ᠪᠦᠬᠦ ᠤᠷᠤᠨ ᠤ ︽ᠠᠶᠤᠯ ᠦᠬᠡᠢ ᠦᠢᠯᠡᠳᠪᠤᠷᠢᠯᠡᠯ ᠤᠨ ᠰᠠᠷ᠎ᠠ︾᠎ ᠶᠢᠨ ᠠᠵᠢᠯᠯᠠᠭ᠎ᠠ ᠡᠬᠢᠯᠡᠪᠡ ᠪᠦ᠋ ᠰᠢᠶᠤᠤ ᠯᠢᠨ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2019/6/3
     6 ᠳ᠋ᠤᠭᠠᠷ ᠰᠠᠷ᠎ᠠ ᠶᠢᠨ 1᠎ ᠤ ᠡᠳᠤᠷ ᠤᠨ ᠦᠳᠡ ᠶᠢᠨ ᠡᠮᠤᠨ᠎ᠡ᠂ 2019 ᠤᠨ ᠤ ᠪᠦᠬᠦ ᠤᠷᠤᠨ ᠤ ︽ᠠᠶᠤᠯ ᠦᠬᠡᠢ ᠦᠢᠯᠡᠳᠪᠤᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠦᠬᠠᠢ ᠬᠤᠳᠠ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠠᠶᠤᠯ ᠦᠬᠡᠢ ᠦᠢᠯᠡᠳᠪᠤᠷᠢᠯᠡᠯ ᠤᠨ ᠵᠦᠪᠯᠡᠯ ᠤᠨ ᠡᠷᠬᠢᠯᠡᠭᠴᠢ ᠪᠦ᠋ ᠰᠢᠶᠤᠤ ᠯᠢᠨ ᠴᠤᠬᠤᠯᠠᠪᠤᠷᠢ ᠦᠭᠪᠡ᠃      ᠪᠦ᠋ ᠰᠢᠶᠤᠤ ᠯᠢᠨ ᠪᠦᠬᠦ ᠤᠷᠤᠨ ᠤ ︽ᠠᠶᠤᠯ ᠦᠬᠡᠢ ᠦᠢᠯᠡᠳᠪᠤᠷᠢᠯᠡᠯ ᠤᠨ ᠰᠠᠷ᠎ᠠ︾᠎ ᠶᠢᠨ ᠠᠵᠢᠯᠯᠠᠭ᠎ᠠ ᠳᠤ ᠦᠭᠭᠦᠭᠰᠡᠡ ᠴᠤᠬᠤᠯᠠᠪᠤᠷᠢ ᠳᠤ ᠪᠠᠨ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ᠂ ᠮᠠᠨ ᠤ ᠤᠷᠤᠨ ᠳᠤ ᠬᠦᠨᠳᠤ ᠶᠡᠭᠡ ᠠᠳᠡᠯ᠂ ᠨᠡᠯᠢᠶᠡᠳ ᠶᠡᠭᠡ ᠠᠳᠡᠯ ᠵᠠᠯᠭᠠᠭ᠎ᠠ ᠪᠠᠷ ᠭᠠᠷᠴᠦ᠂ ᠲᠠᠬᠢᠨᠳᠡ ᠪᠢᠳᠡᠨ ᠳᠤ ᠰᠡᠷᠡᠮᠵᠢ ᠶᠢᠨ ᠬᠤᠩᠬᠤ ᠴᠣᠬᠢᠭᠰᠠᠨ ᠪᠠᠶᠢᠨ᠎ᠠ᠃ ᠮᠠᠨ ᠤ ᠤᠷᠤᠨ ᠤ ᠠᠶᠤᠯ ᠲᠠᠢ ᠬᠢᠮᠢ ᠶᠢᠨ ᠠᠵᠥ ᠦᠢᠯᠡᠳᠪᠤᠷᠢ ᠲᠦᠪᠯᠡᠷᠡᠩᠬᠦᠢ ᠪᠠᠶᠢᠷᠢᠯᠠᠵᠤ᠂ ᠠᠳᠡᠯ ᠭᠠᠷᠬᠤ ᠳᠤ ᠬᠦᠷᠪᠡᠯ ᠶᠡᠭᠡ ᠠᠳᠡᠯ ᠭᠠᠷᠬᠤ ᠪᠤᠯᠤᠨ᠎ᠠ᠃ ᠤᠯᠤᠰ ᠠᠴᠠ ᠡᠨᠡ ᠵᠢᠯ ᠤᠨ ︽ᠠᠶᠤᠯ ᠦᠬᠡᠢ ᠦᠢᠯᠡᠳᠪᠤᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢ ᠠᠶᠤᠯ ᠲᠠᠢ ᠬᠢᠮᠢ ᠶᠢᠨ ᠦᠢᠯᠡᠳᠬᠦᠨ ᠤ ᠠᠮᠤᠷ ᠲᠦᠪᠰᠢᠨ ᠢᠶᠠᠷ ᠭᠤᠤᠯᠳᠠᠯᠭ᠎ᠠ ᠪᠤᠯᠭᠠᠨ᠎ᠡ ᠬᠡᠵᠥ ᠲᠤᠭᠳᠠᠭᠰᠠᠠ ᠨᠢ ᠮᠠᠨ ᠤ ᠤᠷᠤᠨ ᠳᠤ ᠠᠪᠴᠦ ᠬᠡᠯᠡᠪᠡᠯ ᠴᠢᠬᠤᠯᠠ ᠠᠴᠢ ᠬᠤᠯᠪᠤᠭᠳᠠᠯ ᠲᠠᠢ ᠶᠤᠮ ᠬᠡᠪᠠ᠃      ᠴᠤᠬᠤᠯᠠᠪᠤᠷᠢ ᠳᠤ ᠱᠠᠭᠠᠷᠳᠠᠭᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠰᠤᠨᠢᠨ ᠮᠡᠳᠡᠭᠡᠨ ᠤ ᠵᠠᠭᠤᠴᠢᠯᠠᠭᠤᠷ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠭᠦᠨᠵᠡᠭᠡᠢ ᠰᠠᠶᠢᠳᠤᠷ ᠦᠷᠨᠢᠭᠦᠯᠵᠤ᠂ ᠠᠶᠤᠯ ᠦᠬᠡᠢ ᠬᠦᠭᠵᠢᠯᠳᠡ ᠶᠢᠨ ᠣᠨᠤᠯᠵᠢᠬᠤᠨ ᠢ ᠬᠦᠮᠦᠨ ᠪᠦᠬᠦᠨ ᠤ ᠰᠡᠳᠭᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠢᠶᠠᠷ ᠢᠶᠠᠨ ᠠᠶᠤᠯ ᠦᠬᠡᠢ ᠦᠢᠯᠡᠳᠪᠦᠷᠢᠯᠡᠯ ᠢ ᠬᠠᠯᠠᠮᠵᠢᠯᠠᠬᠤ᠂ ᠠᠶᠤᠯ ᠦᠬᠡᠢ ᠬᠦᠭᠵᠢᠯᠳᠡ ᠳᠤ ᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠳᠠᠢ᠃ ᠡᠯ᠎ᠠ ᠱᠠᠳᠤᠨ ᠤ ᠠᠶᠤᠯ ᠦᠬᠡᠢ ᠦᠢᠯᠡᠳᠪᠦᠷᠢᠯᠡᠯ ᠤᠨ ᠵᠦᠪᠯᠡᠯ ᠪᠤᠯᠤᠨ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠨᠢᠭᠡᠴᠢ ᠨᠦᠭᠦᠳ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠷᠢᠯᠢᠭ ᠵᠤᠬᠢᠶᠠᠨ ᠪᠠᠶᠢᠭᠤᠯᠵᠤ᠂ ᠪᠤᠳᠠᠳᠠᠢ ᠦᠷ᠎ᠠ ᠪᠦᠲᠦᠮᠵᠢ ᠭᠠᠷᠭᠠᠬᠤ ᠶᠢ ᠳᠤᠪᠤᠶᠢᠯᠭᠠᠵᠤ᠂ ︽ᠠᠶᠤᠯ ᠦᠬᠡᠢ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢ ᠦᠷᠨᠢᠭᠦᠯᠬᠦ ᠪᠠᠷ ᠳᠠᠮᠵᠢᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠬᠤ ᠶᠢᠨ ᠬᠠᠮᠳᠦ ᠠᠵᠤ ᠠᠬᠤᠢᠢᠯᠠᠯ ᠤᠨ ᠬᠢᠨ ᠠᠮᠤᠷ ᠲᠦᠪᠰᠢᠨ ᠤ ᠬᠠᠮᠢᠶᠠᠷᠤᠯᠳᠠ ᠪᠠᠨ ᠴᠢᠩᠭᠠᠳᠬᠠᠬᠤ᠂ ᠠᠶᠤᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠠᠰᠠᠭᠤᠳᠠᠯ ᠭᠡᠮ ᠰᠤᠭᠤᠭ ᠢᠶᠠᠨ ᠴᠡᠭᠴᠡᠯᠡᠨ ᠵᠠᠰᠠᠬᠤ ᠶᠢ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠳᠠᠢ ᠰᠡᠷᠭᠡᠶᠢᠯᠡᠨ ᠰᠢᠢᠳᠪᠦᠷᠢᠯᠡᠵᠤ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠰᠠᠶᠢᠨ ᠰᠠᠶᠢᠬᠠᠨ ᠤᠷᠴᠢᠨ ᠪᠦᠷᠢᠯᠳᠦᠭᠦᠯᠵᠤ ᠦᠭᠬᠦ ᠬᠡᠷᠡᠭᠳᠠᠢ ᠭᠡᠵᠠᠢ᠃      ᠤᠢᠢᠯᠠᠭᠠᠭᠰᠠᠨ ᠢᠶᠠᠷ᠂ ᠡᠨᠡ ᠵᠢᠯ ᠤᠨ 6 ᠳ᠋ᠤᠭᠠᠷ ᠰᠠᠷ᠎ᠠ ᠪᠤᠯ ᠪᠦᠬᠦ ᠤᠯᠤᠰ ᠤᠨ ᠠᠷᠪᠠᠨ ᠨᠠᠢᠮᠠᠳᠠᠬᠢ ︽ᠠᠶᠤᠯ ᠦᠬᠡᠢ ᠦᠢᠯᠡᠳᠪᠦᠷᠢᠯᠡᠯ ᠤᠨ ᠰᠠᠷ᠎ᠠ︾ ᠪᠤᠯᠤᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠬᠡᠢ ᠦᠢᠯᠡᠳᠪᠦᠷᠢᠯᠡᠯ ᠤᠨ ᠵᠦᠪᠯᠡᠯ ᠤᠨ ᠲᠤᠬᠢᠷᠠᠭᠤᠯᠤᠯᠳᠠ ᠪᠠᠷ᠂ ᠪᠦᠬᠦ ᠤᠷᠤᠨ ᠳᠤ ︽ᠠᠶᠤᠯ ᠦᠬᠡᠢ ᠦᠢᠯᠡᠳᠪᠦᠷᠢᠯᠡᠯ ᠎ ᠤᠨ ᠲᠦᠮᠡᠨ ᠭᠠᠵᠠᠷ ᠤᠨ ᠠᠶᠠᠯᠠᠯ︾᠎ ᠤᠨ ᠠᠵᠢᠯᠯᠠᠭ᠎ᠠ ᠶᠢ ᠢᠵᠢᠯ ᠠᠯᠬᠤᠮ ᠢᠶᠠᠷ ᠶᠠᠪᠤᠭᠳᠠᠭᠤᠯᠤᠨ᠎ᠠ᠃ ᠡᠬᠢᠯᠡᠯᠳᠡ ᠶᠢᠨ ᠶᠤᠰᠤᠯᠠᠯ ᠤᠨ ᠲᠤᠬᠠᠢ ᠶᠢᠨ ᠲᠠᠯᠠᠪᠠᠢ ᠳᠤ᠂ ᠠᠶᠤᠯ ᠦᠬᠡᠢ ᠦᠢᠯᠡᠳᠪᠦᠷᠢᠯᠡᠯ ᠤᠨ ᠤᠬᠠᠭᠤᠯᠭ᠎ᠠ ᠶᠢᠨ ᠲᠠᠶᠢᠯᠤᠮᠵᠢ ᠬᠢᠬᠦ᠂ ᠯᠠᠪᠯᠠᠭ᠎ᠠ ᠬᠠᠩᠭᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠪᠤᠯᠤᠨ ᠠᠶᠤᠯ ᠠᠴᠠ ᠳᠤᠳᠠᠭᠠᠵᠤ ᠦᠪᠡᠷ ᠢ ᠪᠠᠨ ᠠᠪᠤᠷᠠᠬᠤ ᠮᠡᠷᠭᠡᠵᠢᠯ ᠤᠨ ᠦᠵᠡᠭᠦᠯᠭᠡ ᠵᠡᠷᠭᠡ ᠠᠵᠢᠯᠯᠠᠭ᠎ᠠ ᠦᠷᠨᠢᠭᠦᠯᠪᠡ᠃      ᠦᠪᠡᠷᠳᠡᠭᠡᠨ ᠵᠠᠰᠠᠬᠤ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠵᠦᠪᠯᠡᠯ ᠤᠨ ᠭᠡᠰᠢᠭᠦᠨ ᠨᠢᠭᠡᠴᠢ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠤᠯᠤᠨ ᠦᠬᠠᠢ ᠬᠤᠳᠠ ᠶᠢᠨ ᠬᠤᠯᠪᠤᠭᠳᠠᠯ ᠪᠦᠬᠦᠢ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号