ᠠᠶᠢᠮᠠᠭ ᠬᠤᠳᠠ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠡᠬᠢᠯᠡᠪᠡ    ᠪᠦ᠋ ᠰᠢᠶᠤᠤ ᠯᠢᠨ ᠡᠬᠢᠯᠡᠭᠰᠡᠡ ᠢ ᠵᠠᠷᠯᠠᠵᠠᠢ
ᠨᠡᠶᠢᠲᠡᠯᠡᠭᠰᠡᠨ ᠴᠠᠭ᠄
2019/6/3
     6 ᠳ᠋ᠤᠭᠠᠷ ᠰᠠᠷ᠎ᠠ ᠶᠢᠨ 2᠎ ᠤᠨ ᠡᠳᠤᠷ ᠤᠨ ᠦᠳᠡ ᠶᠢᠨ ᠡᠮᠦᠨ᠎ᠠ᠂ ᠬᠦᠬᠡᠬᠤᠳᠠ ᠶᠢᠨ ᠲᠤᠷᠰᠢᠯᠳᠠ ᠶᠢᠨ ᠴᠡᠭ ᠎ ᠤᠨ ᠲᠤᠷᠰᠢᠯᠭ᠎ᠠ ᠶᠢ ᠳᠡᠯᠭᠡᠷᠡᠭᠦᠯᠬᠦ ᠵᠢᠴᠢ ᠠᠶᠢᠮᠠᠭ ᠬᠤᠳᠠ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠤᠨ ᠡᠬᠢᠯᠡᠯᠳᠡ ᠶᠢᠨ ᠶᠤᠰᠤᠯᠠᠯ ᠬᠦᠬᠡᠬᠤᠳᠠ ᠳᠤ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠤᠰᠤᠯᠠᠯ ᠳᠤ ᠤᠷᠤᠯᠴᠠᠭᠰᠠᠨ ᠪᠦᠭᠡᠳ ᠠᠶᠢᠮᠠᠭ ᠬᠤᠳᠠ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠡᠬᠢᠯᠡᠭᠰᠡᠨ ᠢ ᠵᠠᠷᠯᠠᠵᠠᠢ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠤᠤ ᠭᠠᠩ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠬᠦᠬᠡᠬᠤᠳᠠ ᠶᠢᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠢᠩᠭᠢᠮ ᠤᠨ ᠬᠠᠷᠢᠭᠤᠴᠠᠯᠭᠠᠳᠠᠨ᠂ ᠨᠡᠶᠢᠭᠡᠮ ᠲᠤᠭᠤᠷᠢᠭ ᠪᠤᠯᠤᠨ ᠰᠤᠷᠤᠭᠴᠢᠳ ᠤᠨ ᠲᠦᠯᠦᠭᠡᠯᠡᠭᠴᠢ ᠲᠤᠰ ᠲᠤᠰ ᠦᠭᠡ ᠬᠡᠯᠡᠪᠡ᠃      ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠨᠢ ᠬᠤᠳᠠ ᠶᠢᠨ ᠰᠠᠭᠤᠭᠠᠯᠢ ᠠᠷᠠᠳ ᠎ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠡᠬᠢ ᠪᠠᠶᠠᠯᠢᠭ ᠢ ᠠᠷᠪᠢᠯᠠᠨ ᠠᠰᠢᠬᠯᠠᠬᠤ ᠳᠤ ᠠᠰᠢᠭᠳᠠᠢ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠪᠤᠯᠤᠨ ᠵᠢᠷᠭᠠᠯᠳᠤ ᠲᠦᠷᠦᠭᠳᠡᠯ ᠢ ᠳᠡᠭᠡᠭᠰᠢᠯᠡᠭᠦᠯᠬᠦ ᠳᠤ ᠠᠰᠢᠭᠳᠠᠢ ᠶᠤᠮ᠃ ᠬᠦᠬᠡᠬᠤᠳᠠ ᠪᠤᠯ ᠤᠯᠤᠰ ᠠᠴᠠ ᠲᠤᠭᠲᠠᠭᠠᠭᠰᠠᠠ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠨ ᠰᠢᠢᠳᠪᠦᠷᠢᠯᠡᠬᠦ ᠠᠵᠢᠯᠯᠠᠭ᠎ᠠ ᠦᠷᠨᠢᠬᠦᠯᠬᠦ ᠳᠤᠷᠰᠢᠯᠳᠠ ᠶᠢᠨ ᠬᠤᠳᠠ ᠶᠢᠨ ᠨᠢᠬᠡ ᠪᠤᠯᠤᠨ᠎ᠠ᠂ ᠤᠯᠤᠰ ᠤᠨ ᠱᠠᠭᠠᠷᠳᠠᠯᠭ᠎ᠠ ᠶᠤᠰᠤᠭᠠᠷ᠂ ᠮᠠᠨ ᠤ ᠤᠷᠤᠨ ᠬᠦᠬᠡᠬᠤᠳᠠ ᠶᠢᠨ ᠳᠤᠷᠰᠢᠯᠳᠠ ᠶᠢᠨ ᠴᠡᠭ ᠤᠨ ᠳᠤᠷᠰᠢᠯᠭ᠎ᠠ ᠶᠢ ᠳ᠋ᠦᠩᠨᠡᠭᠰᠡᠨ ᠤ ᠰᠠᠭᠤᠷᠢᠨ ᠳᠡᠬᠡᠷ᠎ᠠ᠂ 2019 ᠣᠨ ᠠᠴᠠ ᠡᠬᠢᠯᠡᠨ 12 ᠠᠶᠢᠮᠠᠬ ᠬᠤᠳᠠ ᠶᠢᠨ ᠵᠠᠰᠠᠬ ᠤᠨ ᠤᠷᠳᠤᠨ ᠤ ᠰᠠᠭᠤᠭ᠎ᠠ ᠭᠠᠵᠠᠷ ᠳᠤ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠨ ᠰᠢᠢᠳᠪᠦᠷᠢᠯᠡᠬᠦ ᠠᠵᠢᠯᠯᠠᠭ᠎ᠠ ᠶᠢ ᠪᠦᠬᠦ ᠳᠠᠯ᠎ᠠ ᠪᠠᠷ ᠦᠷᠨᠢᠬᠦᠯᠵᠦ᠂ 2020 ᠣᠨ ᠪᠤᠯᠬᠤ ᠳᠤ ᠤᠯᠠᠨ ᠨᠡᠶᠢᠳᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠨ ᠰᠢᠢᠳᠪᠦᠷᠢᠯᠡᠬᠦ ᠶᠢ ᠦᠪᠴᠢ ᠪᠦᠷᠬᠦᠬᠦᠯᠵᠦ᠂ 2025 ᠣᠨ ᠪᠤᠯᠬᠤ ᠳᠤ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠨ ᠰᠢᠢᠳᠪᠤᠷᠢᠯᠡᠬᠦ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ ᠪᠦᠷᠢᠳᠦᠬᠦᠯᠬᠦ ᠪᠠᠷ ᠳᠦᠯᠦᠪᠯᠡᠵᠦ ᠪᠤᠢ᠃ ᠠᠶᠢᠮᠠᠬ ᠬᠤᠳᠠ ᠶᠢᠨ ᠰᠠᠭᠤᠭ᠎ᠠ ᠭᠠᠵᠠᠷ ᠤᠨ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠨ ᠰᠢᠢᠳᠪᠦᠷᠢᠯᠡᠬᠦ ᠠᠵᠢᠯ ᠳᠤ ᠠᠶᠢᠮᠠᠬ ᠬᠤᠳᠠ ᠶᠢᠨ ᠵᠠᠰᠠᠬ ᠤᠨ ᠤᠷᠳᠤᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠪᠦᠬᠦ ᠨᠡᠶᠢᠭᠡᠮ ᠢᠶᠠᠷ ᠢᠶᠠᠨ ᠤᠷᠤᠯᠴᠠᠬᠤ ᠶᠢ ᠬᠦᠳᠦᠯᠦᠨ ᠵᠢᠯᠤᠭᠤᠳᠴᠤ᠂ ᠬᠤᠳᠠ ᠶᠢᠨ ᠠᠷᠠᠳ ᠤᠯᠠᠨ ᠤ ᠢᠳᠡᠪᠬᠢᠵᠢᠯ ᠢ ᠳᠠᠶᠢᠴᠢᠯᠠᠵᠦ᠂ ᠤᠯᠠᠨ ᠨᠡᠶᠢᠳᠡ ᠶᠢᠨ ᠪᠠᠶᠢᠭᠤᠯᠤᠮᠵᠢ᠂ ᠠᠵᠦ ᠠᠬᠤᠢᠢᠯᠡᠯ ᠨᠢᠬᠡᠴᠢ ᠳᠤ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠨ ᠰᠢᠢᠳᠪᠦᠷᠢᠯᠡᠬᠦ ᠪᠠᠷ ᠰᠢᠪᠳᠤᠯᠤᠯᠳᠠ ᠶᠢᠨ ᠴᠡᠭ ᠪᠤᠯᠭᠠᠵᠦ᠂ ᠰᠠᠭᠤᠭᠠᠯᠢ ᠠᠷᠠᠳ ᠤᠨ ᠨᠡᠶᠢᠭᠡᠮ ᠳᠤᠭᠤᠷᠢᠬ ᠳᠤ ᠳᠤᠷᠰᠢᠯᠳᠠ ᠬᠢᠵᠦ ᠵᠢᠱᠢᠶ᠎ᠠ ᠦᠵᠡᠬᠦᠯᠬᠦ ᠠᠵᠢᠯᠯᠠᠭ᠎ᠠ ᠦᠷᠨᠢᠬᠦᠯᠵᠦ᠂ ᠴᠡᠭ ᠢᠶᠠᠷ ᠪᠦᠬᠦ ᠳᠠᠯ᠎ᠠ ᠶᠢ ᠳᠠᠶᠢᠴᠢᠯᠠᠵᠦ ᠪᠠᠶᠢᠭᠠᠳ᠂ ᠯᠠᠪᠳᠠᠭᠤᠨ ᠪᠠᠳᠤᠳᠠᠢ ᠪᠠᠷ ᠠᠬᠢᠭᠤᠯᠤᠨ᠎ᠠ᠃      ᠡᠬᠢᠯᠡᠯᠳᠡ ᠶᠢᠨ ᠶᠤᠰᠤᠯᠠᠯ ᠤᠨ ᠳᠠᠷᠠᠭ᠎ᠠ᠂ ᠪᠦ᠋ ᠰᠢᠶᠤᠤ ᠯᠢᠨ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠬᠤ ᠦᠵᠡᠬᠦᠯᠬᠡ ᠶᠢ ᠰᠤᠨᠢᠷᠬᠠᠨ ᠦᠵᠡᠵᠦ᠂ ᠬᠦᠬᠡᠬᠤᠳᠠ ᠶᠢᠨ ᠠᠮᠢᠳᠤᠷᠠᠯ ᠤᠨ ᠬᠤᠬ ᠨᠤᠪᠰᠢ ᠶᠢ ᠳᠦᠷᠦᠯ ᠬᠤᠪᠢᠶᠠᠵᠦ ᠪᠠᠶᠢᠭ᠎ᠠ ᠪᠠᠶᠢᠳᠠᠯ ᠢ ᠨᠠᠷᠢᠨ ᠤᠢᠢᠯᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号