ᡁᠢ ᠱᠦ ᠫᠢᠩ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ  ᠲᠦᠪ ᠤᠨ ᠰᠢᠮᠳᠠᠭᠤᠯᠤᠨ ᠵᠢᠯᠤᠭᠤᠳᠬᠤ ᠠᠵᠢᠯ ᠤᠨ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠤᠨ ᠨᠦᠬᠦᠳ ᠢ ᠲᠤᠭᠤᠷᠢᠨ ᠰᠤᠷᠪᠤᠯᠵᠢᠯᠠᠵᠤ ᠲᠤᠬᠤᠨᠢᠭᠤᠯᠬᠤ ᠳᠤ ᠪᠠᠨ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠪᠤᠯᠭᠠᠨ ᠳᠤ ᠨᠠᠷᠢᠨ ᠬᠢᠨᠠᠮᠠᠭᠠᠢ ᠬᠠᠨᠳᠤᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019/6/3
     6 ᠳ᠋ᠤᠭᠠᠷ ᠰᠠᠷ᠎ᠠ ᠶᠢᠨ 2᠎ ᠤᠨ ᠡᠳᠦᠷ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠦᠪ ᠤᠨ15 ᠳ᠋ᠤᠭᠠᠷ ᠰᠢᠮᠳᠠᠭᠤᠯᠤᠨ ᠵᠢᠯᠤᠭᠤᠳᠬᠤ ᠲᠤᠭᠤᠢᠢᠯᠠᠩ ᠤᠨ ᠲᠠᠷᠤᠭ᠎ᠠ ᡁᠢ ᠱᠦ ᠫᠢᠩ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠦᠪ ᠤᠨ ᠰᠢᠮᠳᠠᠭᠤᠯᠤᠨ ᠵᠢᠯᠤᠭᠤᠳᠬᠤ ᠠᠵᠢᠯ ᠤᠨ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠤᠨ ᠨᠦᠬᠦᠳ ᠢ ᠲᠤᠭᠤᠷᠢᠨ ᠰᠤᠷᠪᠤᠯᠵᠢᠯᠠᠵᠤ ᠲᠤᠬᠤᠨᠢᠭᠤᠯᠬᠤ ᠶᠢᠨ ᠬᠠᠮᠳᠤ ᠠᠵᠢᠯ ᠤᠨ ᠪᠤᠳᠠᠳᠠᠢ ᠱᠠᠭᠠᠷᠳᠠᠯᠭ᠎ᠠ ᠲᠤᠷᠠᠳᠴᠠᠢ᠃      ᡁᠢ ᠱᠦ ᠫᠢᠩ ᠢᠯᠡᠴᠢᠯᠡᠨ ᠮᠡᠳᠡᠭᠦᠯᠬᠦ ᠰᠦᠪᠡᠭᠴᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠤᠨ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠨᠠᠷᠢᠨ ᠤᠢᠢᠯᠠᠭᠠᠬᠰᠠᠨ ᠪᠦᠭᠡᠳ ᠬᠠᠨᠤᠮᠵᠢ ᠲᠠᠢ ᠪᠠᠶᠢᠬᠤ ᠪᠠᠨ ᠢᠯᠡᠳᠭᠡᠪᠡ᠃ ᡁᠢ ᠱᠦ ᠫᠢᠩ ᠴᠢᠬᠤᠯᠠᠴᠢᠯᠠᠭᠰᠠᠨ ᠨᠢ᠂ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠨᠠᠮ ᠤᠨ ᠲᠦᠪ ᠬᠤᠷᠢᠶᠠᠨ ᠤ ᠲᠤᠰᠬᠠᠢ ᠲᠡᠮᠡᠴᠡᠯ ᠤᠨ ᠲᠤᠬᠠᠢ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠪᠤᠯᠭᠠᠨ ᠳᠤ ᠨᠠᠷᠢᠨ ᠬᠢᠨᠠᠮᠠᠭᠠᠢ ᠬᠠᠨᠳᠤᠵᠤ᠂ ᠢᠯᠡᠴᠢᠯᠡᠨ ᠮᠡᠳᠡᠭᠦᠯᠦᠭᠰᠡᠨ ᠬᠡᠷᠡᠭ ᠪᠤᠯᠭᠠᠨ ᠳᠤ ᠬᠠᠷᠢᠭᠤ ᠲᠤᠰᠬᠠᠬᠤ ᠬᠡᠷᠡᠭᠳᠡᠢ᠃ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠪᠤᠯ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠰᠢᠮᠳᠠᠭᠤᠯᠤᠨ ᠵᠢᠯᠤᠭᠤᠳᠬᠤ ᠠᠵᠢᠯ ᠤᠨ ᠨᠢᠭᠡ ᠬᠡᠰᠡᠭ ᠪᠠᠶᠢᠵᠤ᠂ ᠮᠦᠨ ᠴᠤ ᠬᠠᠮᠤᠭ ᠤᠨ ᠦᠨᠳᠦᠰᠦᠨ ᠭᠤᠬᠴᠤᠭ᠎ᠠ ᠪᠠᠶᠢᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠬᠦᠨᠵᠡᠭᠡᠢ᠂ ᠨᠠᠷᠢᠯᠢᠭ᠂ ᠦᠨᠳᠤᠷ ᠦᠷ᠎ᠡ ᠠᠰᠢᠭ ᠲᠠᠢ ᠦᠷᠨᠢᠭᠦᠯᠵᠤ ᠳᠡᠶᠢᠯᠬᠦ ᠡᠰᠡᠬᠦ ᠲᠠᠢ ᠬᠤᠯᠪᠤᠬᠳᠠᠵᠤ ᠪᠠᠶᠢᠳᠠᠭ᠃ ᠤᠯᠠᠨ ᠲᠦᠮᠡᠨ ᠤ ᠳᠠᠭᠤᠨ ᠢ ᠰᠤᠨᠤᠰᠴᠤ᠂ ᠤᠯᠠᠨ ᠲᠦᠮᠡᠨ ᠤ ᠰᠠᠨᠠᠭᠠᠰᠢᠷᠠᠯ ᠳᠤ ᠬᠠᠷᠢᠭᠤ ᠳᠤᠰᠬᠠᠬᠤ ᠶᠢ ᠪᠠᠷᠢᠮᠳᠠᠯᠠᠬᠤ ᠪᠤᠯ ᠰᠢᠮᠳᠠᠭᠤᠯᠤᠨ ᠵᠢᠯᠤᠭᠤᠳᠬᠤ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠠᠶᠢᠵᠤ᠂ ᠤᠯᠠᠨ ᠲᠦᠮᠡᠨ ᠎ ᠤ ᠢᠷᠡᠭᠦᠯᠦᠭᠰᠡᠨ ᠵᠠᠬᠢᠳᠠᠯ ᠴᠢᠮᠡᠭᠡ ᠶᠢ ᠨᠠᠷᠢᠨ ᠬᠢᠨᠠᠮᠠᠭᠠᠢ ᠵᠦᠪ ᠤᠨᠤᠪᠴᠢᠳᠠᠢ ᠪᠠᠷ ᠰᠢᠢᠳᠪᠦᠷᠢᠯᠡᠵᠤ᠂ ᠨᠢᠭᠡ ᠵᠤᠷᠪᠤᠰ ᠦᠨ᠎ᠡ ᠦᠷᠳᠡᠭ ᠲᠠᠢ ᠰᠦᠪᠡᠭᠴᠢ ᠶᠢ ᠴᠤ ᠤᠷᠬᠢᠬᠳᠠᠭᠤᠯᠤᠯ ᠦᠭᠡᠢ ᠪᠠᠷ ᠳᠤᠰ ᠡᠳᠤᠷ ᠲᠤ ᠨᠢ ᠬᠦᠯᠢᠶᠡᠨ ᠠᠪᠴᠤ᠂ ᠳᠤᠰ ᠡᠳᠤᠷ ᠲᠤ ᠨᠢ ᠳᠤᠰᠢᠶᠠᠨ ᠰᠢᠢᠳᠪᠦᠷᠢᠯᠡᠵᠤ᠂ ᠠᠯᠳᠠᠭ᠎ᠠ ᠪᠤᠷᠤᠭᠤ ᠦᠭᠡᠢ ᠪᠠᠷ ᠬᠦᠢᠴᠡᠳᠭᠡᠵᠤ᠂ ᠰᠢᠮᠳᠠᠭᠤᠯᠤᠨ ᠵᠢᠯᠤᠭᠤᠳᠬᠤ ᠠᠵᠢᠯ ᠤᠨ ᠦᠪᠤᠷ ᠮᠤᠩᠭᠤᠯ ᠳᠤ ᠤᠷᠤᠬᠰᠢᠳᠠᠢ ᠶᠠᠪᠤᠬᠳᠠᠬᠤ ᠶᠢ ᠪᠠᠳᠤᠯᠠᠵᠤ᠂ ᠪᠤᠳᠠᠳᠠᠢ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠢᠳᠡᠭᠡᠯ ᠢ ᠤᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠎ ᠢ ᠨᠡᠩ ᠬᠦᠢᠴᠡᠳ᠂ ᠨᠡᠩ ᠪᠠᠳᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠤᠯᠭᠠᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠤᠯᠤᠰ ᠲᠦᠷᠦ ᠬᠠᠤᠯᠢ ᠴᠠᠭᠠᠵᠠ  ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠭᠦᠳ ᠪᠠᠷ᠎ᠠ ᠪᠤᠯᠵᠤ ᠳᠤᠭᠤᠷᠢᠨ ᠰᠤᠷᠪᠤᠯᠵᠢᠯᠠᠵᠤ ᠳᠤᠬᠤᠨᠢᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号