ᠶᠠᠳᠠᠭᠤ ᠶᠢ ᠲᠡᠳᠬᠦᠬᠦ ᠡᠲᠡᠭᠡᠳ ᠢ ᠪᠤᠴᠠᠭᠠᠨ ᠭᠠᠷᠭᠠᠬᠤ | | | ᠨᠢᠭᠡ᠂ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ | ︵1︶ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ | ᠪᠠᠷᠢᠮᠵᠢᠶ᠎ᠠ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠳᠤ | ᠡᠷᠦᠬᠡ ᠪᠠᠷ ᠨᠢᠭᠡᠴᠢ ᠪᠣᠯᠭᠠᠵᠤ᠂ ᠡᠷᠬᠡᠪᠰᠢ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ | ᠪᠠᠷᠢᠮᠵᠢᠶ᠎ᠠ ᠳᠤ ᠬᠦᠷᠭᠡᠬᠦ︾ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠲᠤᠬᠠᠶᠢᠯᠠᠪᠠᠯ ᠢᠳᠡᠬᠦ᠂ ᠡᠮᠦᠰᠬᠦ ᠳᠤ ᠵᠣᠪᠠᠭ᠋ᠤ | ᠦᠭᠡᠢ︔ ᠠᠯᠪᠠᠨ ᠵᠢᠷᠤᠮ ᠤᠨ ᠰᠤᠷᠭᠠᠨ ᠬᠥᠮᠥᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ ᠠᠮᠤᠷ | ᠲᠦᠪᠰᠢᠨ ᠨᠢ ᠪᠠᠲᠤᠯᠠᠭ᠎ᠠ ᠲᠠᠢ ᠮᠥᠷᠲᠡᠭᠡᠨ ᠭᠡᠷ ᠪᠦᠯᠢ ᠶᠢᠨ ᠬᠢᠨᠢ ᠵᠢᠯ ᠤᠨ ᠬᠥᠮᠥᠨ ᠳᠤᠮᠳᠠᠴᠢ ᠴᠡᠪᠡᠷ ᠣᠷᠣᠯᠭ᠎ᠠ | ᠨᠢ 3200 ᠲᠥᠭᠦᠷᠢᠭ / ᠵᠢᠯ · ᠬᠥᠮᠥᠨ ᠳᠤ ᠲᠣᠭᠲᠠᠭᠤᠨ ᠢᠶᠠᠷ ᠬᠦᠷᠬᠦ ᠬᠡᠷᠡᠭᠲᠡᠢ᠃ | ︵2︶ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ | a. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠵᠢᠴᠢ | ᠬᠠᠪᠰᠤᠷᠤᠨ ᠲᠡᠳᠬᠦᠬᠦ ᠬᠠᠷᠢᠭᠤᠴᠠᠯᠭᠠᠲᠠᠳ ᠠᠴᠠ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠶᠠᠳᠠᠭᠤ ᠬᠦᠴᠢᠷᠳᠡᠯᠲᠡᠢ ᠡᠷᠦᠬᠡ ᠶᠢ | ᠶᠠᠳᠠᠭᠤ ᠠᠴᠠ ᠠᠩᠭᠢᠵᠢᠷᠠᠭᠤᠯᠤᠨ ᠪᠤᠴᠠᠭᠠᠨ ᠭᠠᠷᠭᠠᠬᠤ ᠠᠩᠬᠠᠨ ᠤ ᠰᠣᠩᠭᠤᠭᠤᠯᠢ ᠶᠢᠨ ᠨᠡᠷᠡᠰ ᠢ ᠳᠤᠷᠠᠳᠤᠨ | ᠭᠠᠷᠭᠠᠨ᠎ᠠ᠃ | b. ᠰᠢᠶᠠᠩ ᠪᠠᠯᠭᠠᠰᠤ ᠠᠴᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ | ᠠᠩᠭᠢ ᠵᠢᠴᠢ ᠬᠠᠪᠰᠤᠷᠤᠨ ᠲᠡᠳᠬᠦᠬᠦ ᠬᠠᠷᠢᠭᠤᠴᠠᠯᠭᠠᠲᠠᠳ ᠢ ᠵᠣᠬᠢᠶᠠᠨ ᠪᠠᠶᠢᠭᠤᠯᠵᠤ ᠪᠠᠶᠢᠭᠠᠳ ᠡᠷᠦᠬᠡ ᠳᠤ | ᠣᠷᠣᠭᠤᠯᠤᠨ ᠬᠠᠷᠭᠤᠭᠤᠯᠤᠨ ᠨᠤᠲᠠᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ | ᠴᠤᠭᠯᠠᠭᠤᠯᠤᠨ᠎ᠠ᠃ ᠬᠠᠷᠭᠤᠭᠤᠯᠤᠨ ᠨᠤᠲᠠᠯᠠᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ | ᠭᠠᠷᠭᠠᠬᠤ ᠨᠥᠬᠦᠴᠡᠯ ᠳᠤ ᠨᠡᠶᠢᠴᠡᠭᠰᠡᠨ ᠪᠣᠯ᠂ ᠶᠠᠳᠠᠭᠤ ᠬᠦᠴᠢᠷᠳᠡᠯᠲᠡᠢ ᠡᠷᠦᠬᠡ ᠪᠠ ᠬᠠᠪᠰᠤᠷᠤᠨ ᠲᠡᠳᠬᠦᠬᠦ | ᠬᠠᠷᠢᠭᠤᠴᠠᠯᠭᠠᠲᠠᠨ ᠬᠠᠮᠲᠤ ᠪᠠᠷ ᠭᠠᠷ ᠤᠨ ᠦᠰᠦᠭ ᠵᠢᠷᠤᠵᠤ ᠨᠤᠲᠠᠯᠠᠨ᠎ᠠ᠃ | c. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠡᠷᠦᠬᠡ ᠳᠤ | ᠣᠷᠣᠵᠤ ᠬᠠᠷᠭᠤᠭᠤᠯᠤᠨ ᠨᠤᠲᠠᠯᠠᠭᠰᠠᠨ ᠦᠷ᠎ᠡ ᠳ᠋ᠦᠩ ᠢ ᠦᠨᠳᠦᠰᠦᠯᠡᠨ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠠᠳᠠᠭᠤ ᠬᠦᠴᠢᠷᠳᠡᠯᠲᠡᠢ | ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠲᠤᠬᠠᠢ ᠠᠷᠠᠳᠴᠢᠯᠠᠯ ᠢᠶᠠᠷ ᠵᠥᠪᠯᠡᠨ | ᠲᠣᠭᠲᠠᠭᠠᠨ᠎ᠠ᠃ | d. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ | ᠠᠷᠠᠳᠴᠢᠯᠠᠯ ᠢᠶᠠᠷ ᠵᠥᠪᠯᠡᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠵᠤ | ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠨᠡᠶᠢᠲᠡ ᠳᠤ | ᠵᠠᠷᠯᠠᠬᠤ ᠶᠢᠨ ᠬᠠᠮᠲᠤ ᠳᠡᠭᠡᠭᠰᠢ ᠰᠢᠶᠠᠩ ᠪᠠᠯᠭᠠᠰᠤ ᠳᠤ ᠮᠡᠳᠡᠭᠦᠯᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ | ᠠᠳᠠᠭ ᠲᠤ ᠪᠠᠨ 7 ᠡᠳᠦᠷ ᠪᠠᠶᠢᠬᠤ ᠬᠡᠷᠡᠭᠲᠡᠢ᠃ | e. ᠰᠢᠶᠠᠩ ᠪᠠᠯᠭᠠᠰᠤ ᠠᠴᠠ ᠲᠤᠰᠬᠤᠨ ᠤ ᠳᠡᠭᠡᠭᠰᠢ ᠮᠡᠳᠡᠭᠦᠯᠦᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ | ᠮᠡᠳᠡᠭᠡ ᠵᠠᠩᠭᠢ ᠶᠢ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ | ᠨᠡᠶᠢᠲᠡ ᠳᠤ ᠵᠠᠷᠯᠠᠨ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ | ᠵᠠᠷᠯᠠᠯ ᠳᠤ ᠣᠨᠳᠣᠣ ᠰᠠᠨᠠᠯ ᠦᠭᠡᠢ ᠪᠣᠯ ᠭᠤᠣᠯ ᠤᠳᠤᠷᠢᠳᠤᠯᠭ᠎ᠠ ᠠᠴᠠ ᠬᠢᠨᠠᠨ ᠬᠠᠷᠭᠤᠭᠤᠯᠵᠤ ᠭᠠᠷ ᠤᠨ ᠦᠰᠦᠭ | ᠵᠢᠷᠤᠨ ᠨᠤᠲᠠᠯᠠᠭᠰᠠᠨ ᠤ ᠳᠠᠷᠠᠭ᠎ᠠ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ | ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠎ᠡ᠃ | f. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ | ᠮᠥᠴᠢᠷ ᠠᠴᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠮᠡᠳᠡᠭᠡ ᠵᠠᠩᠭᠢ ᠳᠤ ᠰᠤᠭᠤᠴᠢᠨ ᠪᠠᠶᠢᠴᠠᠭᠠᠯᠲᠠ | ᠬᠢᠬᠦ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠳᠤ | ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠲᠣᠰᠬᠤᠨ ᠤ ᠢᠯᠡ ᠪᠠᠶᠢᠷᠢᠨ ᠳᠤ ᠨᠡᠶᠢᠲᠡ ᠳᠤ | ᠵᠠᠷᠯᠠᠨ᠎ᠠ᠃ | g. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ | ᠮᠥᠴᠢᠷ ᠠᠴᠠ ᠰᠢᠶᠠᠩ ᠪᠠᠯᠭᠠᠰᠤ ᠶᠢᠨ ᠶᠠᠳᠠᠭᠤ ᠶᠢ ᠲᠡᠳᠬᠦᠬᠦ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠪᠦᠬᠦ | ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠶᠠᠳᠠᠭᠤ ᠠᠴᠠ | ᠠᠩᠭᠢᠵᠢᠷᠠᠭᠰᠠᠨ ᠬᠥᠮᠥᠰ ᠳᠤ ᠲᠣᠳᠣᠷᠬᠠᠶᠢᠯᠠᠯᠲᠠ ᠬᠢᠨ᠎ᠡ᠃ | ︵3︶ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠱᠠᠭᠠᠷᠳᠠᠯᠭ᠎ᠠ | 2018 ᠣᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ | ᠭᠠᠷᠭᠠᠬᠤ ᠳᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠤᠤᠭᠤᠬᠤ ᠤᠰᠤᠨ ᠤ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ | ᠬᠥᠮᠥᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ᠂ ᠭᠡᠷ ᠪᠦᠯᠢ ᠶᠢᠨ ᠵᠢᠯ ᠤᠨ | ᠬᠥᠮᠥᠨ ᠳᠤᠮᠳᠠᠴᠢ ᠴᠡᠪᠡᠷ ᠣᠷᠣᠯᠭ᠎ᠠ ᠭᠡᠬᠦ 5 ᠵᠦᠢᠯ ᠤᠨ ᠦᠭᠡᠶᠢᠰᠬᠡᠬᠦ ᠪᠠᠷᠢᠮᠵᠢᠶ᠎ᠠ ᠶᠢ ᠨᠢᠭᠡᠳᠦᠯᠲᠡᠢ ᠪᠠᠷ ᠰᠢᠯᠭᠠᠨ | ᠬᠤᠷᠢᠶᠠᠵᠤ ᠠᠪᠬᠤ ᠬᠡᠷᠡᠭᠲᠡᠢ᠃ ᠬᠡᠷᠪᠡ ᠨᠢᠭᠡ ᠵᠦᠢᠯ ᠨᠢ ᠪᠠᠷᠢᠮᠵᠢᠶ᠎ᠠ ᠳᠤ ᠬᠦᠷᠦᠭᠰᠡᠨ ᠦᠭᠡᠢ ᠪᠣᠯ ᠶᠠᠳᠠᠭᠤ ᠠᠴᠠ | ᠠᠩᠭᠢᠵᠢᠷᠠᠭᠰᠠᠨ ᠨᠡᠷᠡᠰ ᠲᠤ ᠣᠷᠣᠭᠤᠯᠵᠤ ᠪᠣᠯᠬᠤ ᠦᠭᠡᠢ᠃ | ᠬᠤᠶᠠᠷ᠂ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ | ︵1︶ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠪᠠᠷᠢᠮᠵᠢᠶ᠎ᠠ | ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠳᠤ ᠶᠠᠳᠠᠭᠤ ᠬᠦᠴᠢᠷᠳᠡᠯᠲᠡᠢ ᠪᠠᠶᠢᠳᠠᠯ | ᠡᠭᠦᠰᠦᠭᠰᠡᠨ ᠨᠣᠷᠮ᠎ᠠ ᠨᠢ 3% ᠠᠴᠠ ᠳᠣᠣᠷ᠎ᠠ ᠪᠠᠶᠢᠬᠤ ᠪᠠᠷ ᠪᠠᠷᠢᠮᠵᠢᠶᠠᠯᠠᠬᠤ ᠭᠤᠣᠯ ᠪᠠᠷᠢᠮᠵᠢᠶ᠎ᠠ ᠪᠣᠯᠭᠠᠵᠤ᠂ | ᠲᠣᠰᠬᠤᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ᠂ ᠠᠵᠤ ᠦᠢᠯᠡᠰ ᠤᠨ | ᠬᠥᠭᠵᠢᠯᠲᠡ ᠪᠠ ᠨᠡᠶᠢᠲᠡ ᠶᠢᠨ ᠠᠵᠤ ᠠᠬᠤᠢ ᠶᠢᠨ ᠣᠷᠣᠯᠭ᠎ᠠ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ | ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠬᠡᠷᠡᠭᠲᠡᠢ᠃ | ︵2︶ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ | a. ᠶᠠᠳᠠᠭᠤ ᠬᠦᠴᠢᠷᠳᠡᠯᠲᠡᠢ ᠲᠣᠰᠬᠤᠨ ᠠᠴᠠ ᠪᠠᠶᠢᠭ᠎ᠠ ᠰᠢᠶᠠᠩ ᠪᠠᠯᠭᠠᠰᠤ ᠳᠤ ᠪᠠᠨ ᠪᠤᠴᠠᠨ ᠭᠠᠷᠬᠤ | ᠭᠤᠶᠤᠴᠢᠯᠠᠯ ᠳᠤᠷᠠᠳᠤᠨ᠎ᠠ᠃ | b. ᠰᠢᠶᠠᠩ ᠪᠠᠯᠭᠠᠰᠤ ᠠᠴᠠ ᠲᠣᠰᠬᠤᠨ ᠤ ᠪᠤᠴᠠᠨ ᠭᠠᠷᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ | ᠪᠠᠶᠢᠳᠠᠯ ᠢ ᠦᠨᠳᠦᠰᠦᠯᠡᠨ ᠠᠩᠬᠠᠨ ᠤ ᠬᠢᠨᠠᠯᠲᠠ ᠬᠢᠬᠦ ᠶᠢᠨ ᠬᠠᠮᠲᠤ᠂ ᠰᠢᠶᠠᠩ ᠪᠠᠯᠭᠠᠰᠤ ᠶᠢᠨ ᠪᠠᠶᠢᠭ᠎ᠠ ᠭᠠᠵᠠᠷ ᠲᠤ | ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ | ᠵᠠᠷᠯᠠᠯ ᠳᠤ ᠣᠨᠳᠣᠣ ᠰᠠᠨᠠᠯ ᠦᠭᠡᠢ ᠪᠣᠯ ᠳᠡᠭᠡᠭᠰᠢ ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃ | c. ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠤᠴᠠᠭᠠᠨ ᠭᠠᠷᠭᠠᠬᠤ ᠭᠡᠵᠦ ᠪᠠᠶᠢᠭ᠎ᠠ ᠶᠠᠳᠠᠭᠤ | ᠬᠦᠴᠢᠷᠳᠡᠯᠲᠡᠢ ᠲᠣᠰᠬᠤᠨ ᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠵᠦᠢᠯ ᠳᠠᠷᠠᠭᠠᠯᠠᠨ ᠰᠢᠯᠭᠠᠨ ᠬᠤᠷᠢᠶᠠᠵᠤ | ᠠᠪᠬᠤ ᠶᠢᠨ ᠬᠠᠮᠲᠤ᠂ ᠰᠢᠯᠭᠠᠨ ᠬᠤᠷᠢᠶᠠᠵᠤ ᠠᠪᠤᠭᠰᠠᠨ ᠦᠷ᠎ᠡ ᠳ᠋ᠦᠩ ᠢ ᠳᠡᠭᠡᠭᠰᠢ ᠬᠤᠲᠠ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃ | d. ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠪᠤᠴᠠᠭᠠᠨ ᠭᠠᠷᠭᠠᠵᠤ ᠭᠡᠵᠦ ᠪᠠᠶᠢᠭ᠎ᠠ ᠲᠣᠰᠬᠤᠨ ᠢ | ᠰᠤᠭᠤᠴᠢᠨ ᠪᠠᠶᠢᠴᠠᠭᠠᠬᠤ ᠶᠢᠨ ᠬᠠᠮᠲᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠤᠰᠢᠭᠤ ᠰᠢᠶᠠᠨ ᠳᠤ | ᠬᠠᠷᠢᠭᠤ ᠲᠤᠰᠬᠠᠨ᠎ᠠ᠃ | e. ᠬᠤᠰᠢᠭᠤ ᠰᠢᠶᠠᠨ ᠠᠴᠠ ᠰᠢᠯᠭᠠᠨ ᠬᠤᠷᠢᠶᠠᠵᠤ ᠠᠪᠤᠭᠰᠠᠨ ᠪᠠ ᠰᠤᠭᠤᠴᠢᠨ ᠪᠠᠶᠢᠴᠠᠭᠠᠭᠰᠠᠨ ᠦᠷ᠎ᠡ | ᠳ᠋ᠦᠩ ᠢ ᠦᠨᠳᠦᠰᠦᠯᠡᠨ᠂ ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠲᠣᠰᠬᠤᠨ ᠢ | ᠵᠠᠷᠯᠠᠨ ᠨᠡᠶᠢᠲᠡᠯᠡᠵᠦ ᠪᠤᠴᠠᠭᠠᠨ ᠭᠠᠷᠭᠠᠬᠤ ᠶᠢᠨ ᠬᠠᠮᠲᠤ᠂ ᠱᠠᠲᠤ ᠳᠠᠷᠠᠭᠠᠯᠠᠨ ᠮᠡᠳᠡᠭᠦᠯᠦᠨ ᠬᠦᠷᠭᠡᠵᠦ᠂ ᠬᠤᠲᠠ ᠶᠢᠨ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠵᠦ ᠪᠦᠷᠢᠳᠬᠡᠨ | ᠳᠠᠩᠰᠠᠯᠠᠭᠤᠯᠤᠨ᠎ᠠ᠃ | f. ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠪᠦᠬᠦ ᠤᠯᠤᠰ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠪᠤᠴᠠᠨ ᠭᠠᠷᠤᠭᠰᠠᠨ ᠲᠤᠰᠬᠤᠨ ᠳᠤ | ᠲᠣᠳᠣᠷᠬᠠᠶᠢᠯᠠᠯᠲᠠ ᠬᠢᠨ᠎ᠡ᠃ | ᠭᠤᠷᠪᠠ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ | ︵1︶ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠪᠠᠷᠢᠮᠵᠢᠶ᠎ᠠ | ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠳᠤ ᠶᠡᠷᠦᠩᠬᠡᠶᠢᠯᠡᠭᠰᠡᠨ ᠶᠠᠳᠠᠭᠤ ᠬᠦᠴᠢᠷᠳᠡᠯᠲᠡᠢ | ᠪᠠᠶᠢᠳᠠᠯ ᠡᠭᠦᠰᠦᠭᠰᠡᠨ ᠨᠣᠷᠮ᠎ᠠ ᠨᠢ 3% ᠠᠴᠠ ᠳᠣᠣᠷ᠎ᠠ ᠪᠠᠶᠢᠬᠤ ᠪᠠᠷ ᠪᠠᠷᠢᠮᠵᠢᠶᠠᠯᠠᠬᠤ ᠭᠤᠣᠯ ᠪᠠᠷᠢᠮᠵᠢᠶ᠎ᠠ ᠪᠣᠯᠭᠠᠨ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠪᠤᠴᠠᠭᠠᠨ ᠭᠠᠷᠭᠠᠭᠰᠠᠨ ᠠᠯᠳᠠᠭᠳᠠᠯ ᠤᠨ ᠨᠣᠷᠮ᠎ᠠ᠂ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠭᠤᠭᠤᠵᠢᠭᠤᠯᠤᠨ ᠦᠨᠡᠯᠡᠭᠰᠡᠨ ᠨᠣᠷᠮ᠎ᠠ᠂ ᠠᠷᠠᠳ ᠲᠦᠮᠡᠨ ᠤ ᠨᠤᠲᠠᠯᠠᠯᠲᠠ | ᠬᠢᠭᠰᠡᠨ ᠬᠡᠮᠵᠢᠶ᠎ᠡ ᠪᠠᠷ ᠯᠠᠪᠯᠠᠯᠲᠠ ᠶᠢᠨ ᠭᠦᠢᠴᠡᠳᠬᠡᠯ ᠲᠤᠭ᠎ᠠ ᠪᠣᠯᠭᠠᠵᠤ᠂ ᠲᠠᠷᠢᠶᠠᠴᠢᠨ ᠤ ᠬᠥᠮᠥᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ᠂ ᠶᠠᠳᠠᠭᠤ ᠬᠦᠴᠢᠷᠳᠡᠯᠲᠡᠢ ᠰᠢᠶᠠᠨ ᠤ ᠰᠠᠭᠤᠷᠢ | ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠬᠦᠷᠢᠶ᠎ᠡ ᠴᠠᠷᠠᠭ᠎ᠠ ᠭᠡᠬᠦ ᠭᠤᠣᠯ ᠪᠤᠯᠠᠬᠤ ᠬᠦᠷᠢᠶ᠎ᠡ | ᠴᠠᠷᠠᠭᠠᠨ ᠤ ᠭᠦᠢᠴᠡᠳᠬᠡᠯ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠵᠢᠴᠢ ᠶᠠᠳᠠᠭᠤ ᠬᠦᠴᠢᠷᠳᠡᠯᠲᠡᠢ | ᠰᠢᠶᠠᠨ ᠤ ᠶᠠᠳᠠᠭᠤ ᠠᠴᠠ ᠠᠩᠭᠢᠵᠢᠷᠠᠨ ᠰᠢᠪᠲᠤᠯᠤᠯᠲᠠ ᠬᠢᠭᠰᠡᠨ ᠪᠠᠶᠢᠷᠢᠯᠠᠭᠤᠯᠤᠯᠲᠠ᠂ ᠬᠤᠶᠢᠨᠠᠬᠢ ᠦᠷᠭᠦᠯᠵᠢᠯᠡᠭᠰᠡᠨ | ᠪᠠᠲᠤᠳᠬᠠᠨ ᠳᠡᠭᠡᠭᠰᠢᠯᠡᠭᠦᠯᠬᠦ ᠠᠵᠢᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠢᠭᠡᠳᠦᠯᠲᠡᠢ ᠲᠥᠯᠥᠪᠯᠡᠨ | ᠪᠣᠳᠣᠯᠬᠢᠯᠠᠨ᠎ᠠ᠃ | ︵2︶ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ | ① ᠰᠢᠶᠠᠨ ᠠᠴᠠ ᠭᠤᠶᠤᠴᠢᠯᠠᠯ ᠭᠠᠷᠭᠠᠨ᠎ᠠ᠃ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠪᠠᠶᠢᠴᠠᠭᠠᠭᠰᠠᠨ ᠪᠠᠶᠢᠳᠠᠯ ᠢᠶᠠᠨ | ᠦᠨᠳᠦᠰᠦᠯᠡᠨ ᠶᠡᠷᠦᠩᠬᠡᠶᠢᠯᠡᠭᠰᠡᠨ ᠶᠠᠳᠠᠭᠤ ᠬᠦᠴᠢᠷᠳᠡᠯᠲᠡᠢ ᠪᠠᠶᠢᠳᠠᠯ ᠡᠭᠦᠰᠬᠦ ᠨᠣᠷᠮ᠎ᠠ ᠶᠢᠨ ᠳᠣᠷᠣᠭᠰᠢᠯᠠᠭᠰᠠᠨ | ᠪᠠᠶᠢᠳᠠᠯ ᠲᠠᠢ ᠬᠠᠷᠢᠴᠠᠭᠤᠯᠤᠯ ᠬᠢᠬᠦ ᠶᠢᠨ ᠬᠠᠮᠲᠤ᠂ ᠲᠠᠷᠢᠶᠠᠴᠢᠨ ᠤ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠵᠢᠴᠢ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠤᠴᠠᠨ | ᠭᠠᠷᠬᠤ ᠭᠤᠶᠤᠴᠢᠯᠠᠯ ᠳᠤᠷᠠᠳᠤᠨ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ | ᠳᠤᠭᠤᠶᠢᠯᠠᠩ ᠳᠤ ᠮᠡᠳᠡᠭᠦᠯᠦᠨ᠎ᠡ᠃ | ②ᠬᠤᠲᠠ ᠠᠴᠠ ᠠᠩᠬᠠᠨ ᠤ ᠬᠢᠨᠠᠯᠲᠠ ᠬᠢᠨ᠎ᠡ᠃ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠶᠠᠳᠠᠭᠤ ᠬᠦᠴᠢᠷᠳᠡᠯᠲᠡᠢ ᠰᠢᠶᠠᠨ ᠤ ᠪᠤᠴᠠᠨ ᠭᠠᠷᠬᠤ ᠭᠤᠶᠤᠴᠢᠯᠠᠯ ᠢ | ᠦᠨᠳᠦᠰᠦᠯᠡᠨ᠂ ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ᠂ ᠶᠠᠳᠠᠭᠤ ᠬᠦᠴᠢᠷᠳᠡᠯᠲᠡᠢ ᠰᠢᠶᠠᠨ ᠢ | ᠪᠤᠴᠠᠭᠠᠨ ᠭᠠᠷᠭᠠᠬᠤ ᠪᠠᠷᠢᠮᠵᠢᠶ᠎ᠠ ᠲᠠᠢ ᠬᠠᠷᠢᠴᠠᠭᠤᠯᠤᠯ ᠬᠢᠵᠦ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ | ᠭᠠᠷᠭᠠᠬᠤ ᠶᠠᠪᠤᠳᠠᠯ ᠳᠤ ᠠᠩᠬᠠᠨ ᠤ ᠬᠢᠨᠠᠯᠲᠠ ᠬᠢᠵᠦ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ | ᠮᠡᠳᠡᠭᠦᠯᠦᠨ᠎ᠡ᠃ | ③ᠥᠪᠡᠷᠲᠡᠭᠡᠨ ᠵᠠᠰᠠᠬᠤ ᠣᠷᠣᠨ ᠠᠴᠠ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠵᠤ ᠠᠪᠤᠨ᠎ᠠ᠃ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ | ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠩᠬᠠᠨ ᠤ ᠬᠢᠨᠠᠯᠲᠠ | ᠬᠢᠭᠰᠡᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠵᠤ᠂ ᠪᠤᠴᠠᠭᠠᠨ | ᠭᠠᠷᠭᠠᠬᠤ ᠭᠡᠵᠦ ᠪᠠᠶᠢᠭ᠎ᠠ ᠶᠠᠳᠠᠭᠤ ᠬᠦᠴᠢᠷᠳᠡᠯᠲᠡᠢ ᠰᠢᠶᠠᠨ ᠳᠤ ᠲᠤᠰᠬᠠᠢ ᠵᠦᠢᠯ ᠤᠨ ᠦᠨᠡᠯᠡᠯᠲᠡ ᠵᠢᠱᠢᠯᠲᠡ ᠬᠢᠵᠦ | ᠰᠢᠯᠭᠠᠨ ᠬᠤᠷᠢᠶᠠᠵᠤ ᠠᠪᠬᠤ ᠠᠵᠢᠯ ᠢ ᠥᠷᠨᠢᠭᠦᠯᠬᠦ ᠶᠢᠨ ᠬᠠᠮᠲᠤ᠂ ᠬᠠᠷᠭᠤᠭᠤᠯᠤᠨ ᠪᠠᠶᠢᠴᠠᠭᠠᠵᠤ ᠰᠢᠯᠭᠠᠨ | ᠬᠤᠷᠢᠶᠠᠵᠤ ᠠᠪᠤᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠬᠢᠨᠠᠨ ᠲᠣᠭᠲᠠᠭᠠᠨ᠎ᠠ᠃ | ④ ᠨᠡᠶᠢᠲᠡ ᠳᠤ ᠵᠠᠷᠯᠠᠵᠤ ᠰᠠᠨᠠᠯ ᠬᠤᠷᠢᠶᠠᠨ᠎ᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ | ᠦᠨᠳᠦᠰᠦᠯᠡᠨ ᠶᠠᠳᠠᠭᠤ ᠬᠦᠴᠢᠷᠳᠡᠯᠲᠡᠢ ᠰᠢᠶᠠᠨ ᠤ ᠪᠤᠴᠠᠭᠠᠨ ᠭᠠᠷᠭᠠᠬᠤ ᠨᠡᠷᠡᠰ ᠢ ᠲᠣᠭᠲᠠᠭᠠᠵᠤ᠂ ᠨᠡᠶᠢᠭᠡᠮ | ᠨᠡᠶᠢᠲᠡ ᠳᠤ ᠵᠠᠷᠯᠠᠨ ᠰᠠᠨᠠᠯ ᠬᠤᠷᠢᠶᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠠᠵᠢᠯᠯᠠᠬᠤ | ᠡᠳᠦᠷ ᠪᠠᠶᠢᠬᠤ ᠬᠡᠷᠡᠭᠲᠡᠢ᠃ | ⑤ ᠵᠥᠪᠰᠢᠶᠡᠷᠡᠵᠦ ᠪᠦᠷᠢᠳᠬᠡᠨ ᠳᠠᠩᠰᠠᠯᠠᠨ᠎ᠠ᠃ ᠵᠠᠷᠯᠠᠯ ᠨᠡᠶᠢᠲᠡᠯᠡᠯ ᠳᠤ ᠣᠨᠳᠣᠣ ᠰᠠᠨᠠᠯ ᠦᠭᠡᠢ ᠪᠣᠯ᠂ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠢ | ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠦᠯᠵᠢᠶᠡᠨ ᠳᠡᠭᠡᠷ᠎ᠡ ᠨᠡᠶᠢᠲᠡ ᠳᠤ ᠵᠠᠷᠯᠠᠨ᠎ᠠ᠃ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠭᠤᠣᠯᠳᠠᠯᠭ᠎ᠠ ᠲᠠᠢ ᠰᠢᠶᠠᠨ ᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠶᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ | ᠪᠦᠷᠢᠳᠬᠡᠨ ᠳᠠᠩᠰᠠᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠪᠤᠴᠠᠭᠠᠨ ᠭᠠᠷᠭᠠᠬᠤ ᠶᠢ ᠲᠤᠰᠬᠠᠢ ᠵᠦᠢᠯ ᠢᠶᠠᠷ ᠦᠨᠡᠯᠡᠨ ᠵᠢᠱᠢᠵᠦ | ᠰᠤᠭᠤᠴᠢᠨ ᠪᠠᠶᠢᠴᠠᠭᠠᠬᠤ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ᠂ ᠦᠨᠡᠯᠡᠨ ᠵᠢᠱᠢᠵᠦ ᠪᠦᠷᠢᠳᠬᠡᠨ | ᠳᠠᠩᠰᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠵᠥᠪᠰᠢᠶᠡᠷᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠵᠠᠷᠯᠠᠨ | ᠨᠡᠶᠢᠲᠡᠯᠡᠨ᠎ᠡ᠃ |