ᠪᠥ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠢ ᠡᠷᠬᠢᠯᠡᠨ ᠬᠤᠷᠡᠯᠳᠤᠭᠤᠯᠵᠥ ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠭᠯᠠᠭᠠᠨ ᠤ ᠶᠡᠷᠤᠩᠬᠡᠢ ᠲᠦᠰᠦᠯ ᠵᠡᠷᠬᠡ ᠶᠢ ᠰᠤᠳᠤᠯᠵᠠᠢ
ᠨᠡᠶᠢᠲᠡᠯᠡᠭᠰᠡᠨ ᠴᠠᠭ᠄
2019/6/3
     6 ᠳ᠋ᠤᠭᠠᠷ ᠰᠠᠷ᠎ᠠ ᠶᠢᠨ 2᠎ ᠤᠨ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠢ ᠡᠷᠬᠢᠯᠡᠨ ᠬᠤᠷᠡᠯᠳᠤᠭᠤᠯᠵᠥ᠂ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ — ᠮᠤᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠶᠡᠷᠤᠩᠬᠡᠢ ᠲᠦᠰᠦᠯ ᠵᠡᠷᠬᠡ ᠶᠢ ᠰᠤᠳᠤᠯᠪᠠ᠃      ᠬᠤᠷᠡᠯ ᠠᠴᠠ ᠵᠢᠭᠠᠭᠰᠠᠨ ᠨᠢ᠂ ᠡᠨᠡ ᠵᠢᠯ ᠪᠤᠯ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ 70 ᠵᠢᠯ ᠎ ᠤᠨ ᠤᠢ ᠪᠤᠯᠬᠤ ᠪᠦᠬᠡᠳ ᠲᠤᠮᠳᠠᠳᠤ ᠮᠤᠩᠭᠤᠯ ᠤᠨ ᠬᠠᠷᠢᠯᠴᠠᠭ᠎ᠠ ᠪᠠᠶᠢᠭᠤᠯᠤᠬᠰᠠᠠ 70 ᠵᠢᠯ ᠤᠨ ᠤᠢ ᠪᠤᠯᠤᠨ᠎ᠠ᠂ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠭᠯᠠᠭᠠᠨ ᠢ ᠰᠠᠶᠢᠳᠤᠷ ᠡᠷᠬᠢᠯᠡᠬᠦ ᠨᠢ ᠴᠢᠬᠤᠯᠠ ᠠᠴᠢ ᠬᠤᠯᠪᠤᠭᠳᠠᠯ ᠲᠠᠢ ᠶᠤᠮ᠃ ᠶᠡᠷᠤᠩᠬᠡᠢ ᠱᠦᠵᠢ ᠰᠢ ᠶᠢᠨ ᠫᠢᠩ ᠤᠨ ᠬᠤᠶᠠᠳᠤᠭᠠᠷ ᠬᠤᠭᠤᠴᠠᠭᠠᠨ ᠤ ︽ᠨᠢᠬᠡ ᠪᠦᠰᠡ ᠨᠢᠬᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠡᠪᠴᠠᠩ ᠲᠡᠬᠡᠷ᠎ᠡ ᠬᠢᠭᠰᠡᠡ ᠭᠤᠤᠯ ᠵᠤᠷᠢᠯᠳᠡᠳᠤ ᠶᠠᠷᠢᠶ᠎ᠠ ᠢᠯᠡᠳᠬᠡᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠥ᠂ ︽ᠨᠢᠬᠡ ᠪᠦᠰᠡ ᠨᠢᠬᠡ ᠵᠠᠮ︾᠎ ᠢ ᠬᠠᠮᠳᠤ ᠪᠠᠷ ᠪᠦᠳᠦᠬᠡᠨ ᠪᠠᠶᠢᠭᠤᠯᠬᠤ ᠲᠤᠬᠠᠢ ᠲᠦᠪ ᠤᠨ ᠡᠯ᠎ᠡ ᠵᠦᠢᠯ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠲᠤᠮᠳᠠᠳᠤ ᠮᠤᠩᠭᠤᠯ ᠎ ᠤᠨ ᠦᠵᠡᠰᠬᠦᠯᠡᠩ ᠤᠨ ᠴᠤᠭᠯᠠᠭᠠᠨ ᠢ ︽ᠨᠢᠬᠡ ᠪᠦᠰᠡ ᠨᠢᠬᠡ ᠵᠠᠮ︾᠎ ᠢ ᠬᠠᠮᠳᠤ ᠪᠠᠷ ᠪᠦᠳᠦᠭᠡᠨ ᠪᠠᠶᠢᠭᠤᠯᠬᠤ ᠪᠤᠯᠤᠨ ᠲᠤᠮᠳᠠᠳᠤ ᠮᠤᠩᠭᠤᠯ ᠤᠨ ᠬᠠᠷᠢᠯᠴᠠᠭ᠎ᠠ ᠪᠠᠶᠢᠭᠤᠯᠤᠬᠰᠠᠠ 70 ᠵᠢᠯ ᠤᠨ ᠤᠢ ᠶᠢ ᠲᠤᠷᠠᠰᠬᠠᠬᠤ ᠠᠵᠢᠯᠯᠠᠭ᠎ᠠ ᠎ ᠶᠢᠨ ᠪᠦᠬᠦ ᠲᠡᠯ᠎ᠡ ᠳᠤ ᠲᠠᠯᠪᠢᠨ ᠲᠦᠯᠥᠪᠵᠢᠬᠦᠯᠵᠥ᠂ ᠪᠤᠳᠤᠯᠬᠢᠯᠠᠵᠥ᠂ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠬᠯᠠᠭᠠᠨ ᠤ ᠡᠨᠡ ᠬᠦ ᠲᠠᠪᠴᠠᠩ ᠢᠶᠠᠷ ᠳᠠᠮᠵᠢᠨ᠂ ᠮᠠᠨ ᠤ ᠤᠯᠤᠰ ᠤᠨ ᠭᠠᠳᠠᠭᠠᠳᠤ ᠨᠡᠭᠡᠬᠡᠯᠲᠡ ᠪᠠᠨ ᠦᠷᠭᠡᠳᠭᠡᠬᠦ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠶᠢᠭᠤᠯᠬᠤ ᠰᠠᠨᠠᠭᠠᠴᠢᠯᠠᠭ᠎ᠠ ᠪᠤᠯᠤᠨ ᠴᠦᠬᠦᠷᠡᠰᠢ ᠦᠭᠡᠢ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠤᠯᠤᠰ ᠤᠨ ᠭᠠᠳᠠᠭᠠᠳᠤ ᠨᠡᠭᠡᠬᠡᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠬᠯᠠᠭᠠᠨ ᠤ ᠡᠯ᠎ᠠ ᠵᠦᠢᠯ ᠤᠨ ᠦᠵᠡᠭᠦᠯᠭᠡ ᠪᠤᠯᠤᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠪᠡᠯᠡᠳᠭᠡᠬᠦ ᠳᠤ ᠪᠤᠳᠠᠲᠠᠢ ᠶᠢ ᠡᠷᠬᠢᠮᠯᠡᠬᠦ᠂ ᠦᠨᠳᠦᠷ ᠪᠦᠲᠦᠮᠵᠢᠲᠡᠢ ᠪᠠᠶᠢᠬᠤ ᠵᠠᠷᠴᠢᠮ ᠢ ᠪᠠᠷᠢᠮᠲᠠᠯᠠᠵᠤ᠂ ᠰᠤᠲᠤᠨ ᠪᠦᠲᠦᠭᠡᠭᠳᠡᠬᠦᠨ ᠤ ᠤᠬᠠᠮᠰᠠᠷ ᠢ ᠪᠤᠢ ᠪᠤᠯᠭᠠᠵᠤ᠂ ᠦᠪᠦᠷ ᠮᠤᠩᠭᠤᠯ ᠤᠨ ᠤᠨᠴᠠᠯᠢᠭ ᠢ ᠳᠤᠪᠤᠶᠢᠯᠭᠠᠵᠤ᠂ ᠲᠤᠰᠬᠠᠶᠢᠵᠢᠬᠰᠠᠨ᠂ ᠦᠨᠳᠦᠷ ᠲᠦᠪᠰᠢᠨ ᠢ ᠢᠯᠡᠷᠡᠭᠦᠯᠵᠦ᠂ ᠦᠵᠡᠰᠭᠦᠯᠡᠩ ᠳᠤ ᠤᠷᠤᠯᠴᠠᠬᠤ ᠤᠯᠤᠰ ᠪᠤᠯᠤᠨ ᠭᠠᠵᠠᠷ ᠤᠷᠤᠨ ᠳᠤ ᠦᠪᠦᠷ ᠮᠤᠩᠭᠤᠯ ᠢ ᠨᠡᠩ ᠭᠦᠨᠵᠡᠭᠡᠢ ᠤᠶᠢᠯᠠᠭᠠᠭᠤᠯᠵᠤ᠂ ᠨᠡᠩ ᠤᠯᠠᠨ ᠬᠠᠮᠲᠤ ᠶᠢᠨ ᠲᠠᠨᠢᠯᠲᠠ ᠲᠠᠢ ᠪᠤᠯᠵᠤ᠂ ᠨᠡᠩ ᠤᠯᠠᠨ ᠦᠷ᠎ᠠ ᠪᠦᠲᠦᠭᠡᠯ ᠤᠯᠬᠤ ᠪᠠᠷ ᠬᠦᠴᠦᠯᠡᠬᠦ ᠬᠡᠷᠡᠭᠲᠡᠢ᠃ ᠠᠷᠪᠢᠯᠠᠵᠤ ᠠᠮᠢᠳᠤᠷᠠᠬᠤ ᠦᠵᠡᠯ ᠰᠠᠨᠠᠭ᠎ᠠ ᠶᠢ ᠪᠤᠢ ᠪᠤᠯᠭᠠᠵᠤ᠂ ᠠᠷᠪᠢᠴᠢ ᠭᠠᠮᠲᠠᠢ ᠪᠠᠷ ᠦᠵᠡᠰᠭᠦᠯᠡᠩ ᠤᠨ ᠴᠤᠬᠯᠠᠭᠠᠨ ᠡᠷᠬᠢᠯᠡᠬᠦ ᠶᠢ ᠪᠠᠷᠢᠮᠲᠠᠯᠠᠵᠤ᠂ ᠡᠷᠬᠡᠪᠰᠢ ᠱᠠᠭᠠᠷᠳᠠᠬᠳᠠᠬᠤ ᠵᠠᠷᠤᠳᠠᠯ ᠤᠨ ᠵᠠᠷᠤᠯᠭ᠎ᠠ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠠᠷᠪᠢᠯᠠᠨ ᠭᠠᠮᠨᠠᠵᠤ᠂ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠦᠴᠢᠷ ᠠᠴᠠ ᠪᠡᠯᠡ ᠮᠦᠡᠭᠭᠦ ᠶᠢᠨ ᠠᠰᠢᠬᠯᠠᠯᠲᠠ ᠶᠢ ᠬᠢᠨᠠᠨ ᠪᠤᠳᠤᠵᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠠᠶᠢᠮᠠᠭ ᠬᠤᠲᠠ ︽ᠨᠢᠭᠡ ᠬᠦᠯᠦᠭ ᠰᠢᠳᠠᠷ᠎ᠠ︾᠎ ᠶᠢᠨ ᠦᠵᠡᠯ ᠰᠠᠨᠠᠭ᠎ᠠ ᠶᠢ ᠪᠤᠢ ᠪᠤᠯᠭᠠᠵᠤ᠂ ᠪᠦᠬᠦ ᠬᠦᠴᠦᠨ ᠢᠶᠠᠷ ᠴᠢᠷᠮᠠᠶᠢᠨ᠂ ᠨᠢᠬᠲᠠ ᠬᠠᠮᠵᠢᠯᠴᠠᠵᠤ᠂ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号