︽2019 ᠣᠨ ᠤ ᠴᠠᠭ ᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠬᠦᠳᠡᠭᠡ ᠳᠤ ᠬᠦᠷᠬᠡᠬᠦ ᠪᠡ ᠰᠢᠨᠵᠢᠯᠡᠬᠦ ᠤᠬᠠᠭᠠᠨ ᠲᠠᠢ ᠬᠠᠮᠳᠤ ᠠᠶᠠᠯᠠᠬᠤ︾ ᠠᠵᠢᠯᠯᠠᠭ᠎ᠠ ᠬᠢᠩᠭᠠᠨ ᠠᠶᠢᠮᠠᠭ ᠤᠨ ᠲᠦᠴᠢᠤᠸᠠᠨ ᠰᠢᠶᠠᠨ ᠳᠤ ᠶᠠᠪᠤᠭᠳᠠᠪᠠ  ᠢᠤᠢ ᠷᠦ᠋ ᠼᠦᠩ ᠯᠢ ᠪᠢᠩ ᠷᠦᠩ ᠤᠷᠤᠯᠴᠠᠵᠠᠢ
ᠨᠡᠶᠢᠲᠡᠯᠡᠭᠰᠡᠨ ᠴᠠᠭ᠄
2019/6/3
     5 ᠳ᠋ᠤᠭᠠᠷ ᠰᠠᠷ᠎ᠠ ᠶᠢᠨ 31᠎ ᠤ ᠡᠳᠤᠷ᠂ ︽2019 ᠣᠨ ᠤ ᠴᠠᠭ ᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠬᠦᠳᠡᠭᠡ ᠳᠤ ᠬᠦᠷᠬᠡᠬᠦ ᠪᠡ ᠰᠢᠨᠵᠢᠯᠡᠬᠦ ᠤᠬᠠᠭᠠᠨ ᠲᠠᠢ ᠬᠠᠮᠳᠤ ᠠᠶᠠᠯᠠᠬᠤ︾ ᠠᠵᠢᠯᠯᠠᠭ᠎ᠠ ᠬᠢᠩᠭᠠᠨ ᠠᠶᠢᠮᠠᠭ ᠤᠨ ᠲᠦᠴᠢᠤᠸᠠᠨ ᠰᠢᠶᠠᠨ ᠳᠤ ᠶᠠᠪᠤᠭᠳᠠᠪᠠ᠃      ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠡᠰᠢᠬᠦᠨ᠂ ᠲᠤᠮᠳᠠᠳᠤ ᠤᠯᠤᠰ ᠤᠨ ᠴᠠᠭ ᠠᠭᠤᠷ ᠤᠨ ᠲᠤᠪᠴᠢᠶᠠᠨ ᠤ ᠲᠡᠳ᠋ ᠲᠠᠷᠤᠭ᠎ᠠ ᠢᠤᠢ ᠷᠦ᠋ ᠼᠦᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      ᠲᠤᠰ ᠤᠳᠠᠭ᠎ᠠ ᠶᠢᠨ ᠠᠵᠢᠯᠯᠠᠭ᠎ᠠ ᠨᠢ ︽ᠴᠠᠭ ᠠᠭᠤᠷ ᠤᠨ ᠰᠢᠨᠵᠢᠯᠡᠬᠦ ᠤᠬᠠᠭᠠᠨ ᠢᠶᠠᠷ ᠠᠷᠠᠳ ᠲᠤ ᠠᠰᠢᠭ ᠬᠦᠷᠳᠡᠭᠡᠬᠦ︾ ᠭᠤᠤᠯ ᠰᠡᠳᠤᠪ ᠤᠨ ᠲᠤᠭᠤᠷᠢᠨ ᠳᠤ ᠭᠤᠷᠪᠠᠨ ᠡᠳᠤᠷ ᠶᠠᠪᠤᠭᠳᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠬᠦᠳᠡᠭᠡ ᠠᠵᠥ ᠠᠬᠤᠢ ᠪᠤᠯᠤᠨ ᠴᠠᠭ ᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠎ ᠤᠨ ᠦᠷ᠎ᠡ ᠪᠦᠳᠦᠬᠡᠯ ᠤᠨ ᠲᠠᠨᠢᠯᠴᠠᠭᠤᠯᠭ᠎ᠠ ᠦᠷᠨᠢᠬᠦᠯᠵᠥ᠂ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠨᠡᠷᠡᠳᠤ ᠲᠤᠰᠬᠠᠢ ᠮᠡᠷᠭᠡᠵᠢᠯᠳᠡᠨ ᠠᠴᠠ ᠬᠤᠳᠠ ᠬᠦᠳᠡᠭᠡ ᠶᠢᠨ ᠰᠠᠭᠤᠭᠠᠯᠢ ᠠᠷᠠᠳ ᠪᠤᠯᠤᠨ ᠵᠠᠯᠠᠭᠤᠴᠤᠳ ᠪᠠᠭᠠᠴᠤᠳ ᠲᠤ ᠳᠤᠰᠬᠠᠢ ᠮᠡᠳᠡᠬᠦᠯᠥᠯᠳᠡ ᠬᠢᠪᠡ᠃ ᠡᠯ᠎ᠡ ᠭᠤᠤᠯᠯᠠᠨ ᠡᠷᠬᠢᠯᠡᠭᠰᠡᠡ ᠨᠢᠭᠡᠴᠢ ᠨᠦᠭᠦᠳ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠲᠤᠭᠯᠠᠭᠠᠮ᠂ ᠬᠤᠷᠰᠢᠯᠴᠠᠬᠤ ᠲᠦᠷᠦᠯ ᠵᠦᠢᠯ ᠢ ᠠᠪᠴᠢᠷᠠᠵᠥ᠂ ᠪᠢᠴᠢᠬᠠᠨ ᠨᠠᠶᠢᠵᠠ ᠨᠠᠷ ᠲᠤ ᠰᠢᠨᠵᠢᠯᠡᠬᠦ ᠤᠬᠠᠭᠠᠨ ᠢ ᠲᠠᠨᠢᠯᠴᠠᠭᠤᠯᠵᠤ ᠤᠶᠢᠯᠠᠭᠠᠭᠤᠯᠵᠥ᠂ ᠬᠦᠰᠡᠯ ᠵᠡᠬᠦᠳᠤ ᠶᠢ ᠨᠢ ᠠᠴᠢᠶᠠᠯᠠᠬᠰᠠᠠ ︽ᠰᠢᠨᠵᠢᠯᠡᠬᠦ ᠤᠬᠠᠭᠠᠨᠴᠢ ᠬᠡᠤᠬᠡᠳ ᠤᠨ ᠪᠠᠶᠠᠷ︾᠎ ᠢ ᠦᠩᠬᠡᠷᠡᠭᠦᠯᠦᠭᠰᠡᠡ ᠪᠠᠶᠢᠨ᠎ᠠ᠃ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠨᠡᠶᠢᠭᠡᠮᠯᠢᠭ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠰᠢᠨᠵᠢᠯᠡᠬᠦ ᠤᠬᠠᠭᠠᠨ ᠤ ᠲᠦᠷᠬᠡᠨ ᠲᠡᠷᠬᠡ ᠪᠠ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠬᠠᠮ ᠲᠡᠷᠬᠡ ᠪᠠᠨ ᠠᠪᠴᠢᠷᠠᠵᠥ᠂ ᠴᠢᠨᠠᠷ ᠰᠠᠶᠢᠳᠠᠢ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠡᠬᠢ ᠪᠠᠶᠠᠯᠢᠭ ᠢ ᠰᠤᠷᠭᠠᠭᠤᠯᠢ ᠶᠢᠨ ᠬᠦᠷᠢᠶ᠎ᠡ ᠪᠤᠯᠤᠨ ᠠᠶᠢᠯ ᠲᠤᠰᠬᠤᠨ ᠳᠤ ᠬᠦᠷᠬᠡᠭᠰᠡᠡ ᠪᠠᠶᠢᠨ᠎ᠠ᠃      ᠳᠤᠰ ᠤᠳᠠᠭ᠎ᠠ ᠶᠢᠨ ᠠᠵᠢᠯᠯᠠᠭ᠎ᠠ ᠨᠢ ᠪᠠᠰᠠ ᠰᠤᠷᠭᠠᠭᠤᠯᠢ᠂ ᠬᠦᠳᠡᠭᠡ ᠳᠤᠰᠬᠤᠨ ᠪᠤᠯᠤᠨ ᠶᠠᠳᠠᠭᠤ ᠬᠦᠴᠢᠷᠳᠡᠯᠳᠡᠢ ᠬᠡᠷ ᠪᠦᠯᠢ ᠳᠤ ᠵᠤᠷᠢᠭᠤᠯᠤᠬᠰᠠᠨ ᠰᠢᠨᠵᠢᠯᠡᠬᠦ ᠤᠬᠠᠭᠠᠨ ᠳᠦᠬᠡᠮᠡᠯᠵᠢᠬᠦᠯᠬᠦ ᠡᠬᠢ ᠪᠠᠶᠠᠯᠢᠬ᠂ ᠶᠠᠳᠠᠭᠤ ᠶᠢ ᠳᠡᠳᠬᠦᠨ ᠰᠤᠷᠤᠯᠭ᠎ᠠ ᠶᠢ ᠳᠡᠮᠵᠢᠬᠦ ᠰᠠᠭᠤᠷᠢ ᠮᠦᠩᠬᠦ ᠪᠤᠯᠤᠨ ᠶᠠᠳᠠᠭᠤ ᠶᠢ ᠳᠡᠳᠬᠦᠬᠦ ᠡᠳ᠋ ᠪᠤᠳᠠᠰ ᠬᠠᠨᠳᠢᠪᠯᠠᠬᠤ ᠠᠵᠢᠯᠯᠠᠭ᠎ᠠ ᠶᠢ ᠦᠷᠨᠢᠬᠦᠯᠪᠡ᠃ ᠳᠤᠮᠳᠠᠳᠤ ᠤᠯᠤᠰ ᠤᠨ ᠴᠠᠬ ᠠᠭᠤᠷ ᠤᠨ ᠳᠤᠪᠴᠢᠶ᠎ᠠ᠂ ᠬᠦᠳᠡᠭᠡ ᠠᠵᠦ ᠠᠬᠤᠢ ᠬᠦᠳᠡᠭᠡ ᠳᠤᠰᠬᠤᠨ ᠤ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠨᠡᠶᠢᠭᠡᠮᠯᠢᠭ ᠠᠴᠠ ᠬᠠᠮᠢᠶ᠎ᠠ ᠪᠦᠬᠦᠢ ᠰᠢᠭᠤᠳ ᠬᠠᠷᠢᠶ᠎ᠠ ᠨᠢᠬᠡᠴᠢ ᠪᠤᠯᠤᠨ ᠡᠷᠳᠡᠮ ᠰᠢᠨᠵᠢᠯᠡᠬᠡᠨ ᠤ ᠨᠡᠶᠢᠭᠡᠮᠯᠢᠭ ᠲᠠᠢ ᠬᠠᠮᠵᠢᠯᠴᠠᠨ᠂ 2.2 ᠳᠦᠮᠡᠨ ᠪᠤᠭᠤᠳᠠᠯ ᠰᠢᠨᠵᠢᠯᠡᠬᠦ ᠤᠬᠠᠭᠠᠨ ᠳᠦᠬᠡᠮᠡᠯᠵᠢᠬᠦᠯᠬᠦ ᠨᠤᠮ ᠪᠢᠴᠢᠭ᠂ ᠬᠤᠭᠤᠴᠠᠭᠠᠳᠤ ᠰᠡᠳᠬᠦᠯ ᠪᠤᠯᠤᠨ ᠪᠦᠳᠦᠬᠡᠭᠳᠡᠬᠦᠨ ᠢ ᠵᠤᠬᠢᠶᠠᠨ ᠪᠠᠶᠢᠭᠤᠯᠤᠨ ᠬᠠᠨᠳᠢᠪᠯᠠᠵᠠᠢ᠃ ᠳᠤᠮᠳᠠᠳᠤ ᠤᠯᠤᠰ ᠤᠨ ᠴᠠᠬ ᠠᠭᠤᠷ ᠤᠨ ᠳᠤᠪᠴᠢᠶ᠎ᠡ ᠠᠵᠢᠯᠳᠠᠨ ᠠᠵᠢᠯᠴᠢᠨ ᠢᠶᠠᠨ ᠵᠤᠬᠢᠶᠠᠨ ᠪᠠᠶᠢᠭᠤᠯᠤᠨ 28.2 ᠳᠦᠮᠡᠨ ᠳᠦᠬᠦᠷᠢᠭ ᠬᠠᠨᠳᠢᠪᠯᠠᠵᠤ᠂ ︽ᠶᠠᠳᠠᠭᠤ ᠶᠢ ᠳᠡᠳᠬᠦᠨ ᠰᠤᠷᠤᠯᠭ᠎ᠠ ᠶᠢ ᠳᠡᠮᠵᠢᠬᠦ ᠮᠦᠩᠬᠦ︾ ᠪᠠᠶᠢᠭᠤᠯᠤᠨ᠂ ᠳᠦᠴᠢᠤᠸᠠᠨ ᠰᠢᠶᠠᠨ ᠤ ︽ᠬᠤᠤᠰ ᠳᠡᠷᠢᠬᠦᠨ ᠵᠡᠷᠬᠡ︾᠎ ᠶᠢᠨ ᠶᠡᠭᠡ ᠳᠡᠬᠡᠳᠦ ᠰᠤᠷᠭᠠᠭᠤᠯᠢ ᠪᠤᠶᠤ ᠴᠠᠬ ᠠᠭᠤᠷ ᠯᠤᠭ᠎ᠠ ᠬᠠᠮᠢᠶ᠎ᠠ ᠲᠠᠢ ᠳᠤᠰᠬᠠᠢ ᠮᠡᠷᠬᠡᠵᠢᠯ ᠳᠤ ᠡᠯᠰᠡᠭᠳᠡᠭᠰᠡᠨ ᠶᠠᠳᠠᠭᠤ ᠬᠦᠴᠢᠷᠳᠡᠯᠳᠡᠢ ᠰᠤᠷᠤᠬᠴᠢ ᠶᠢ ᠳᠤᠰᠠᠯᠠᠬᠤ ᠳᠤ ᠬᠡᠷᠡᠭᠯᠡᠬᠦ ᠪᠤᠯᠤᠨ᠎ᠠ᠃ ᠳᠤᠮᠳᠠᠳᠤ ᠤᠯᠤᠰ ᠤᠨ ᠶᠠᠳᠠᠭᠤ ᠶᠢ ᠳᠡᠳᠬᠦᠬᠦ ᠰᠠᠭᠤᠷᠢ ᠮᠦᠩᠬᠦᠨ ᠤ ᠨᠡᠶᠢᠭᠡᠮᠯᠢᠭ ᠠᠴᠠ ᠳᠦᠴᠢᠤᠸᠠᠨ ᠰᠢᠶᠠᠨ ᠳᠤ 400 ᠳᠦᠮᠡᠨ ᠳᠦᠬᠦᠷᠢᠭ ᠤᠨ ᠦᠷᠳᠡᠭ ᠪᠦᠬᠦᠢ ᠶᠠᠳᠠᠭᠤ ᠶᠢ ᠳᠡᠳᠬᠦᠬᠦ ᠪᠤᠳᠠᠰ ᠬᠠᠨᠳᠢᠪᠯᠠᠪᠠ᠃ ᠳᠤᠮᠳᠠᠳᠤ ᠤᠯᠤᠰ ᠤᠨ ᠴᠠᠬ ᠠᠭᠤᠷ ᠤᠨ ᠦᠢᠯᠡᠴᠢᠯᠡᠬᠡᠨ ᠤ ᠨᠡᠶᠢᠭᠡᠮᠯᠢᠭ ᠠᠴᠠ ᠬᠡᠰᠢᠬᠦᠨ ᠨᠢᠬᠡᠴᠢ ᠳᠤ ᠪᠠᠨ ︽ᠳᠦᠴᠢᠤᠸᠠᠨ ᠰᠢᠶᠠᠨ ᠢ ᠳᠤᠰᠠᠯᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠬᠢᠬᠦ ᠰᠠᠨᠠᠭᠠᠴᠢᠯᠠᠭ᠎ᠠ︾ ᠭᠠᠷᠭᠠᠵᠦ᠂ 89 ᠳᠦᠮᠡᠨ ᠳᠦᠬᠦᠷᠢᠭ ᠎ ᠤᠨ ᠦᠷᠳᠡᠭ ᠪᠦᠬᠦᠢ ᠡᠳ᠋ ᠪᠤᠳᠠᠰ ᠪᠤᠯᠤᠨ ᠵᠤᠭᠤᠰ ᠴᠤᠬᠯᠠᠭᠤᠯᠵᠦ᠂ ᠳᠦᠴᠢᠤᠸᠠᠨ ᠰᠢᠶᠠᠨ ᠤ ᠶᠠᠳᠠᠭᠤ ᠠᠴᠠ ᠠᠩᠬᠢᠵᠢᠷᠠᠬᠤ ᠰᠢᠪᠲᠤᠯᠤᠯᠲᠠ ᠳᠤ ᠴᠠᠬ ᠠᠭᠤᠷ ᠤᠨ ᠡᠳᠡᠭᠡᠳ ᠤᠨ ᠬᠤᠪᠢ ᠨᠡᠮᠡᠷᠢ ᠪᠠᠨ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号