᠶ᠎ᠠ ᠦᠵᠡᠬᠦᠯᠦᠨ ᠲᠠᠶᠢᠴᠢᠯᠠᠬᠤ ᠦᠢᠯᠡᠳᠦᠯ ᠭᠠᠷᠭᠠᠭᠰᠠᠨ ᠰᠢᠯᠢᠳᠡᠭ | ᠵᠤᠬᠢᠶᠠᠨ ᠪᠠᠶᠢᠭᠤᠯᠤᠯᠳᠠ ᠪᠤᠯᠤᠨ ᠶᠠᠰᠤ ᠴᠢᠨᠠᠷ ᠲᠠᠢ ᠬᠦᠭᠵᠢᠬᠦᠯᠬᠦ ᠳᠤ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ | ᠬᠤᠪᠢ ᠬᠦᠮᠦᠨ ᠳᠤ ᠤᠯᠭᠤᠨ᠎ᠠ᠃ | ᠭᠤᠷᠪᠠᠳᠤᠭᠠᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠬᠤᠶᠠᠷ ᠵᠢᠯ ᠳᠤ ᠨᠢᠬᠡ | ᠤᠳᠠᠭ᠎ᠠ ᠰᠢᠯᠭᠠᠷᠠᠭᠤᠯᠤᠨ ᠰᠤᠩᠭᠤᠵᠦ᠂ ᠬᠤᠭᠤᠴᠠᠭ᠎ᠠ ᠪᠦᠷᠢ ᠶᠢᠨ ᠶᠠᠰᠤ ᠴᠢᠨᠠᠷ ᠤᠨ ᠱᠠᠩᠨᠠᠯ ᠤᠯᠭᠤᠬᠤ ᠵᠤᠬᠢᠶᠠᠨ | ᠪᠠᠶᠢᠭᠤᠯᠤᠯᠳᠠ ᠪᠤᠯᠤᠨ ᠬᠤᠪᠢ ᠬᠦᠮᠦᠨ ᠤ ᠶᠡᠷᠦᠩᠬᠡᠢ ᠲᠤᠭ᠎ᠠ ᠶᠢ 5 ᠪᠠᠶᠢᠯᠭᠠᠨ᠎ᠠ᠃ ᠬᠡᠷᠪᠡ ᠨᠦᠬᠦᠴᠡᠯ ᠳᠤ | ᠨᠡᠶᠢᠴᠡᠬᠦ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠪᠠᠶᠢᠬᠤ ᠦᠬᠡᠢ ᠪᠤᠯ ᠱᠠᠩᠨᠠᠯ ᠤᠯᠭᠤᠬᠤ ᠦᠬᠡᠢ | ᠪᠠᠶᠢᠵᠦ ᠪᠤᠯᠤᠨ᠎ᠠ᠃ | ᠲᠦᠷᠪᠡᠳᠦᠬᠡᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠵᠦ | ᠰᠤᠩᠭᠤᠬᠤ ᠳᠤ ᠰᠢᠨᠵᠢᠯᠡᠬᠦ ᠤᠬᠠᠭᠠᠨᠴᠢ᠂ ᠲᠦᠪ ᠭᠤᠤᠯᠴᠢ᠂ ᠢᠯᠡ ᠪᠠᠶᠢᠯᠭᠠᠬᠤ ᠪᠠ ᠰᠠᠶᠢᠨ ᠲᠤᠷ᠎ᠠ ᠠᠴᠠ ᠪᠠᠨ | ᠭᠤᠶᠤᠴᠢᠯᠠᠬᠤ ᠵᠠᠷᠴᠢᠮ ᠢ ᠪᠠᠷᠢᠮᠳᠠᠯᠠᠨ᠎ᠠ᠃ | ᠲᠠᠪᠤᠳᠤᠭᠠᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠵᠦ | ᠰᠤᠩᠭᠤᠬᠤ ᠳᠤ ᠶᠠᠮᠠᠷ ᠴᠤ ᠰᠦᠢᠳᠬᠡᠯ ᠬᠤᠷᠢᠶᠠᠬᠤ ᠦᠬᠡᠢ᠃ ᠰᠢᠯᠭᠠᠷᠠᠭᠤᠯᠬᠤ ᠠᠵᠢᠯ ᠤᠨ ᠵᠠᠷᠤᠳᠠᠯ ᠢ ᠲᠤᠰ | ᠵᠢᠯ ᠳᠠᠬᠢ ᠰᠠᠯᠠᠭ᠎ᠠ ᠮᠦᠴᠢᠷ ᠤᠨ ᠲᠦᠰᠦᠪ ᠲᠤ ᠵᠢᠬᠰᠠᠭᠠᠨ ᠤᠷᠤᠭᠤᠯᠵᠦ᠂ ᠱᠠᠩᠨᠠᠬᠤ ᠮᠦᠡᠭᠬᠦ ᠶᠢ ᠱᠠᠩᠨᠠᠯ | ᠤᠯᠭᠤᠬᠤ ᠲᠠᠷᠠᠭ᠎ᠠ ᠵᠢᠯ ᠳᠠᠬᠢ ᠰᠠᠯᠠᠭ᠎ᠠ ᠮᠦᠴᠢᠷ ᠤᠨ ᠲᠦᠰᠦᠪ ᠲᠤ ᠵᠢᠬᠰᠠᠭᠠᠨ ᠤᠷᠤᠭᠤᠯᠤᠨ᠎ᠠ᠃ | ᠵᠢᠷᠭᠤᠳᠤᠭᠠᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠤᠨ ᠬᠦᠴᠦᠨ ᠪᠦᠬᠦᠢ | ᠬᠤᠭᠤᠴᠠᠭ᠎ᠠ ᠨᠢ 3 ᠵᠢᠯ ᠪᠤᠯᠤᠨ᠎ᠠ᠃ | ᠲᠤᠯᠤᠳᠤᠭᠠᠷ ᠵᠦᠢᠯ ᠡᠯ᠎ᠡ ᠠᠵᠢᠯ ᠲᠦᠷᠦᠯ ᠤᠨ ᠬᠢᠨ ᠤ ᠰᠢᠯᠢᠳᠡᠭ ᠵᠤᠬᠢᠶᠠᠨ ᠪᠠᠶᠢᠭᠤᠯᠤᠯᠳᠠ ᠪᠤᠯᠤᠨ ᠬᠤᠪᠢ | ᠬᠦᠮᠦᠨ ᠢ ᠵᠤᠷᠢᠬᠵᠢᠭᠤᠯᠵᠦ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠳᠤ ᠢᠳᠡᠪᠬᠢᠳᠡᠢ | ᠭᠤᠶᠤᠴᠢᠯᠠᠨ ᠮᠡᠳᠡᠬᠦᠯᠦᠬᠦᠯᠦᠨᠠ᠃ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠢ ᠲᠠᠮᠵᠢᠵᠦ ᠲᠡᠷᠢᠬᠦᠯᠡᠭᠴᠢ ᠶᠢᠨ | ᠤᠯᠭᠤᠬᠤ ᠶᠠᠰᠤ ᠴᠢᠨᠠᠷ ᠤᠨ ᠱᠠᠩᠨᠠᠯ ᠳᠤ ᠭᠤᠶᠤᠴᠢᠯᠠᠨ ᠮᠡᠳᠡᠬᠦᠯᠦᠬᠦᠯᠦᠨᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠦ ᠬᠠᠮᠢᠶᠠᠷᠬᠤ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠦᠪᠡᠷᠳᠡᠬᠡᠨ | ᠵᠠᠰᠠᠬᠤ ᠤᠷᠤᠨ ᠤ ᠶᠡᠷᠦᠩᠬᠡᠶᠢᠯᠡᠭᠰᠡᠨ ᠠᠵᠦ ᠠᠬᠤᠢ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ | ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠲᠤᠰᠬᠠᠢ ᠠᠵᠢᠯ ᠤᠨ ᠲᠤᠭᠤᠢᠢᠯᠠᠩ ︵ | ᠲᠤᠷᠤᠬᠰᠢ ᠲᠤᠰᠬᠠᠢ ᠠᠵᠢᠯ ᠤᠨ ᠲᠤᠭᠤᠢᠢᠯᠠᠩ ᠬᠡᠵᠦ ᠲᠤᠪᠴᠢᠯᠠᠨ᠎ᠠ︶ ᠢ ᠪᠠᠶᠢᠭᠤᠯᠤᠨ᠎ᠠ᠃ ᠲᠤᠰᠬᠠᠢ ᠠᠵᠢᠯ ᠤᠨ | ᠲᠤᠭᠤᠢᠢᠯᠠᠩ ᠤᠨ ᠲᠠᠷᠤᠭ᠎ᠠ ᠶᠢ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ | ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠲᠡᠳ᠋ ᠲᠡᠷᠢᠬᠦᠯᠡᠭᠴᠢ ᠡᠬᠦᠷᠬᠡᠯᠡᠨ᠂ ᠲᠡᠳ᠋ ᠲᠤᠭᠤᠢᠢᠯᠠᠩ ᠤᠨ ᠲᠠᠷᠤᠭ᠎ᠠ ᠶᠢ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠳ᠋ ᠨᠠᠷᠢᠨ ᠪᠢᠴᠢᠭ ᠤᠨ ᠲᠠᠷᠤᠭ᠎ᠠ ᠪᠤᠯᠤᠨ | ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠡᠬᠦᠷᠬᠡᠯᠡᠵᠦ᠂ | ᠬᠡᠰᠢᠬᠦᠳ ᠨᠢ ᠦᠷᠬᠡᠨ ᠬᠡᠪᠴᠢᠶᠡᠨ ᠤ ᠲᠦᠯᠦᠬᠡᠯᠡᠬᠦ ᠴᠢᠨᠠᠷᠳᠠᠢ ᠪᠠ ᠡᠷᠬᠡ ᠰᠦᠷᠳᠤ ᠴᠢᠨᠠᠷᠳᠠᠢ ᠨᠡᠷ᠎ᠠ ᠴᠤᠤᠳᠠᠢ | ᠡᠷᠳᠡᠮᠳᠡᠨ᠂ ᠶᠠᠰᠤ ᠴᠢᠨᠠᠷ ᠢ ᠬᠠᠮᠢᠶᠠᠷᠬᠤ ᠲᠤᠰᠬᠠᠢ ᠮᠡᠷᠬᠡᠵᠢᠯᠳᠡᠨ᠂ ᠮᠡᠷᠬᠡᠵᠢᠯ ᠤᠨ ᠠᠵᠢᠯ ᠤᠨ ᠲᠤᠰᠬᠠᠢ | ᠮᠡᠷᠬᠡᠵᠢᠯᠳᠡᠨ ᠪᠤᠯᠤᠨ ᠦᠪᠡᠷᠳᠡᠬᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠦᠮᠦᠰ ᠢᠶᠠᠷ | ᠪᠦᠷᠢᠯᠳᠦᠬᠦᠯᠦᠨ᠎ᠠ᠃ ᠭᠤᠤᠯ ᠡᠬᠦᠷᠬᠡ ᠬᠠᠷᠢᠭᠤᠴᠠᠯᠭ᠎ᠠ᠄ | ︵ᠨᠢᠬᠡ︶ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯ ᠤᠨ | ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠳᠠᠭᠠᠨ᠎ᠠ︔ | ︵ᠬᠤᠶᠠᠷ︶ ᠰᠢᠯᠭᠠᠷᠠᠭᠤᠯᠬᠤ ᠪᠠᠷᠢᠮᠵᠢᠶ᠎ᠠ᠂ ᠠᠵᠢᠯ ᠤᠨ ᠲᠡᠰ ᠲᠠᠷᠠᠭᠠᠯᠠᠯ ᠢ ᠬᠢᠨᠠᠨ ᠲᠤᠭᠳᠠᠭᠠᠨ᠎ᠠ︔ | ︵ᠭᠤᠷᠪᠠ︶ ᠰᠢᠯᠭᠠᠷᠠᠭᠤᠯᠬᠤ ᠶᠠᠪᠤᠴᠠ ᠳᠠᠬᠢ ᠴᠢᠬᠤᠯᠠ ᠶᠡᠭᠡ ᠵᠦᠢᠯᠡᠰ ᠢ ᠰᠤᠳᠤᠯᠤᠨ ᠲᠤᠭᠳᠠᠭᠠᠨ᠎ᠠ︔ | ︵ᠲᠦᠷᠪᠡ︶ ᠱᠠᠩᠨᠠᠯ ᠤᠯᠭᠤᠬᠤ ᠪᠠᠷ ᠪᠠᠶᠢᠭ᠎ᠠ ᠨᠡᠷᠡᠰ ᠢ ᠰᠤᠳᠤᠯᠵᠦ ᠬᠢᠨᠠᠨ ᠵᠦᠪᠯᠡᠨ᠎ᠠ᠃ | ᠶᠢᠰᠦᠳᠦᠬᠡᠷ ᠵᠦᠢᠯ ᠲᠤᠰᠬᠠᠢ ᠠᠵᠢᠯ ᠤᠨ ᠲᠤᠭᠤᠢᠢᠯᠠᠩ ᠳᠤ ᠲᠤᠰᠬᠠᠢ ᠠᠵᠢᠯ ᠤᠨ ᠵᠤᠬᠢᠴᠠᠭᠤᠯᠬᠤ ᠠᠯᠪᠠᠨ | ᠬᠡᠷ ᠲᠤᠬᠢᠷᠠᠭᠤᠯᠵᠦ᠂ ᠲᠤᠰ ᠠᠯᠪᠠᠨ ᠬᠡᠷ ᠢ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠪᠠᠶᠢᠷᠢᠯᠠᠭᠤᠯᠤᠨ᠂ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ | ᠱᠠᠩᠨᠠᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠂ ᠭᠤᠤᠯ ᠡᠬᠦᠷᠬᠡ ᠬᠠᠷᠢᠭᠤᠴᠠᠯᠭ᠎ᠠ ᠨᠢ ᠪᠤᠯ᠄ | ︵ᠨᠢᠬᠡ︶ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠵᠢᠯ ᠤᠨ | ᠲᠦᠯᠦᠪᠯᠡᠭᠡ ᠪᠤᠯᠤᠨ ᠲᠦᠰᠦᠯ ᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠠ︔ | ︵ᠬᠤᠶᠠᠷ︶ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠲᠤᠰᠬᠠᠢ | ᠮᠡᠷᠬᠡᠵᠢᠯᠳᠡᠨ ᠤ ᠬᠦᠮᠦᠷᠬᠡ ᠶᠢ ᠪᠠᠶᠢᠭᠤᠯᠵᠦ ᠬᠠᠮᠢᠶᠠᠷᠤᠨ᠎ᠠ︔ | ︵ᠭᠤᠷᠪᠠ︶ ᠰᠢᠯᠭᠠᠷᠠᠭᠤᠯᠬᠤ ᠪᠠᠶᠢᠭᠤᠯᠤᠮᠵᠢ ᠶᠢ ᠰᠤᠩᠭᠤᠨ ᠲᠤᠭᠳᠠᠭᠠᠨ᠎ᠠ︔ | ︵ᠲᠦᠷᠪᠡ︶ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠵᠢᠯ ᠳᠤ | ᠬᠢᠨᠠᠯᠳᠠ ᠲᠠᠯᠪᠢᠨ᠎ᠠ︔ | ︵ᠲᠠᠪᠤ︶ ᠶᠠᠰᠤ ᠴᠢᠨᠠᠷ ᠤᠨ ᠲᠡᠷᠢᠬᠦᠨ ᠤ ᠬᠠᠮᠢᠶᠠᠷᠤᠯᠳᠠ ᠶᠢᠨ ᠵᠠᠬᠪᠤᠷ᠂ ᠠᠷᠭ᠎ᠠ ᠬᠡᠮᠵᠢᠶ᠎ᠠ ᠶᠢ ᠵᠤᠬᠢᠶᠠᠨ | ᠪᠠᠶᠢᠭᠤᠯᠵᠦ ᠤᠬᠠᠭᠤᠯᠤᠨ ᠲᠡᠯᠬᠡᠷᠡᠬᠦᠯᠵᠦ᠂ ᠪᠤᠯᠪᠠᠰᠤᠷᠠᠭᠤᠯᠬᠤ ᠪᠠ ᠬᠦᠮᠦᠵᠢᠬᠦᠯᠬᠦ ᠠᠵᠢᠯ ᠢ ᠵᠤᠬᠢᠶᠠᠨ ᠪᠠᠶᠢᠭᠤᠯᠵᠦ | ᠦᠷᠨᠢᠬᠦᠯᠦᠨ᠎ᠠ︔ | ︵ᠵᠢᠷᠭᠤᠭ᠎ᠠ︶ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠤᠬᠰᠠᠨ ᠦᠷ᠎ᠠ | ᠳ᠋ᠦᠩ ᠢ ᠬᠤᠷᠢᠶᠠᠩᠭᠤᠢᠢᠯᠠᠵᠦ ᠲᠤᠰᠬᠠᠢ ᠠᠵᠢᠯ ᠤᠨ ᠲᠤᠭᠤᠢᠢᠯᠠᠩ ᠳᠤ ᠮᠡᠳᠡᠬᠦᠯᠦᠨ᠂ ᠵᠢᠱᠢᠭᠳᠡᠭᠰᠡᠳ ᠤᠨ ᠨᠡᠷᠡᠰ ᠢ | ᠬᠢᠨᠠᠨ ᠵᠦᠪᠯᠡᠬᠦ ᠪᠠᠷ ᠲᠤᠷᠠᠳᠤᠨ᠎ᠠ᠃ | ᠠᠷᠪᠠᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠲᠤᠰ | ᠭᠠᠵᠠᠷ ᠤᠷᠤᠨ ᠤ ᠭᠤᠶᠤᠴᠢᠯᠠᠨ ᠮᠡᠳᠡᠬᠦᠯᠬᠦ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠢ ᠲᠠᠶᠢᠴᠢᠯᠠᠵᠦ | ᠰᠤᠩᠭᠤᠨ ᠲᠠᠨᠢᠯᠴᠠᠭᠤᠯᠬᠤ ᠠᠵᠢᠯ ᠢ ᠬᠠᠷᠢᠭᠤᠴᠠᠵᠦ᠂ ᠦᠪᠡᠷᠳᠡᠬᠡᠨ ᠵᠠᠰᠠᠬᠤ ᠤᠷᠤᠨ ᠤ ᠡᠯ᠎ᠠ ᠬᠤᠯᠪᠤᠭᠳᠠᠯ ᠪᠦᠬᠦᠢ | ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠠᠵᠢᠯ ᠲᠦᠷᠦᠯ ᠤᠨ ᠵᠤᠬᠢᠶᠠᠨ | ᠪᠠᠶᠢᠭᠤᠯᠤᠯᠳᠠ ᠨᠢ ᠲᠤᠰ ᠠᠵᠢᠯ ᠲᠦᠷᠦᠯ ᠤᠨ ᠬᠢᠨ ᠤ ᠭᠤᠶᠤᠴᠢᠯᠠᠨ ᠮᠡᠳᠡᠬᠦᠯᠬᠦ ᠵᠤᠬᠢᠶᠠᠨ ᠪᠠᠶᠢᠭᠤᠯᠤᠯᠳᠠ ᠪᠤᠯᠤᠨ | ᠬᠤᠪᠢ ᠬᠦᠮᠦᠨ ᠢ ᠲᠠᠶᠢᠴᠢᠯᠠᠵᠦ ᠰᠤᠩᠭᠤᠨ ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠪᠦᠯᠦᠭ ᠭᠤᠶᠤᠴᠢᠯᠠᠨ ᠮᠡᠳᠡᠬᠦᠯᠬᠦ ᠨᠦᠬᠦᠴᠡᠯ | ᠠᠷᠪᠠᠨ ᠨᠢᠬᠡᠳᠦᠬᠡᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠭᠤᠶᠤᠴᠢᠯᠠᠨ | ᠮᠡᠳᠡᠬᠦᠯᠬᠦ ᠵᠤᠬᠢᠶᠠᠨ ᠪᠠᠶᠢᠭᠤᠯᠤᠯᠳᠠ ᠨᠢ ᠲᠤᠤᠷᠠᠬᠢ ᠨᠦᠬᠦᠴᠡᠯ ᠢ ᠪᠦᠷᠢᠳᠦᠬᠦᠯᠬᠦ ᠬᠡᠷᠡᠭᠳᠡᠢ᠄ | ︵ᠨᠢᠬᠡ︶ ᠦᠪᠡᠷᠳᠡᠬᠡᠨ ᠵᠠᠰᠠᠬᠤ ᠤᠷᠤᠨ ᠳᠤ ᠬᠠᠤᠯᠢ ᠶᠤᠰᠤᠭᠠᠷ ᠲᠠᠩᠰᠠᠯᠠᠨ ᠲᠡᠮᠳᠡᠭᠯᠡᠬᠦᠯᠦᠭᠰᠡᠨ᠂ | ᠪᠡᠶ᠎ᠠ ᠪᠠᠨ ᠲᠠᠭᠠᠭᠠᠭᠰᠠᠨ ᠬᠠᠤᠯᠢ ᠶᠢᠨ ᠡᠷᠬᠡᠳᠡᠨ ᠤ ᠬᠢᠷᠢ ᠬᠡᠮ ᠲᠠᠢ᠂ 3 ᠵᠢᠯ ᠠᠴᠠ ᠲᠡᠬᠡᠭᠰᠢ ᠬᠤᠭᠤᠴᠠᠭ᠎ᠠ ᠲᠠᠢ | ᠬᠡᠪ ᠤᠨ ᠪᠠᠶᠢᠳᠠᠯ ᠢᠶᠠᠷ ᠦᠷᠬᠦᠯᠵᠢᠯᠡᠨ ᠦᠢᠯᠡᠳᠪᠦᠷᠢᠯᠡᠵᠦ ᠡᠵᠡᠩᠨᠡᠭᠰᠡᠨ᠂ ᠤᠯᠤᠰ ᠤᠨ ᠠᠵᠦ ᠦᠢᠯᠡᠰ ᠢᠶᠠᠷ | ᠤᠳᠤᠷᠢᠳᠤᠮᠵᠢ ᠪᠤᠯᠭᠠᠬᠤ ᠪᠠ ᠤᠷᠴᠢᠨ ᠲᠤᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠵᠦ ᠪᠤᠬᠢᠷ ᠪᠤᠳᠠᠰ | ᠭᠠᠳᠠᠬᠰᠢᠯᠠᠭᠤᠯᠬᠤ ᠶᠢ ᠪᠠᠭᠠᠰᠬᠠᠬᠤ᠂ ᠠᠶᠤᠯ ᠦᠬᠡᠢ ᠦᠢᠯᠡᠳᠪᠦᠷᠢᠯᠡᠬᠦ᠂ ᠶᠠᠰᠤ ᠴᠢᠨᠠᠷ ᠤᠨ ᠠᠮᠤᠷ ᠲᠦᠪᠰᠢᠨ ᠵᠡᠷᠬᠡ | ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠵᠤᠬᠢᠶᠠᠨ | ᠪᠠᠶᠢᠭᠤᠯᠤᠯᠳᠠ ᠪᠠᠶᠢᠵᠦ᠂ ᠬᠤᠯᠪᠤᠭᠳᠠᠯ ᠪᠦᠬᠦᠢ ᠬᠢᠷᠢ ᠬᠡᠮ ᠪᠤᠶᠤ ᠬᠡᠷᠡᠴᠢ ᠦᠨᠡᠮᠯᠡᠯ ᠢ ᠪᠦᠷᠢᠳᠦᠬᠦᠯᠦᠭᠰᠡᠨ | ᠪᠠᠶᠢᠬᠤ︔ | ︵ᠬᠤᠶᠠᠷ︶ ᠶᠠᠰᠤ ᠴᠢᠨᠠᠷ ᠢ ᠬᠠᠮᠢᠶᠠᠷᠬᠤ ᠰᠢᠰᠲ᠋ᠧᠮᠵᠢ ᠨᠢ ᠪᠦᠷᠢᠨᠰᠢᠭᠰᠡᠨ᠂ ᠶᠠᠰᠤ ᠴᠢᠨᠠᠷ ᠢ ᠬᠠᠮᠢᠶᠠᠷᠬᠤ | ᠵᠠᠬᠪᠤᠷ ᠨᠢ ᠲᠡᠷᠢᠬᠦᠨ ᠤ ᠪᠠᠶᠢᠵᠦ᠂ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠬᠰᠠᠨ᠂ ᠶᠠᠰᠤ ᠴᠢᠨᠠᠷ ᠢ ᠬᠠᠮᠢᠶᠠᠷᠬᠤ | ᠲᠦᠷᠢᠮ᠂ ᠵᠠᠬᠪᠤᠷ᠂ ᠠᠷᠭ᠎ᠠ ᠳᠤ ᠪᠠᠨ ᠰᠢᠨ᠎ᠠ ᠶᠢ ᠡᠬᠦᠳᠦᠭᠰᠡᠨ ᠤ ᠬᠠᠮᠳᠤ᠂ 2 ᠵᠢᠯ ᠠᠴᠠ ᠲᠡᠬᠡᠭᠰᠢ | ᠬᠤᠭᠤᠴᠠᠭ᠎ᠠ ᠲᠠᠢ ᠪᠦᠳᠦᠮᠵᠢᠳᠡᠢ ᠠᠵᠢᠯᠯᠠᠬᠰᠠᠨ ᠪᠦᠬᠡᠳ ᠲᠡᠯᠬᠡᠷᠡᠬᠦᠯᠬᠦ ᠦᠨ᠎ᠠ ᠦᠷᠳᠡᠭ ᠲᠠᠢ ᠪᠠᠶᠢᠬᠤ︔ | ︵ᠭᠤᠷᠪᠠ︶ ᠶᠠᠰᠤ ᠴᠢᠨᠠᠷ ᠤᠨ ᠬᠢᠷᠢ ᠲᠦᠪᠰᠢᠨ᠂ ᠰᠢᠨ᠎ᠠ ᠶᠢ ᠡᠬᠦᠳᠬᠦ ᠴᠢᠳᠠᠪᠤᠷᠢ᠂ ᠨᠡᠷᠡᠳᠤ ᠲᠦᠷᠦᠯ | ᠲᠡᠮᠳᠡᠭᠳᠤ ᠶᠢᠨ ᠨᠦᠯᠦᠬᠡᠯᠡᠬᠦ ᠬᠦᠴᠦᠨ ᠵᠢᠴᠢ ᠡᠵᠡᠩᠨᠡᠯᠳᠡ ᠶᠢᠨ ᠦᠷ᠎ᠠ ᠠᠰᠢᠭ ᠵᠡᠷᠬᠡ ᠲᠠᠯ᠎ᠠ ᠪᠠᠷ ᠬᠢ ᠬᠢᠷᠢ | ᠪᠦᠳᠦᠮᠵᠢ ᠨᠢ ᠲᠤᠪᠤᠶᠢᠮ᠎ᠠ ᠪᠠᠶᠢᠵᠦ᠂ ᠨᠡᠶᠢᠬᠡᠮ ᠳᠤ ᠦᠵᠡᠬᠦᠯᠦᠭᠰᠡᠨ ᠬᠤᠪᠢ ᠨᠡᠮᠡᠷᠢ ᠨᠢ ᠲᠤᠪᠤᠶᠢᠮ᠎ᠠ ᠪᠠᠶᠢᠬᠤ᠃ | ᠦᠢᠯᠡᠳᠪᠦᠷᠢᠯᠡᠬᠦ ᠪᠠ ᠦᠢᠯᠡᠴᠢᠯᠡᠨ ᠡᠵᠡᠩᠨᠡᠬᠦ ᠠᠵᠢᠯᠯᠠᠭ᠎ᠠ ᠬᠢᠭᠰᠡᠳ ᠤᠨ ᠡᠵᠡᠩᠨᠡᠯᠳᠡ ᠶᠢᠨ ᠬᠡᠪᠴᠢᠶ᠎ᠠ᠂ | ᠪᠡᠶᠡᠯᠡᠬᠦᠯᠦᠭᠰᠡᠨ ᠠᠰᠢᠭ ᠭᠠᠶᠢᠯᠢ᠂ ᠶᠡᠷᠦᠩᠬᠡᠢ ᠬᠦᠷᠦᠩᠬᠡ ᠶᠢᠨ ᠬᠤᠪᠢ ᠨᠡᠮᠡᠷᠢ ᠶᠢᠨ ᠨᠤᠷᠮ᠎ᠠ ᠨᠢ ᠦᠪᠡᠷᠳᠡᠬᠡᠨ | ᠵᠠᠰᠠᠬᠤ ᠤᠷᠤᠨ ᠤ ᠠᠵᠢᠯ ᠲᠦᠷᠦᠯ ᠤᠨ ᠨᠢᠬᠡᠳᠡᠨ ᠤ ᠲᠡᠷᠢᠬᠦᠨ ᠪᠠᠶᠢᠷᠢᠨ ᠳᠤ ᠵᠢᠬᠰᠠᠭᠠᠭᠳᠠᠬᠰᠠᠨ ᠪᠠᠶᠢᠵᠦ᠂ | ᠤᠢᠢᠷ᠎ᠠ ᠶᠢᠨ 3 ᠵᠢᠯ ᠳᠤ ᠡᠵᠡᠩᠨᠡᠯᠳᠡ ᠶᠢᠨ ᠴᠢᠨᠠᠷᠳᠠᠢ ᠠᠯᠳᠠᠬᠳᠠᠯ ᠭᠠᠷᠭᠠᠭᠰᠠᠨ ᠦᠬᠡᠢ ᠪᠠᠶᠢᠬᠤ᠃ ᠠᠰᠢᠭ ᠤᠯᠵᠠ | ᠦᠯᠦ ᠤᠯᠬᠤ ᠴᠢᠨᠠᠷᠳᠠᠢ ᠠᠵᠢᠯ ᠡᠷᠬᠢᠯᠡᠭᠰᠡᠳ ᠤᠨ ᠨᠡᠶᠢᠬᠡᠮ ᠳᠤ ᠦᠵᠡᠬᠦᠯᠦᠭᠰᠡᠨ ᠬᠤᠪᠢ ᠨᠡᠮᠡᠷᠢ ᠨᠢ ᠦᠪᠡᠷᠳᠡᠬᠡᠨ | ᠵᠠᠰᠠᠬᠤ ᠤᠷᠤᠨ ᠳᠠᠬᠢ ᠠᠵᠢᠯ ᠲᠦᠷᠦᠯ ᠤᠨ ᠨᠢᠬᠡᠳᠡᠨ ᠤ ᠲᠡᠷᠢᠬᠦᠨ ᠪᠠᠶᠢᠷᠢᠨ ᠳᠤ ᠵᠢᠬᠰᠠᠭᠠᠭᠳᠠᠬᠰᠠᠨ ᠪᠠᠶᠢᠬᠤ᠃ | ᠠᠷᠪᠠᠨ ᠬᠤᠶᠠᠳᠤᠭᠠᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠭᠤᠶᠤᠴᠢᠯᠠᠨ | ᠮᠡᠳᠡᠬᠦᠯᠬᠦ ᠬᠤᠪᠢ ᠬᠦᠮᠦᠨ᠂ ᠲᠤᠤᠷᠠᠬᠢ ᠨᠦᠬᠦᠴᠡᠯ ᠢ ᠪᠦᠷᠢᠳᠦᠬᠦᠯᠬᠦ ᠬᠡᠷᠡᠭᠳᠡᠢ᠄ | ︵ᠨᠢᠬᠡ︶ ᠦᠪᠡᠷᠳᠡᠬᠡᠨ ᠵᠠᠰᠠᠬᠤ ᠤᠷᠤᠨ ᠤ ᠬᠡᠪᠴᠢᠶᠡᠨ ᠳᠤ 5 ᠵᠢᠯ ᠭᠠᠷᠤᠢ ᠶᠠᠰᠤ ᠴᠢᠨᠠᠷ ᠤᠨ ᠠᠵᠢᠯ ᠪᠤᠶᠤ | ᠶᠠᠰᠤ ᠴᠢᠨᠠᠷ ᠲᠠᠢ ᠬᠤᠯᠪᠤᠭᠳᠠᠬᠤ ᠠᠵᠢᠯ ᠡᠷᠬᠢᠯᠡᠭᠰᠡᠨ ᠪᠠᠶᠢᠬᠤ︔ | ︵ᠬᠤᠶᠠᠷ︶ ᠶᠠᠰᠤ ᠴᠢᠨᠠᠷ ᠤᠨ ᠰᠢᠨ᠎ᠠ ᠶᠢ ᠡᠬᠦᠳᠬᠦ ᠪᠠ ᠰᠠᠶᠢᠵᠢᠷᠠᠭᠤᠯᠬᠤ ᠤᠬᠠᠮᠰᠠᠷ ᠢᠶᠠᠷ ᠴᠢᠩᠭ᠎ᠠ ᠪᠠᠶᠢᠵᠦ᠂ | ᠶᠠᠰᠤ ᠴᠢᠨᠠᠷ ᠤᠨ ᠲᠡᠷᠢᠬᠦᠨ ᠤ ᠬᠠᠮᠢᠶᠠᠷᠬᠤ ᠠᠷᠭ᠎ᠠ ᠪᠤᠶᠤ ᠶᠠᠰᠤ ᠴᠢᠨᠠᠷ ᠢ ᠬᠠᠮᠢᠶᠠᠷᠬᠤ ᠶᠠᠪᠤᠴᠠ ᠳᠤ ᠪᠦᠷᠢᠯᠳᠦᠭᠰᠡᠨ | ᠦᠪᠡᠷᠮᠢᠴᠡ ᠤᠨᠴᠠᠯᠢᠭ ᠲᠠᠢ ᠠᠵᠢᠯ ᠤᠨ ᠠᠷᠭ᠎ᠠ ᠪᠤᠯᠤᠨ ᠲᠤᠷᠰᠢᠯᠭ᠎ᠠ ᠶᠢ ᠢᠳᠡᠪᠬᠢᠳᠡᠢ ᠲᠡᠯᠬᠡᠷᠡᠬᠦᠯᠦᠨ ᠬᠡᠷᠡᠭᠯᠡᠵᠦ᠂ | ︽ᠤᠷᠠᠨ ᠲᠠᠷᠬᠠᠨ ᠤ ᠵᠤᠷᠢᠭ ᠰᠠᠨᠠᠭ᠎ᠠ︾ ᠶᠢ ᠢᠯᠡᠷᠡᠬᠦᠯᠦᠭᠰᠡᠨ ᠠᠵᠢᠯ ᠤᠨ ᠦᠷ᠎ᠠ ᠪᠦᠳᠦᠬᠡᠯ ᠲᠠᠢ ᠪᠠᠶᠢᠵᠦ᠂ | ᠵᠤᠬᠢᠶᠠᠨ ᠪᠠᠶᠢᠭᠤᠯᠤᠯᠳᠠ ᠶᠢᠨ ᠪᠤᠶᠤ ᠠᠵᠢᠯ ᠲᠦᠷᠦᠯ ᠤᠨ ᠬᠢᠨ ᠤ ᠶᠠᠰᠤ ᠴᠢᠨᠠᠷ ᠤᠨ ᠬᠢᠷᠢ ᠲᠦᠪᠰᠢᠨ ᠪᠤᠯᠤᠨ | ᠠᠮᠵᠢᠯᠳᠠ ᠪᠦᠳᠦᠮᠵᠢ ᠶᠢ ᠲᠡᠬᠡᠭᠰᠢᠯᠡᠬᠦᠯᠬᠦ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠠᠶᠢᠬᠤ︔ | ︵ᠭᠤᠷᠪᠠ︶ ᠤᠯᠠᠨ ᠲᠦᠮᠡᠨᠴᠢ ᠴᠢᠨᠠᠷᠳᠠᠢ ᠶᠠᠰᠤ ᠴᠢᠨᠠᠷ ᠢ ᠬᠠᠮᠢᠶᠠᠷᠬᠤ ᠠᠵᠢᠯᠯᠠᠭᠠᠨ ᠢ ᠢᠳᠡᠪᠬᠢᠳᠡᠢ | ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠵᠦ᠂ ᠵᠤᠬᠢᠶᠠᠨ ᠪᠠᠶᠢᠭᠤᠯᠤᠯᠳᠠ ᠶᠢᠨ ᠶᠠᠰᠤ ᠴᠢᠨᠠᠷ ᠤᠨ ᠰᠤᠶᠤᠯ ᠢ | ᠪᠦᠷᠢᠯᠳᠦᠬᠦᠯᠬᠦ ᠳᠤ ᠴᠢᠬᠤᠯᠠ ᠬᠤᠪᠢ ᠨᠡᠮᠡᠷᠢ ᠦᠵᠡᠬᠦᠯᠵᠦ᠂ ᠵᠤᠬᠢᠶᠠᠨ ᠪᠠᠶᠢᠭᠤᠯᠤᠯᠳᠠ ᠪᠤᠯᠤᠨ ᠨᠡᠶᠢᠬᠡᠮ ᠳᠤ | ᠢᠯᠡᠳᠳᠡ ᠦᠷ᠎ᠠ ᠠᠰᠢᠭ ᠬᠦᠷᠳᠡᠬᠡᠭᠰᠡᠨ ᠪᠠᠶᠢᠬᠤ︔ | ︵ᠲᠦᠷᠪᠡ︶ ᠠᠵᠢᠯ ᠮᠡᠷᠬᠡᠵᠢᠯ ᠤᠨ ᠶᠤᠰᠤ ᠰᠤᠷᠳᠠᠬᠤᠨ ᠪᠤᠯᠤᠨ ᠨᠡᠶᠢᠬᠡᠮ ᠤᠨ ᠵᠢᠷᠤᠮᠵᠢᠯ ᠢ | ᠬᠢᠴᠢᠶᠡᠩᠬᠦ᠋ᠢᠯᠡᠨ ᠰᠠᠬᠢᠵᠦ᠂ ᠲᠠᠭᠤᠷᠢᠶᠠᠯ ᠤᠨ ᠦᠢᠯᠡᠳᠦᠯ ᠪᠤᠯᠤᠨ ᠨᠡᠶᠢᠬᠡᠮ ᠤᠨ ᠨᠦᠯᠦᠬᠡᠯᠡᠬᠦ ᠬᠦᠴᠦᠨ ᠲᠠᠢ ᠪᠠᠶᠢᠵᠦ᠂ | ᠬᠤᠪᠢ ᠬᠦᠮᠦᠨ ᠤ ᠢᠳᠡᠬᠡᠮᠵᠢ ᠶᠢᠨ ᠲᠡᠮᠳᠡᠭᠯᠡᠯ ᠨᠢ ᠨᠦᠯᠦᠬᠡ ᠰᠠᠶᠢᠳᠠᠢ ᠪᠠᠶᠢᠬᠤ᠃ ᠭᠤᠶᠤᠴᠢᠯᠠᠨ ᠮᠡᠳᠡᠬᠦᠯᠬᠦ | ᠬᠤᠪᠢ ᠬᠦᠮᠦᠨ ᠨᠢ ᠬᠡᠷᠪᠡ ᠵᠤᠬᠢᠶᠠᠨ ᠪᠠᠶᠢᠭᠤᠯᠤᠯᠳᠠ ᠶᠢᠨ ᠬᠠᠮᠤᠭ ᠤᠨ ᠶᠡᠭᠡ ᠬᠠᠮᠢᠶᠠᠷᠤᠬᠴᠢ ᠪᠠᠶᠢᠵᠦ᠂ ᠲᠤᠰᠢᠶᠠᠯ | ᠡᠬᠦᠷᠬᠡᠯᠡᠵᠦ ᠪᠠᠶᠢᠭ᠎ᠠ ᠵᠤᠬᠢᠶᠠᠨ ᠪᠠᠶᠢᠭᠤᠯᠤᠯᠳᠠ ᠨᠢ ᠤᠢᠢᠷ᠎ᠠ ᠶᠢᠨ 3 ᠵᠢᠯ ᠳᠤ ᠶᠠᠰᠤ ᠴᠢᠨᠠᠷ᠂ ᠠᠶᠤᠯ ᠦᠬᠡᠢ | ᠦᠢᠯᠡᠳᠪᠦᠷᠢᠯᠡᠯ᠂ ᠤᠷᠴᠢᠨ ᠲᠤᠭᠤᠷᠢᠨ ᠤ ᠪᠤᠬᠢᠷᠳᠤᠭᠤᠯᠤᠯ᠂ ᠤᠯᠠᠨ ᠨᠡᠶᠢᠳᠡ ᠶᠢᠨ ᠠᠷᠢᠭᠤᠨ ᠴᠡᠪᠡᠷ ᠤᠨ ᠵᠡᠷᠬᠡ | ᠴᠢᠬᠤᠯᠠ ᠶᠡᠭᠡ ᠬᠠᠷᠢᠭᠤᠴᠠᠯᠭ᠎ᠠ ᠶᠢᠨ ᠬᠡᠨᠡᠳᠡᠯ ᠭᠠᠷᠭᠠᠭᠰᠠᠨ ᠦᠬᠡᠢ ᠪᠠᠶᠢᠵᠦ᠂ ᠨᠡᠶᠢᠬᠡᠮ ᠳᠤ ᠲᠤᠩ ᠨᠠᠵᠠᠭᠠᠢ | ᠨᠦᠯᠦᠬᠡ ᠭᠠᠷᠭᠠᠭᠰᠠᠨ ᠢᠶᠠᠷ ᠢᠯᠡᠴᠢᠯᠡᠨ ᠵᠠᠭᠠᠯᠳᠤᠬᠳᠠᠬᠰᠠᠨ ᠦᠬᠡᠢ ᠪᠦᠬᠡᠳ ᠬᠠᠤᠯᠢ ᠲᠤᠭᠳᠠᠭᠠᠯ ᠢ ᠵᠦᠷᠢᠴᠡᠭᠰᠡᠨ | ᠮᠠᠭᠤ ᠨᠦᠯᠦᠬᠡ ᠭᠠᠷᠭᠠᠭᠰᠠᠨ ᠲᠮᠡᠳᠡᠭᠯᠡᠯ ᠦᠬᠡᠢ ᠪᠠᠶᠢᠬᠤ︔ | ᠠᠷᠪᠠᠨ ᠭᠤᠷᠪᠠᠳᠤᠭᠠᠷ ᠵᠦᠢᠯ ᠲᠣᠣᠷᠠᠬᠢ ᠪᠠᠶᠢᠳᠠᠯ ᠤᠨ ᠨᠢᠬᠡ ᠨᠢ ᠪᠠᠶᠢᠪᠠᠯ᠂ ᠲᠡᠷᠢᠬᠦᠯᠡᠭᠴᠢ ᠶᠢᠨ ᠤᠯᠭᠤᠬᠤ | ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠬᠦᠯᠵᠦ ᠪᠤᠯᠬᠤ ᠦᠬᠡᠢ᠄ | ︵ᠨᠢᠬᠡ︶ ᠠᠵᠦ ᠦᠢᠯᠡᠰ᠂ ᠤᠷᠴᠢᠨ ᠲᠤᠭᠤᠷᠢᠨ ᠤ ᠬᠠᠮᠠᠭᠠᠯᠠᠯᠳᠠ᠂ ᠶᠠᠰᠤ ᠴᠢᠨᠠᠷ ᠤᠨ ᠲᠦᠷᠦ ᠶᠢᠨ | ᠪᠤᠳᠤᠯᠭ᠎ᠠ ᠳᠤ ᠨᠡᠶᠢᠴᠡᠬᠦ ᠦᠬᠡᠢ ᠪᠠᠶᠢᠬᠤ︔ | ︵ᠬᠤᠶᠠᠷ︶ ᠤᠯᠤᠰ ᠤᠨ ᠲᠤᠭᠳᠠᠭᠠᠭᠰᠠᠨ ᠬᠤᠯᠪᠤᠭᠳᠠᠯ ᠪᠦᠬᠦᠢ ᠬᠡᠷᠡᠴᠢ ᠦᠨᠡᠮᠯᠡᠯ ᠢ ᠤᠯᠤᠬᠰᠠᠨ ᠦᠬᠡᠢ | ᠪᠠᠶᠢᠬᠤ︔ | ︵ᠭᠤᠷᠪᠠ︶ ᠤᠢᠢᠷ᠎ᠠ ᠶᠢᠨ 3 ᠵᠢᠯ ᠳᠤ ᠶᠠᠰᠤ ᠴᠢᠨᠠᠷ ᠤᠨ ᠠᠮᠤᠷ ᠲᠦᠪᠰᠢᠨ᠂ ᠠᠶᠤᠯ ᠦᠬᠡᠢ | ᠦᠢᠯᠡᠳᠪᠦᠷᠢᠯᠡᠯ᠂ ᠤᠷᠴᠢᠨ ᠲᠤᠭᠤᠷᠢᠨ ᠤ ᠪᠤᠬᠢᠷᠳᠤᠯ᠂ ᠤᠯᠠᠨ ᠨᠡᠶᠢᠳᠡ ᠶᠢᠨ ᠠᠷᠢᠭᠤᠨ ᠴᠡᠪᠡᠷ ᠵᠡᠷᠬᠡ ᠨᠡᠯᠢᠶᠡᠳ | ᠶᠡᠭᠡ ᠬᠠᠷᠢᠭᠤᠴᠠᠯᠭ᠎ᠠ ᠶᠢᠨ ᠬᠡᠨᠡᠳᠡᠯ᠂ ᠦᠢᠯᠡᠴᠢᠯᠡᠬᠡᠨ ᠤ ᠶᠠᠰᠤ ᠴᠢᠨᠠᠷ ᠪᠤᠯᠤᠨ ᠬᠦᠳᠡᠯᠮᠦᠷᠢ ᠶᠢᠨ ᠪᠠᠳᠤᠯᠠᠭ᠎ᠠ ᠵᠡᠷᠬᠡ | ᠬᠦᠨᠳᠤ ᠶᠡᠭᠡ ᠶᠠᠰᠤ ᠴᠢᠨᠠᠷ ᠤᠨ ᠠᠰᠠᠭᠤᠳᠠᠯ ᠪᠤᠶᠤ ᠬᠠᠤᠯᠢ ᠶᠢ ᠵᠦᠷᠢᠴᠡᠭᠰᠡᠨ ᠲᠡᠮᠳᠡᠭᠯᠡᠯ ᠲᠠᠢ ᠪᠠᠶᠢᠬᠤ︔ | ︵ᠲᠦᠷᠪᠡ︶ ᠤᠢᠢᠷ᠎ᠠ ᠶᠢᠨ 3 ᠵᠢᠯ ᠳᠤ ᠡᠯ᠎ᠠ ᠱᠠᠳᠤᠨ ᠤ ᠵᠠᠰᠠᠭ ᠤᠨ ᠤᠷᠳᠤᠨ ᠤ ᠱᠠᠩᠨᠠᠯ ᠤᠨ ᠵᠦᠢᠯ | ᠰᠢᠯᠭᠠᠷᠠᠭᠤᠯᠬᠤ ᠠᠵᠢᠯᠯᠠᠭᠠᠨ ᠳᠤ ᠤᠷᠤᠯᠴᠠᠭᠠᠳ ᠬᠤᠳᠠᠯ ᠬᠠᠭᠤᠷᠮᠠᠭ ᠢᠶᠠᠷ ᠵᠤᠬᠢᠶᠠᠬᠰᠠᠨ ᠵᠡᠷᠬᠡ ᠲᠦᠷᠢᠮ ᠢ | ᠵᠦᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ︔ | ︵ᠲᠠᠪᠤ︶ ᠤᠢᠢᠷ᠎ᠠ ᠶᠢᠨ 3 ᠵᠢᠯ ᠳᠤ ᠭᠠᠶᠢᠯᠢ ᠲᠤᠰᠢᠶᠠᠬᠤ ᠪᠠ ᠭᠠᠶᠢᠯᠢ ᠲᠠᠳᠠᠪᠤᠷᠢ ᠤᠷᠤᠯᠠᠨ ᠰᠠᠭᠤᠯᠭᠠᠵᠦ | ᠤᠷᠤᠯᠠᠨ ᠲᠤᠰᠢᠶᠠᠬᠤ᠂ ᠨᠡᠶᠢᠬᠡᠮ ᠤᠨ ᠲᠠᠭᠠᠳᠬᠠᠯ ᠤᠨ ᠰᠦᠢᠳᠬᠡᠯ ᠲᠤᠰᠢᠶᠠᠬᠤ ᠶᠠᠪᠤᠴᠠ ᠳᠤ ᠬᠠᠤᠯᠢ ᠴᠠᠭᠠᠵᠠ ᠶᠢ | ᠬᠦᠨᠳᠤ ᠨᠤᠴᠢᠳᠠᠢ ᠵᠦᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ︔ | ︵ᠵᠢᠷᠭᠤᠭ᠎ᠠ︶ ᠬᠡᠪ ᠤᠨ ᠪᠤᠰᠤ ᠡᠵᠡᠩᠨᠡᠭᠰᠡᠨ ᠨᠡᠷᠡᠰ ᠤᠨ ᠵᠢᠬᠰᠠᠭᠠᠯᠳᠠ ᠪᠤᠯᠤᠨ ᠬᠠᠤᠯᠢ ᠶᠢ ᠬᠦᠨᠳᠤ | ᠨᠤᠴᠢᠳᠠᠢ ᠵᠦᠷᠢᠴᠡᠵᠦ ᠢᠳᠡᠬᠡᠮᠵᠢ ᠠᠯᠳᠠᠬᠰᠠᠨ ᠨᠡᠷᠡᠰ ᠤᠨ ᠵᠢᠬᠰᠠᠭᠠᠯᠳᠠ ᠳᠤ ᠤᠷᠤᠬᠰᠠᠨ ᠪᠠᠶᠢᠬᠤ᠃ | ᠲᠦᠷᠪᠡᠳᠦᠬᠡᠷ ᠪᠦᠯᠦᠭ ᠰᠢᠯᠭᠠᠷᠠᠭᠤᠯᠬᠤ ᠪᠠᠷᠢᠮᠵᠢᠶ᠎ᠠ | ᠠᠷᠪᠠᠨ ᠲᠦᠷᠪᠡᠳᠦᠬᠡᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠳᠤ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠨ ᠨᠤᠳᠤᠭ ᠤᠨ ᠪᠠᠷᠢᠮᠵᠢᠶ᠎ᠠ ᠪᠠᠷ ᠦᠨᠳᠦᠰᠦᠯᠡᠯ | ᠪᠤᠯᠭᠠᠵᠦ᠂ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠲᠦᠷᠦᠬᠦᠯᠡᠨ ᠵᠤᠬᠢᠶᠠᠨ ᠪᠠᠶᠢᠭᠤᠯᠵᠦ | ᠲᠤᠭᠳᠠᠭᠠᠨ᠎ᠠ᠃ | ᠰᠢᠯᠭᠠᠷᠠᠭᠤᠯᠬᠤ ᠪᠠᠷᠢᠮᠵᠢᠶ᠎ᠠ ᠶᠢ GB/T19580 ︽ᠰᠢᠯᠭᠠᠷᠠᠬᠰᠠᠨ ᠠᠮᠵᠢᠯᠳᠠ ᠪᠦᠳᠦᠮᠵᠢ ᠶᠢ ᠦᠨᠡᠯᠡᠬᠦ | ᠵᠢᠷᠤᠮᠯᠠᠯ︾ ᠵᠡᠷᠬᠡ ᠤᠯᠤᠰ ᠤᠨ ᠪᠠᠷᠢᠮᠵᠢᠶ᠎ᠠ ᠪᠠᠷ ᠦᠨᠳᠦᠰᠦᠯᠡᠯ ᠪᠤᠯᠭᠠᠬᠤ ᠶᠢᠨ ᠬᠠᠮᠳᠤ ᠦᠪᠡᠷᠳᠡᠬᠡᠨ ᠵᠠᠰᠠᠬᠤ | ᠤᠷᠤᠨ ᠤ ᠪᠤᠳᠠᠳᠠᠢ ᠲᠠᠢ ᠤᠶᠠᠯᠳᠤᠭᠤᠯᠤᠨ ᠲᠤᠭᠳᠠᠭᠠᠨ᠎ᠠ᠃ ᠶᠠᠰᠤ ᠴᠢᠨᠠᠷ ᠤᠨ ᠬᠠᠮᠢᠶᠠᠷᠤᠯᠳᠠ ᠶᠢᠨ ᠤᠨᠤᠯ ᠪᠤᠯᠤᠨ | ᠦᠢᠯᠡᠳᠦᠯᠬᠡ ᠶᠢᠨ ᠬᠦᠭᠵᠢᠯᠳᠡ ᠶᠢ ᠦᠨᠳᠦᠰᠦᠯᠡᠵᠦ᠂ ᠰᠢᠯᠭᠠᠷᠠᠭᠤᠯᠬᠤ ᠪᠠᠷᠢᠮᠵᠢᠶᠠᠨ ᠳᠤ ᠴᠠᠭ ᠲᠤᠬᠠᠢ ᠳᠤ ᠨᠢ | ᠵᠠᠰᠠᠪᠤᠷᠢ ᠤᠷᠤᠭᠤᠯᠤᠨ᠎ᠠ᠃ | ᠲᠠᠪᠤᠳᠤᠭᠠᠷ ᠪᠦᠯᠦᠭ ᠭᠤᠶᠤᠴᠢᠯᠠᠨ ᠮᠡᠳᠡᠬᠦᠯᠬᠦ ᠵᠢᠴᠢ ᠰᠢᠯᠭᠠᠷᠠᠭᠤᠯᠬᠤ ᠲᠡᠰ ᠲᠠᠷᠠᠭᠠᠯᠠᠯ | ᠠᠷᠪᠠᠨ ᠲᠠᠪᠤᠳᠤᠭᠠᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠴᠠ | ᠡᠮᠦᠨ᠎ᠠ᠂ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠦᠪᠡᠷᠳᠡᠬᠡᠨ ᠵᠠᠰᠠᠬᠤ ᠤᠷᠤᠨ ᠤ ᠬᠤᠯᠪᠤᠭᠳᠠᠯ | ᠪᠦᠬᠦᠢ ᠰᠠᠯᠠᠭ᠎ᠠ ᠮᠦᠴᠢᠷ᠂ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠪᠤᠯᠤᠨ ᠡᠯ᠎ᠠ ᠠᠶᠢᠮᠠᠭ ᠬᠤᠳᠠ ᠶᠢᠨ | ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠨ ᠮᠡᠳᠡᠬᠦᠯᠬᠦ | ᠲᠠᠷᠬᠠᠭᠠᠬᠤ ᠶᠢᠨ ᠬᠠᠮᠳᠤ᠂ ᠵᠠᠭᠤᠴᠢᠯᠠᠭᠤᠷ ᠢᠶᠠᠷ ᠲᠠᠮᠵᠢᠭᠤᠯᠤᠨ ᠭᠤᠶᠤᠴᠢᠯᠠᠨ ᠮᠡᠳᠡᠬᠦᠯᠬᠦ ᠠᠯᠪᠠᠨ ᠵᠠᠷ ᠢ ᠢᠯᠡ | ᠨᠡᠶᠢᠳᠡᠯᠡᠨ᠎ᠠ᠃ ᠵᠠᠷᠯᠠᠨ ᠨᠡᠶᠢᠳᠡᠯᠡᠬᠦ ᠬᠤᠭᠤᠴᠠᠭ᠎ᠠ ᠶᠢ 10 ᠠᠵᠢᠯᠯᠠᠬᠤ ᠡᠳᠦᠷ ᠠᠴᠠ ᠤᠬᠤᠷ ᠪᠠᠶᠢᠯᠭᠠᠵᠦ ᠪᠤᠯᠬᠤ | ᠦᠬᠡᠢ᠃ | ᠠᠷᠪᠠᠨ ᠵᠢᠷᠭᠤᠳᠤᠭᠠᠷ ᠵᠦᠢᠯ ᠭᠤᠶᠤᠴᠢᠯᠠᠨ ᠮᠡᠳᠡᠬᠦᠯᠬᠦ ᠨᠦᠬᠦᠴᠡᠯ ᠳᠤ ᠨᠡᠶᠢᠴᠡᠬᠦ ᠵᠤᠬᠢᠶᠠᠨ ᠪᠠᠶᠢᠭᠤᠯᠤᠯᠳᠠ | ᠪᠤᠯᠤᠨ ᠬᠤᠪᠢ ᠬᠦᠮᠦᠨ ᠨᠢ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠢ ᠰᠠᠶᠢᠨ ᠲᠤᠷ᠎ᠠ ᠠᠴᠠ ᠪᠠᠨ | ᠭᠤᠶᠤᠴᠢᠯᠠᠨ ᠮᠡᠳᠡᠬᠦᠯᠵᠦ᠂ ᠰᠢᠯᠭᠠᠷᠠᠭᠤᠯᠬᠤ ᠪᠠᠷᠢᠮᠵᠢᠶᠠᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ | ᠦᠪᠡᠷ ᠢ ᠪᠠᠨ ᠦᠨᠡᠯᠡᠵᠦ᠂ ᠲᠤᠬᠳᠠᠬᠰᠠᠨ ᠴᠠᠭ ᠲᠤ ᠭᠤᠶᠤᠴᠢᠯᠠᠨ ᠮᠡᠳᠡᠬᠦᠯᠬᠦ ᠬᠦᠰᠦᠨᠦᠭᠳᠤ᠂ ᠦᠪᠡᠷ ᠢ ᠪᠠᠨ | ᠦᠨᠡᠯᠡᠭᠰᠡᠨ ᠮᠡᠳᠡᠬᠦᠯᠦᠯᠳᠡ ᠵᠢᠴᠢ ᠬᠠᠮᠢᠶ᠎ᠠ ᠪᠦᠬᠦᠢ ᠬᠡᠷᠡᠴᠢᠯᠡᠬᠦ ᠴᠢᠨᠠᠷᠳᠠᠢ ᠮᠠᠲ᠋ᠧᠷᠢᠶᠠᠯ ᠢ ᠰᠤᠩᠭᠤᠨ ᠲᠠᠨᠢᠯᠴᠠᠭᠤᠯᠬᠤ | ᠪᠠᠶᠢᠭᠤᠯᠤᠮᠵᠢ ᠳᠤ ᠮᠡᠳᠡᠬᠦᠯᠦᠨ ᠬᠦᠷᠬᠡᠨ᠎ᠠ᠃ | ᠡᠯ᠎ᠠ ᠰᠤᠩᠭᠤᠨ ᠲᠠᠨᠢᠯᠴᠠᠭᠤᠯᠬᠤ ᠪᠠᠶᠢᠭᠤᠯᠤᠮᠵᠢ ᠨᠢ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠤ | ᠭᠤᠶᠤᠴᠢᠯᠠᠨ ᠮᠡᠳᠡᠬᠦᠯᠬᠦ ᠮᠠᠲ᠋ᠧᠷᠢᠶᠠᠯ ᠢ ᠤᠯᠤᠬᠰᠠᠨ ᠤ ᠲᠠᠷᠠᠭ᠎ᠠ᠂ ᠭᠤᠶᠤᠴᠢᠯᠠᠨ ᠮᠡᠳᠡᠬᠦᠯᠬᠦ ᠮᠠᠲ᠋ᠧᠷᠢᠶᠠᠯ ᠤᠨ ᠪᠦᠷᠢᠨ | ᠬᠦᠢᠴᠡᠳ ᠴᠢᠨᠠᠷ᠂ ᠦᠨᠡᠨ ᠪᠤᠳᠠᠳᠤ ᠴᠢᠨᠠᠷ ᠢ ᠬᠢᠨᠠᠨ ᠬᠠᠷᠭᠤᠭᠤᠯᠬᠤ ᠬᠡᠷᠡᠭᠳᠡᠢ᠃ ᠬᠢᠨᠠᠨ ᠬᠠᠷᠭᠤᠭᠤᠯᠤᠭᠠᠳ | ᠭᠤᠶᠤᠴᠢᠯᠠᠨ ᠮᠡᠳᠡᠬᠦᠯᠬᠦ ᠨᠦᠬᠦᠴᠡᠯ ᠳᠤ ᠨᠡᠶᠢᠴᠡᠪᠡᠯ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠲᠤ | ᠰᠤᠩᠭᠤᠨ ᠲᠠᠨᠢᠯᠴᠠᠭᠤᠯᠵᠦ ᠮᠡᠳᠡᠬᠦᠯᠦᠨ ᠬᠦᠷᠬᠡᠨ᠎ᠠ᠃ | ᠠᠷᠪᠠᠨ ᠲᠤᠯᠤᠳᠤᠭᠠᠷ ᠵᠦᠢᠯ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠮᠡᠳᠡᠬᠦᠯᠵᠦ ᠢᠷᠡᠭᠰᠡᠨ | ᠭᠤᠶᠤᠴᠢᠯᠠᠨ ᠮᠡᠳᠡᠬᠦᠯᠬᠦ ᠮᠠᠲ᠋ᠧᠷᠢᠶᠠᠯ ᠤᠨ ᠭᠤᠤᠯ ᠴᠤᠬᠴᠠ ᠶᠢᠨ ᠬᠢᠷᠢ ᠬᠡᠮ᠂ ᠭᠤᠶᠤᠴᠢᠯᠠᠨ ᠮᠡᠳᠡᠬᠦᠯᠬᠦ ᠠᠷᠭ᠎ᠠ ᠵᠠᠮ᠂ | ᠭᠤᠶᠤᠴᠢᠯᠠᠨ ᠮᠡᠳᠡᠬᠦᠯᠬᠦ ᠲᠡᠰ ᠲᠠᠷᠠᠭᠠᠯᠠᠯ᠂ ᠮᠠᠲ᠋ᠧᠷᠢᠶᠠᠯ ᠤᠨ ᠵᠢᠷᠤᠮᠵᠢᠯ ᠵᠡᠷᠬᠡ ᠲᠠᠯ᠎ᠠ ᠠᠴᠠ ᠠᠩᠬ᠎ᠠ ᠠᠯᠬᠤᠮ | ᠬᠢᠨᠠᠨ ᠪᠠᠶᠢᠴᠠᠭᠠᠵᠦ᠂ ᠭᠤᠶᠤᠴᠢᠯᠠᠨ ᠮᠡᠳᠡᠬᠦᠯᠬᠦ ᠬᠢᠷᠢ ᠬᠡᠮ ᠪᠦᠷᠢᠳᠦᠭᠰᠡᠨ ᠵᠤᠬᠢᠶᠠᠨ ᠪᠠᠶᠢᠭᠤᠯᠤᠯᠳᠠ ᠪᠤᠯᠤᠨ ᠬᠤᠪᠢ | ᠬᠦᠮᠦᠨ ᠢ ᠲᠤᠭᠳᠠᠭᠠᠨ᠎ᠠ᠃ ᠭᠤᠶᠤᠴᠢᠯᠠᠨ ᠮᠡᠳᠡᠬᠦᠯᠬᠦ ᠮᠠᠲ᠋ᠧᠷᠢᠶᠠᠯ ᠢ ᠭᠠᠷᠳᠠᠵᠦ ᠤᠯᠤᠬᠰᠠᠨ 10 ᠠᠵᠢᠯᠯᠠᠬᠤ | ᠡᠳᠦᠷ ᠤᠨ ᠲᠤᠳᠤᠷ᠎ᠠ ᠬᠢᠷᠢ ᠬᠡᠮ ᠢ ᠨᠢ ᠬᠢᠨᠠᠨ ᠪᠠᠶᠢᠴᠠᠭᠠᠵᠦ ᠲᠠᠭᠤᠰᠬᠠᠭᠠᠳ ᠨᠦᠬᠦᠪᠦᠷᠢᠯᠡᠵᠦ ᠪᠦᠷᠢᠨᠰᠢᠬᠦᠯᠪᠡᠰᠤ | ᠵᠤᠬᠢᠬᠤ ᠠᠭᠤᠯᠭ᠎ᠠ ᠶᠢ ᠨᠢᠬᠡ ᠯᠠ ᠤᠳᠠᠭ᠎ᠠ ᠳᠤ ᠮᠡᠳᠡᠬᠦᠯᠬᠦ ᠬᠡᠷᠡᠭᠳᠡᠢ᠃ | ᠠᠷᠪᠠᠨ ᠨᠠᠢᠮᠠᠳᠤᠭᠠᠷ ᠵᠦᠢᠯ ᠰᠢᠯᠭᠠᠷᠠᠭᠤᠯᠬᠤ ᠪᠠᠶᠢᠭᠤᠯᠤᠮᠵᠢ ᠶᠢ ᠵᠠᠰᠠᠭ ᠤᠨ ᠤᠷᠳᠤᠨ ᠤ ᠬᠤᠳᠠᠯᠳᠤᠨ ᠠᠪᠬᠤ | ᠠᠷᠭ᠎ᠠ ᠬᠡᠯᠪᠡᠷᠢ ᠪᠠᠷ ᠰᠤᠩᠭᠤᠨ ᠲᠤᠭᠳᠠᠭᠠᠨ᠎ᠠ᠃ | ᠠᠷᠪᠠ ᠶᠢᠰᠦᠳᠦᠬᠡᠷ ᠵᠦᠢᠯ ᠰᠢᠯᠭᠠᠷᠠᠭᠤᠯᠬᠤ ᠪᠠᠶᠢᠭᠤᠯᠤᠮᠵᠢ ᠨᠢ ᠰᠢᠯᠭᠠᠷᠠᠭᠤᠯᠬᠤ ᠱᠠᠭᠠᠷᠳᠠᠯᠭ᠎ᠠ ᠶᠢ | ᠦᠨᠳᠦᠰᠦᠯᠡᠨ᠂ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠲᠤᠰᠬᠠᠢ | ᠮᠡᠷᠬᠡᠵᠢᠯᠳᠡᠨ ᠤ ᠬᠦᠮᠦᠷᠬᠡ ᠠᠴᠠ ᠬᠤᠯᠪᠤᠭᠳᠠᠯ ᠪᠦᠬᠦᠢ ᠲᠠᠯ᠎ᠠ ᠶᠢᠨ ᠲᠤᠰᠬᠠᠢ ᠮᠡᠷᠬᠡᠵᠢᠯᠳᠡᠳ ᠢ ᠰᠤᠩᠭᠤᠨ ᠤᠷᠢᠵᠦ᠂ | ᠰᠢᠯᠭᠠᠷᠠᠭᠤᠯᠬᠤ ᠲᠤᠭᠤᠢᠢᠯᠠᠩ ᠨᠤᠭᠤᠳ ᠢ ᠪᠦᠷᠢᠯᠳᠦᠬᠦᠯᠵᠦ ᠰᠢᠯᠭᠠᠷᠠᠭᠤᠯᠬᠤ ᠠᠵᠢᠯ ᠢ ᠦᠷᠨᠢᠬᠦᠯᠦᠨ᠎ᠠ᠃ | ᠰᠢᠯᠭᠠᠷᠠᠭᠤᠯᠬᠤ ᠠᠵᠢᠯ ᠳᠤ ᠮᠠᠲ᠋ᠧᠷᠢᠶᠠᠯ ᠢ ᠰᠢᠯᠭᠠᠷᠠᠭᠤᠯᠬᠤ᠂ ᠠᠬᠤᠢ ᠲᠠᠯᠠᠪᠠᠢ ᠳᠤ ᠰᠢᠯᠭᠠᠷᠠᠭᠤᠯᠬᠤ ᠪᠠ ᠦᠬᠦᠯᠡᠨ | ᠲᠤᠭᠠᠴᠢᠵᠦ ᠠᠰᠠᠭᠤᠵᠦ ᠬᠠᠷᠢᠭᠤᠯᠬᠤ ᠵᠡᠷᠬᠡ ᠶᠢ ᠪᠠᠭᠳᠠᠭᠠᠵᠦ᠂ 20 ᠠᠵᠢᠯᠯᠠᠬᠤ ᠡᠳᠦᠷ ᠲᠤ ᠲᠠᠭᠤᠰᠬᠠᠬᠤ | ᠬᠡᠷᠡᠭᠳᠡᠢ᠃ | ᠬᠤᠷᠢᠳᠤᠭᠠᠷ ᠵᠦᠢᠯ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠰᠢᠯᠭᠠᠷᠠᠭᠤᠯᠤᠬᠰᠠᠨ ᠦᠷ᠎ᠠ | ᠳ᠋ᠦᠩ ᠢ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠤᠯ ᠵᠠᠭᠤᠴᠢᠯᠠᠭᠤᠷ᠂ ᠰᠦᠯᠵᠢᠶ᠎ᠠ ᠪᠠᠷ ᠨᠡᠶᠢᠳᠡᠯᠡᠬᠦ ᠶᠢᠨ | ᠬᠠᠮᠳᠤ ᠨᠡᠶᠢᠬᠡᠮ ᠨᠡᠶᠢᠳᠡ ᠠᠴᠠ ᠢᠯᠡ ᠪᠠᠷ ᠰᠠᠨᠠᠯ ᠬᠤᠷᠢᠶᠠᠨ᠎ᠠ᠂ ᠢᠯᠡ ᠪᠠᠷ ᠰᠠᠨᠠᠯ ᠬᠤᠷᠢᠶᠠᠬᠤ ᠳᠤ 20 | ᠡᠳᠦᠷ ᠠᠴᠠ ᠤᠬᠤᠷ ᠪᠠᠶᠢᠯᠭᠠᠵᠦ ᠪᠤᠯᠬᠤ ᠦᠬᠡᠢ᠃ | ᠬᠤᠷᠢᠨ ᠨᠢᠬᠡᠳᠦᠬᠡᠷ ᠵᠦᠢᠯ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠰᠢᠯᠭᠠᠷᠠᠭᠤᠯᠤᠬᠰᠠᠨ | ᠦᠷ᠎ᠠ ᠳ᠋ᠦᠩ ᠵᠢᠴᠢ ᠬᠤᠷᠢᠶᠠᠬᠰᠠᠨ ᠰᠠᠨᠠᠯ ᠤᠨ ᠪᠠᠶᠢᠳᠠᠯ ᠢᠶᠠᠷ ᠦᠨᠳᠦᠰᠦᠯᠡᠯ ᠪᠤᠯᠭᠠᠵᠦ ᠶᠡᠷᠦᠩᠬᠡᠶᠢᠯᠡᠨ ᠵᠢᠬᠰᠠᠭᠠᠵᠦ᠂ | ᠬᠢᠨᠠᠨ ᠵᠦᠪᠯᠡᠬᠦ ᠵᠢᠱᠢᠭᠳᠡᠭᠰᠡᠳ ᠤᠨ ᠨᠡᠷᠡᠰ ᠢ ᠲᠤᠷᠠᠳᠴᠤ᠂ ᠲᠤᠰᠬᠠᠢ ᠠᠵᠢᠯ ᠤᠨ ᠲᠤᠭᠤᠢᠢᠯᠠᠩ ᠢᠶᠠᠷ ᠬᠢᠨᠠᠨ | ᠵᠦᠪᠯᠡᠬᠦᠯᠬᠦ ᠪᠠᠷ ᠲᠡᠪᠰᠢᠬᠦᠯᠦᠨ᠎ᠠ᠃ | ᠬᠤᠷᠢᠨ ᠬᠤᠶᠠᠳᠤᠭᠠᠷ ᠵᠦᠢᠯ ᠲᠤᠰᠬᠠᠢ ᠠᠵᠢᠯ ᠤᠨ ᠲᠤᠭᠤᠢᠢᠯᠠᠩ ᠨᠢ ᠪᠦᠬᠦ ᠬᠡᠰᠢᠬᠦᠳ ᠤᠨ ᠬᠤᠷᠠᠯ | ᠬᠤᠷᠠᠯᠳᠤᠭᠤᠯᠵᠦ᠂ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠵᠢᠯ ᠤᠨ | ᠮᠡᠳᠡᠬᠦᠯᠦᠯᠳᠡ ᠵᠢᠴᠢ ᠰᠤᠩᠭᠤᠨ ᠲᠠᠨᠢᠯᠴᠠᠭᠤᠯᠬᠤ ᠨᠡᠷᠡᠰ ᠢ ᠰᠤᠳᠤᠯᠵᠦ᠂ ᠱᠠᠩᠨᠠᠯ ᠤᠯᠭᠤᠬᠤ ᠪᠠᠷ ᠪᠠᠶᠢᠭ᠎ᠠ ᠨᠡᠷᠡᠰ ᠢ | ᠲᠤᠭᠳᠠᠭᠠᠨ᠎ᠠ᠃ | ᠬᠤᠷᠢᠨ ᠭᠤᠷᠪᠠᠳᠤᠭᠠᠷ ᠵᠦᠢᠯ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠲᠤᠰ ᠤᠨ ᠤ | ᠲᠤᠰᠬᠠᠢ ᠠᠵᠢᠯ ᠤᠨ ᠲᠤᠭᠤᠢᠢᠯᠠᠩ ᠤᠨ ᠬᠢᠨᠠᠵᠦ ᠪᠠᠳᠤᠯᠠᠬᠰᠠᠨ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ | ᠱᠠᠩᠨᠠᠯ ᠤᠯᠭᠤᠬᠤ ᠪᠠᠷ ᠪᠠᠶᠢᠭ᠎ᠠ ᠨᠡᠷᠡᠰ ᠢ ᠨᠡᠶᠢᠬᠡᠮ ᠨᠡᠶᠢᠳᠡ ᠳᠤ ᠵᠠᠷᠯᠠᠨ᠎ᠠ᠂ ᠨᠡᠶᠢᠳᠡ ᠳᠤ ᠵᠠᠷᠯᠠᠬᠤ ᠬᠤᠭᠤᠴᠠᠭ᠎ᠠ ᠨᠢ | 7 ᠠᠵᠢᠯᠯᠠᠬᠤ ᠡᠳᠦᠷ ᠪᠤᠯᠤᠨ᠎ᠠ᠃ ᠨᠡᠶᠢᠳᠡ ᠳᠤ ᠵᠠᠷᠯᠠᠬᠰᠠᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠳᠤ | ᠤᠨᠳᠤᠤ ᠰᠠᠨᠠᠯ ᠲᠠᠢ ᠪᠠᠶᠢᠪᠠᠯ᠂ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠪᠠᠶᠢᠴᠠᠭᠠᠵᠦ ᠬᠠᠷᠭᠤᠭᠤᠯᠬᠤ | ᠬᠡᠷᠡᠭᠳᠡᠢ᠂ ᠪᠠᠶᠢᠴᠠᠭᠠᠬᠤ ᠪᠠᠷ ᠲᠠᠮᠵᠢᠨ ᠦᠨᠡᠨ ᠪᠤᠳᠠᠳᠠᠢ ᠪᠠᠶᠢᠪᠠᠯ᠂ ᠲᠤᠰᠬᠠᠢ ᠠᠵᠢᠯ ᠤᠨ ᠵᠤᠬᠢᠴᠠᠭᠤᠯᠬᠤ ᠠᠯᠪᠠᠨ | ᠬᠡᠷ ᠨᠢ ᠲᠤᠰᠬᠠᠢ ᠠᠵᠢᠯ ᠤᠨ ᠲᠤᠭᠤᠢᠢᠯᠠᠩ ᠳᠤ ᠱᠠᠩᠨᠠᠯ ᠤᠯᠭᠤᠬᠤ ᠬᠢᠷᠢ ᠬᠡᠮ ᠢ ᠨᠢ ᠬᠦᠴᠦᠨ ᠦᠬᠡᠢ | ᠪᠤᠯᠭᠠᠬᠤ ᠪᠠᠷ ᠲᠤᠷᠠᠳᠤᠨ᠎ᠠ᠃ ᠨᠡᠶᠢᠳᠡ ᠳᠤ ᠵᠠᠷᠯᠠᠬᠰᠠᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠳᠤ | ᠤᠨᠳᠤᠤ ᠰᠠᠨᠠᠯ ᠦᠬᠡᠢ ᠪᠤᠯ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠦᠭᠰᠡᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ | ᠱᠠᠩᠨᠠᠨ ᠬᠦᠬᠢᠬᠦᠯᠦᠨ᠎ᠠ᠃ | ᠵᠢᠷᠭᠤᠳᠤᠭᠠᠷ ᠪᠦᠯᠦᠭ ᠱᠠᠩᠨᠠᠬᠤ ᠪᠠ ᠬᠢᠨᠠᠯᠳᠠ ᠲᠠᠯᠪᠢᠬᠤ | ᠬᠤᠷᠢᠨ ᠲᠦᠷᠪᠡᠳᠦᠬᠡᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ | ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠬᠦᠷᠳᠡᠭᠰᠡᠨ ᠵᠤᠬᠢᠶᠠᠨ ᠪᠠᠶᠢᠭᠤᠯᠤᠯᠳᠠ ᠪᠤᠯᠤᠨ ᠬᠤᠪᠢ | ᠬᠦᠮᠦᠨ ᠳᠤ ᠢᠷᠠᠭᠤ ᠠᠯᠳᠠᠷ ᠤᠨ ᠦᠨᠡᠮᠯᠡᠯ ᠪᠤᠯᠤᠨ ᠱᠠᠩᠨᠠᠯ ᠤᠨ ᠮᠧᠳᠠᠯ ᠤᠯᠭᠤᠵᠦ᠂ ᠱᠠᠩᠨᠠᠯ ᠬᠦᠷᠳᠡᠭᠰᠡᠨ | ᠵᠤᠬᠢᠶᠠᠨ ᠪᠠᠶᠢᠭᠤᠯᠤᠯᠳᠠ ᠶᠢ 100 ᠲᠦᠮᠡᠨ ᠲᠦᠬᠦᠷᠢᠭ ᠠᠷᠠᠳ ᠤᠨ ᠵᠤᠭᠤᠰ ᠢᠶᠠᠷ ᠱᠠᠩᠨᠠᠨ᠎ᠠ᠃ | ᠬᠤᠷᠢᠨ ᠲᠠᠪᠤᠳᠤᠭᠠᠷ ᠵᠦᠢᠯ ᠱᠠᠩᠨᠠᠯ ᠬᠦᠷᠳᠡᠭᠰᠡᠨ ᠵᠤᠬᠢᠶᠠᠨ ᠪᠠᠶᠢᠭᠤᠯᠤᠯᠳᠠ ᠨᠢ ᠲᠡᠷᠢᠬᠦᠯᠡᠭᠴᠢ ᠶᠢᠨ | ᠤᠯᠭᠤᠬᠤ ᠶᠠᠰᠤ ᠴᠢᠨᠠᠷ ᠤᠨ ᠱᠠᠩᠨᠠᠯ ᠤᠨ ᠮᠦᠡᠭᠬᠦ ᠶᠢ ᠭᠤᠤᠯᠳᠠᠭᠤ ᠱᠠᠩᠨᠠᠯ ᠬᠦᠷᠳᠡᠭᠰᠡᠨ ᠨᠢᠬᠡᠴᠢ ᠶᠢᠨ ᠬᠢᠨ ᠤ ᠶᠠᠰᠤ | ᠴᠢᠨᠠᠷ ᠢᠶᠠᠨ ᠦᠷᠬᠦᠯᠵᠢᠯᠡᠨ ᠰᠠᠶᠢᠵᠢᠷᠠᠭᠤᠯᠬᠤ᠂ ᠶᠠᠰᠤ ᠴᠢᠨᠠᠷ ᠲᠤ ᠰᠢᠨ᠎ᠠ ᠶᠢ ᠡᠬᠦᠳᠴᠤ ᠰᠢᠪᠳᠤᠯᠤᠯᠳᠠ ᠬᠢᠬᠦ ᠪᠠ | ᠠᠵᠢᠯᠳᠠᠨ ᠢᠶᠠᠨ ᠪᠤᠯᠪᠠᠰᠤᠷᠠᠭᠤᠯᠬᠤ᠂ ᠶᠠᠰᠤ ᠴᠢᠨᠠᠷ ᠤᠨ ᠠᠵᠢᠯ ᠤᠨ ᠰᠢᠯᠢᠳᠡᠭ ᠠᠵᠢᠯᠳᠠᠨ ᠢ ᠱᠠᠩᠨᠠᠬᠤ ᠪᠠ | ᠲᠤᠷᠰᠢᠯᠳᠠ ᠶᠢᠨ ᠲᠠᠰᠤᠭ ᠢ ᠪᠦᠳᠦᠬᠡᠨ ᠪᠠᠶᠢᠭᠤᠯᠬᠤ ᠳᠤ ᠤᠷᠤᠭᠤᠯᠬᠤ᠂ ᠲᠡᠷᠢᠬᠦᠨ ᠤ ᠲᠤᠷᠰᠢᠯᠭ᠎ᠠ ᠪᠤᠯᠤᠨ ᠦᠷ᠎ᠠ | ᠪᠦᠳᠦᠬᠡᠯ ᠢ ᠤᠬᠠᠭᠤᠯᠬᠤ ᠵᠡᠷᠬᠡ ᠳᠤ ᠬᠡᠷᠡᠭᠯᠡᠨ᠎ᠠ᠂ ᠪᠤᠰᠤᠳ ᠵᠦᠢᠯ ᠳᠤ ᠨᠡᠬᠦᠯᠬᠡᠨ ᠬᠡᠷᠡᠭᠯᠡᠵᠦ ᠪᠤᠯᠬᠤ ᠦᠬᠡᠢ᠃ | ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠡᠳ᠋ ᠤᠨ ᠵᠠᠰᠠᠭ ᠤᠨ ᠲᠤᠰᠬᠠᠢ ᠪᠡᠯᠡ ᠮᠦᠡᠭᠬᠦᠨ ᠤ | ᠠᠵᠢᠯ ᠤᠨ ᠠᠮᠵᠢᠯᠳᠠ ᠪᠦᠳᠦᠮᠵᠢ ᠳᠤ ᠦᠨᠡᠯᠡᠯᠳᠡ ᠬᠢᠬᠦ ᠶᠢ ᠬᠠᠷᠢᠭᠤᠴᠠᠨ᠎ᠠ᠃ | ᠬᠤᠷᠢᠨ ᠵᠢᠷᠭᠤᠳᠤᠭᠠᠷ ᠵᠦᠢᠯ ᠰᠢᠯᠭᠠᠷᠠᠭᠤᠯᠬᠤ ᠠᠵᠢᠯᠳᠠᠨ ᠨᠢ ᠭᠤᠶᠤᠴᠢᠯᠠᠨ ᠮᠡᠳᠡᠬᠦᠯᠦᠭᠰᠡᠨ ᠵᠤᠬᠢᠶᠠᠨ | ᠪᠠᠶᠢᠭᠤᠯᠤᠯᠳᠠ ᠪᠤᠯᠤᠨ ᠬᠤᠪᠢ ᠬᠦᠮᠦᠨ ᠲᠠᠢ ᠠᠰᠢᠭ ᠬᠤᠤᠷ ᠤᠨ ᠬᠠᠷᠢᠴᠠᠭ᠎ᠠ ᠲᠠᠢ ᠪᠤᠯ᠂ | ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠳᠡᠢ᠃ | ᠬᠤᠷᠢᠨ ᠲᠤᠯᠤᠳᠤᠭᠠᠷ ᠵᠦᠢᠯ ᠰᠢᠯᠭᠠᠷᠠᠭᠤᠯᠬᠤ ᠠᠵᠢᠯᠳᠠᠨ ᠪᠤᠯᠤᠨ ᠰᠢᠯᠭᠠᠷᠠᠭᠤᠯᠬᠤ ᠪᠠᠷ ᠪᠠᠶᠢᠭ᠎ᠠ ᠵᠤᠬᠢᠶᠠᠨ | ᠪᠠᠶᠢᠭᠤᠯᠤᠯᠳᠠ᠂ ᠬᠤᠪᠢ ᠬᠦᠮᠦᠨ ᠤ ᠬᠠᠷᠢᠯᠴᠠᠨ ᠬᠢᠨᠠᠯᠳᠠ ᠲᠠᠯᠪᠢᠵᠦ ᠬᠠᠷᠢᠭᠤ ᠲᠤᠰᠬᠠᠬᠤ ᠲᠦᠷᠢᠮ ᠢ ᠪᠠᠶᠢᠭᠤᠯᠵᠦ᠂ | ᠰᠢᠯᠭᠠᠷᠠᠭᠤᠯᠬᠤ ᠪᠠᠷ ᠪᠠᠶᠢᠭ᠎ᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠨᠢ ᠰᠢᠯᠭᠠᠷᠠᠭᠤᠯᠬᠤ ᠠᠵᠢᠯᠳᠠᠨ ᠤ | ᠰᠠᠬᠢᠯᠭ᠎ᠠ ᠪᠠᠳᠤ ᠬᠡᠷᠡᠭᠵᠢᠬᠦᠯᠵᠦ ᠪᠠᠶᠢᠭ᠎ᠠ ᠪᠠᠶᠢᠳᠠᠯ ᠢ ᠦᠨᠡᠯᠡᠵᠦ᠂ ᠰᠢᠯᠭᠠᠷᠠᠭᠤᠯᠬᠤ ᠠᠵᠢᠯᠳᠠᠨ ᠨᠢ | ᠰᠢᠯᠭᠠᠷᠠᠭᠤᠯᠬᠤ ᠪᠠᠷ ᠪᠠᠶᠢᠭ᠎ᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠤ ᠰᠠᠬᠢᠯᠭ᠎ᠠ ᠪᠠᠳᠤ ᠰᠠᠬᠢᠵᠦ | ᠪᠠᠶᠢᠭ᠎ᠠ ᠪᠠᠶᠢᠳᠠᠯ ᠢ ᠦᠨᠡᠯᠡᠨᠠ᠃ ᠰᠢᠯᠭᠠᠷᠠᠭᠤᠯᠬᠤ ᠠᠵᠢᠯᠳᠠᠨ ᠨᠢ ᠬᠤᠳᠠᠯ ᠬᠠᠭᠤᠷᠮᠠᠭ ᠢᠶᠠᠷ ᠵᠤᠬᠢᠶᠠᠬᠤ᠂ ᠢᠳᠡᠬᠦ | ᠠᠪᠬᠤ ᠭᠠᠴᠢᠬᠤ ᠨᠡᠬᠡᠬᠦ ᠵᠡᠷᠬᠡ ᠪᠠᠷ ᠰᠠᠬᠢᠯᠭ᠎ᠠ ᠪᠠᠳᠤ ᠪᠤᠯᠤᠨ ᠬᠠᠤᠯᠢ ᠴᠠᠭᠠᠵᠠ ᠶᠢ ᠵᠦᠷᠢᠴᠡᠭᠰᠡᠨ ᠪᠠᠶᠢᠪᠠᠯ᠂ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠨ᠎ᠠ᠃ | ᠬᠤᠷᠢᠨ ᠨᠠᠢᠮᠠᠳᠤᠭᠠᠷ ᠵᠦᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ | ᠶᠠᠪᠤᠴᠠ ᠶᠢ ᠢᠯᠡ ᠲᠤᠳᠤ ᠪᠠᠶᠢᠯᠭᠠᠵᠦ᠂ ᠵᠠᠭᠤᠴᠢᠯᠠᠭᠤᠷ ᠪᠤᠯᠤᠨ ᠬᠠᠮᠢᠶ᠎ᠠ ᠪᠦᠬᠦᠢ ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠲᠦᠯᠦᠬᠡᠯᠡᠭᠴᠢ ᠵᠢᠴᠢ ᠤᠯᠠᠨ ᠲᠦᠮᠡᠨ ᠤ ᠬᠢᠨᠠᠯᠳᠠ ᠶᠢ ᠬᠦᠯᠢᠶᠡᠨ᠎ᠠ᠃ | ᠬᠤᠷᠢ ᠶᠢᠰᠦᠳᠦᠬᠡᠷ ᠵᠦᠢᠯ ᠭᠤᠶᠤᠴᠢᠯᠠᠨ ᠮᠡᠳᠡᠬᠦᠯᠬᠦ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠨᠢ | ᠭᠤᠶᠤᠴᠢᠯᠠᠨ ᠮᠡᠳᠡᠬᠦᠯᠦᠭᠰᠡᠨ ᠮᠠᠲ᠋ᠧᠷᠢᠶᠠᠯ ᠤᠨ ᠦᠨᠡᠨ ᠪᠤᠳᠠᠳᠤ ᠴᠢᠨᠠᠷ ᠲᠤ ᠬᠠᠷᠢᠭᠤᠴᠠᠬᠤ ᠬᠡᠷᠡᠭᠳᠡᠢ᠃ | ᠬᠤᠳᠠᠯ ᠬᠠᠭᠤᠷᠮᠠᠭ ᠢᠶᠠᠷ ᠵᠤᠬᠢᠶᠠᠵᠦ᠂ ᠵᠦᠢ ᠪᠤᠰᠤ ᠠᠷᠭ᠎ᠠ ᠪᠠᠷᠢᠯ ᠢᠶᠠᠷ ᠲᠡᠷᠢᠬᠦᠯᠡᠭᠴᠢ ᠶᠢᠨ ᠤᠯᠭᠤᠬᠤ ᠶᠠᠰᠤ | ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠤᠯᠤᠬᠰᠠᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠢ | ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠤᠨ | ᠴᠤᠯᠠ ᠶᠢ ᠬᠦᠴᠦᠨ ᠦᠬᠡᠢ ᠪᠤᠯᠭᠠᠬᠤ ᠪᠠᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠲᠡᠪᠰᠢᠬᠦᠯᠵᠦ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ ᠠᠪᠴᠤ᠂ ᠱᠠᠩᠨᠠᠯ ᠤᠨ ᠮᠦᠡᠭᠬᠦ ᠶᠢ ᠨᠡᠬᠡᠮᠵᠢᠯᠡᠨ | ᠬᠤᠷᠢᠶᠠᠬᠤ ᠶᠢᠨ ᠬᠠᠮᠳᠤ ᠨᠡᠪᠳᠡᠷᠡᠬᠦᠯᠦᠨ ᠮᠡᠳᠡᠬᠡᠯᠡᠵᠦ ᠪᠤᠯᠤᠨ᠎ᠠ᠃ | ᠭᠤᠴᠢᠳᠤᠭᠠᠷ ᠵᠦᠢᠯ ᠱᠠᠩᠨᠠᠯ ᠬᠦᠷᠳᠡᠭᠰᠡᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠨᠢ ᠱᠠᠩᠨᠠᠯ | ᠬᠦᠷᠳᠡᠭᠰᠡᠨ ᠤ ᠲᠠᠷᠠᠭᠠᠬᠢ 3 ᠵᠢᠯ ᠤᠨ ᠲᠤᠳᠤᠷ᠎ᠠ ᠨᠡᠯᠢᠶᠡᠳ ᠶᠡᠭᠡ ᠶᠠᠰᠤ ᠴᠢᠨᠠᠷ ᠤᠨ ᠪᠤᠯᠤᠨ ᠠᠮᠤᠷ ᠲᠦᠪᠰᠢᠨ ᠤ | ᠬᠡᠨᠡᠳᠡᠯ ᠭᠠᠷᠭᠠᠭᠰᠠᠨ ᠪᠤᠶᠤ ᠬᠠᠤᠯᠢ ᠲᠤᠬᠳᠠᠭᠠᠯ ᠢ ᠬᠦᠨᠳᠤ ᠨᠤᠴᠢᠳᠠᠢ ᠵᠦᠷᠢᠴᠡᠨ ᠦᠢᠯᠡᠳᠪᠦᠷᠢᠯᠡᠵᠦ ᠡᠵᠡᠩᠨᠡᠭᠰᠡᠨ | ᠦᠢᠯᠡ ᠠᠵᠢᠯᠯᠠᠭ᠎ᠠ ᠲᠠᠢ ᠪᠤᠯᠤᠬᠰᠠᠨ ᠪᠠᠶᠢᠪᠠᠯ᠂ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠨᠢ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠱᠠᠩᠨᠠᠯ ᠢ ᠨᠢ ᠬᠦᠴᠦᠨ ᠦᠬᠡᠢ ᠪᠤᠯᠭᠠᠬᠤ ᠪᠠᠷ | ᠲᠤᠷᠠᠳᠬᠤ ᠶᠢᠨ ᠬᠠᠮᠳᠤ ᠨᠡᠪᠳᠡᠷᠡᠬᠦᠯᠦᠨ ᠮᠡᠳᠡᠬᠡᠯᠡᠨ᠎ᠠ᠃ | ᠭᠤᠴᠢᠨ ᠨᠢᠬᠡᠳᠦᠬᠡᠷ ᠵᠦᠢᠯ ᠭᠤᠶᠤᠴᠢᠯᠠᠨ ᠮᠡᠳᠡᠬᠦᠯᠬᠦ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠨᠢ | ᠭᠤᠶᠤᠴᠢᠯᠠᠨ ᠮᠡᠳᠡᠬᠦᠯᠦᠭᠰᠡᠨ ᠮᠠᠲ᠋ᠧᠷᠢᠶᠠᠯ ᠳᠤ ᠬᠤᠯᠪᠤᠬᠳᠠᠬᠰᠠᠨ ᠬᠤᠳᠠᠯᠳᠤᠭᠠᠨ ᠤ ᠨᠢᠭᠤᠴᠠ ᠪᠤᠶᠤ ᠮᠡᠷᠬᠡᠵᠢᠯ ᠤᠨ | ᠨᠢᠭᠤᠴᠠ ᠪᠠᠨ ᠰᠠᠨᠠᠭᠠᠴᠢᠯᠠᠭ᠎ᠠ ᠠᠴᠠ ᠪᠠᠨ ᠲᠤᠳᠤᠷᠬᠠᠢᠢᠯᠠᠬᠤ ᠬᠡᠷᠡᠭᠳᠡᠢ᠃ ᠲᠡᠷᠢᠬᠦᠯᠡᠭᠴᠢ ᠶᠢᠨ ᠤᠯᠭᠤᠬᠤ ᠶᠠᠰᠤ | ᠴᠢᠨᠠᠷ ᠤᠨ ᠱᠠᠩᠨᠠᠯ ᠰᠢᠯᠭᠠᠷᠠᠭᠤᠯᠬᠤ ᠳᠤ ᠤᠷᠤᠯᠴᠠᠬᠰᠠᠨ ᠠᠵᠢᠯᠳᠠᠳ ᠨᠢ ᠠᠵᠢᠯ ᠤᠨ ᠰᠠᠬᠢᠯᠭ᠎ᠠ ᠪᠠᠳᠤ ᠶᠢ ᠴᠢᠩᠭ᠎ᠠ | ᠰᠠᠬᠢᠵᠦ᠂ ᠭᠤᠶᠤᠴᠢᠯᠠᠨ ᠮᠡᠳᠡᠬᠦᠯᠦᠭᠰᠡᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠤ ᠬᠤᠳᠠᠯᠳᠤᠭᠠᠨ ᠤ | ᠨᠢᠭᠤᠴᠠ᠂ ᠮᠡᠷᠬᠡᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠳᠡᠢ᠃ | ᠭᠤᠴᠢᠨ ᠬᠤᠶᠠᠳᠤᠭᠠᠷ ᠵᠥᠢᠯ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠤᠨ ᠮᠧᠳᠠᠯ᠂ | ᠦᠨᠡᠮᠯᠡᠯ᠂ ᠲᠡᠮᠳᠡᠭ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠤᠯᠭᠤᠨ᠎ᠠ᠂ | ᠶᠠᠮᠠᠷᠪᠠ ᠨᠢᠬᠡᠴᠢ ᠪᠤᠶᠤ ᠬᠤᠪᠢ ᠬᠦᠮᠦᠨ ᠬᠡᠳ ᠬᠤᠳᠠᠯ ᠢᠶᠠᠷ ᠵᠤᠬᠢᠶᠠᠬᠤ ᠪᠠ ᠬᠠᠭᠤᠷᠮᠠᠬᠯᠠᠨ ᠬᠡᠷᠡᠭᠯᠡᠵᠦ ᠪᠤᠯᠬᠤ | ᠦᠬᠡᠢ᠃ | ᠲᠤᠯᠤᠳᠤᠭᠠᠷ ᠪᠦᠯᠦᠭ ᠳᠡᠯᠭᠡᠷᠡᠭᠦᠯᠬᠦ ᠬᠢᠬᠡᠳ ᠬᠡᠷᠡᠭᠯᠡᠬᠦ | ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ᠂ ᠡᠯ᠎ᠠ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ᠂ ᠡᠯ᠎ᠠ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠠᠵᠢᠯ ᠲᠦᠷᠦᠯ ᠤᠨ ᠵᠤᠬᠢᠶᠠᠨ | ᠪᠠᠶᠢᠭᠤᠯᠤᠯᠳᠠ ᠨᠢ ᠱᠠᠩᠨᠠᠯ ᠬᠦᠷᠳᠡᠭᠰᠡᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠤ ᠨᠡᠶᠢᠳᠡᠯᠢᠭ | ᠲᠤᠷᠰᠢᠯᠭ᠎ᠠ᠂ ᠠᠵᠢᠯ ᠤᠨ ᠦᠷ᠎ᠠ ᠪᠦᠳᠦᠬᠡᠯ ᠢ ᠳ᠋ᠦᠡᠭᠨᠡᠵᠦ ᠤᠬᠠᠭᠤᠯᠬᠤ ᠪᠠ ᠲᠡᠯᠬᠡᠷᠡᠬᠦᠯᠬᠦ ᠶᠢ ᠬᠠᠷᠢᠭᠤᠴᠠᠨ᠎ᠠ᠃ | ᠭᠤᠴᠢᠨ ᠲᠦᠷᠪᠡᠳᠦᠬᠡᠷ ᠵᠦᠢᠯ ᠱᠠᠩᠨᠠᠯ ᠬᠦᠷᠳᠡᠭᠰᠡᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠨᠢ | ᠶᠠᠰᠤ ᠴᠢᠨᠠᠷ ᠤᠨ ᠬᠠᠮᠢᠶᠠᠷᠤᠯᠳᠠ ᠪᠠᠨ ᠦᠷᠬᠦᠯᠵᠢᠯᠡᠨ ᠰᠠᠶᠢᠵᠢᠷᠠᠭᠤᠯᠵᠦ᠂ ᠮᠡᠷᠬᠡᠵᠢᠯ ᠪᠤᠯᠤᠨ ᠬᠠᠮᠢᠶᠠᠷᠤᠯᠳᠠ ᠳᠤ | ᠰᠢᠨ᠎ᠠ ᠶᠢ ᠡᠬᠦᠳᠬᠦ ᠶᠢ ᠲᠦᠯᠬᠢᠨ ᠠᠬᠢᠭᠤᠯᠬᠤ ᠪᠠᠷ ᠴᠢᠷᠮᠠᠶᠢᠨ᠂ ᠨᠡᠶᠢᠬᠡᠮ ᠤᠨ ᠬᠠᠷᠢᠭᠤᠴᠠᠯᠭ᠎ᠠ ᠪᠠᠨ ᠢᠳᠡᠪᠬᠢᠳᠡᠢ | ᠬᠦᠢᠴᠡᠳᠬᠡᠵᠦ᠂ ᠶᠠᠰᠤ ᠴᠢᠨᠠᠷ ᠤᠨ ᠲᠡᠷᠢᠬᠦᠨ ᠤ ᠬᠠᠮᠢᠶᠠᠷᠤᠯᠳᠠ ᠶᠢᠨ ᠲᠤᠷᠰᠢᠯᠭ᠎ᠠ ᠶᠢ ᠤᠬᠠᠭᠤᠯᠵᠦ ᠲᠡᠯᠬᠡᠷᠡᠬᠦᠯᠬᠦ ᠪᠠ | ᠵᠢᠱᠢᠶᠡᠴᠢ ᠪᠠᠷ ᠲᠠᠶᠢᠴᠢᠯᠠᠬᠤ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠡᠢ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠲᠦᠷᠢᠮ | ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢ ᠲᠠᠷᠤᠮᠠᠯᠯᠠᠨ ᠶᠠᠪᠤᠭᠤᠯᠤᠬᠰᠠᠨ ᠡᠳᠦᠷ ᠠᠴᠠ ᠡᠬᠢᠯᠡᠵᠦ | ᠬᠡᠷᠡᠭᠵᠢᠬᠦᠯᠦᠨ᠎ᠠ᠃ ᠤᠤᠯ ᠤᠨ ︽ᠦᠪᠡᠷᠳᠡᠬᠡᠨ ᠵᠠᠰᠠᠬᠤ ᠤᠷᠤᠨ ᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ | ᠬᠠᠮᠢᠶᠠᠷᠤᠯᠳᠠ ᠶᠢᠨ ᠠᠷᠭ᠎ᠠ ᠶᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ | ᠲᠠᠷᠬᠠᠭᠠᠭᠰᠠᠨ ﹇2014﹈ 3 ᠳ᠋ᠤᠭᠠᠷ ᠲᠤᠭᠠᠳᠤ︶ ᠪᠤᠯᠤᠨ ︽ᠦᠪᠡᠷᠳᠡᠬᠡᠨ ᠵᠠᠰᠠᠬᠤ ᠤᠷᠤᠨ ᠤ | ᠲᠡᠷᠢᠬᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠷᠭ᠎ᠠ ᠶᠢ ᠲᠠᠷᠤᠮᠠᠯᠯᠠᠨ ᠶᠠᠪᠤᠭᠤᠯᠬᠤ | ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2015﹈ 86 ᠳ᠋ᠤᠭᠠᠷ ᠲᠤᠭᠠᠳᠤ︶ ᠢ | ᠬᠠᠮᠳᠤ ᠳᠤᠨᠢ ᠬᠦᠴᠦᠨ ᠦᠬᠡᠢ ᠪᠤᠯᠭᠠᠨ᠎ᠠ᠃ |