ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠠᠵᠢᠯ ᠤᠨ ᠬᠠᠮᠢᠶᠠᠷᠤᠯᠲᠠ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ ᠪᠣᠢ︖ | ᠠᠰᠠᠭᠤᠯᠲᠠ᠄ ︽ᠮᠠᠯᠵᠢᠬᠤ ᠲᠠᠷᠢᠶᠠᠯᠠᠬᠤ ᠣᠷᠣᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ | ᠡᠷᠦᠬᠡ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠶᠣᠰᠣᠭᠠᠷ᠂ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠤᠨ ᠬᠠᠮᠢᠶᠠᠷᠤᠯᠲᠠ ᠶᠢ ᠬᠡᠷᠬᠢᠨ | ᠤᠯᠠᠮ ᠨᠢᠭᠡ ᠠᠯᠬᠤᠮ ᠴᠢᠩᠭᠠᠳᠬᠠᠬᠤ ᠪᠣᠢ︖ | ᠬᠠᠷᠢᠭᠤᠯᠲᠠ᠄ 1. ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠃ ︽ᠬᠥᠳᠡᠭᠡ | ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠦᠨᠳᠦᠰᠦᠨ ᠠᠮᠤᠷ ᠲᠦᠪᠰᠢᠨ ᠤ | ᠮᠡᠷᠭᠡᠵᠢᠯ ᠢ ᠳᠠᠷᠤᠮᠠᠯᠯᠠᠨ ᠲᠠᠷᠬᠠᠭᠠᠬᠤ ᠲᠤᠬᠠᠢ ᠵᠢᠯᠣᠭᠤᠳᠬᠤ ᠳᠦᠷᠢᠮ︾ ᠢ ᠴᠢᠩᠭ᠎ᠠ ᠵᠢᠷᠤᠮᠯᠠᠨ᠂ ᠨᠤᠷᠠᠬᠤ | ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠦᠨᠳᠦᠰᠦᠨ ᠶᠠᠰᠤ ᠴᠢᠨᠠᠷ ᠤᠨ ᠠᠮᠤᠷ ᠲᠦᠪᠰᠢᠨ ᠤ | ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠦᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ᠂ ᠲᠤᠬᠠᠢ ᠶᠢᠨ ᠲᠠᠯᠠᠪᠤᠷ ᠭᠠᠵᠠᠷ ᠳᠤ ᠪᠠᠶᠢᠴᠠᠭᠠᠯᠲᠠ | ᠲᠡᠮᠳᠡᠭᠯᠡᠯ ᠬᠢᠬᠦ ᠶᠢ ᠰᠠᠶᠢᠲᠤᠷ ᠬᠢᠨ᠎ᠡ᠃ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠬᠠᠮᠢᠶᠠᠷᠤᠯᠲᠠ ᠶᠢ | ᠴᠢᠩᠭ᠎ᠠ ᠬᠡᠷᠡᠭᠵᠢᠭᠦᠯᠦᠨ᠂ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠬᠠᠷᠢᠭᠤᠴᠠᠯᠭᠠᠲᠤ ᠭᠤᠣᠯ ᠴᠣᠭᠴᠠ ᠵᠢᠴᠢ | ᠥᠭᠡᠷᠡᠴᠢᠯᠡᠨ ᠰᠢᠨᠡᠳᠬᠡᠬᠦ ᠡᠷᠦᠬᠡ ᠶᠢ ᠵᠣᠬᠢᠶᠠᠨ ᠪᠠᠶᠢᠭᠤᠯᠵᠤ ᠪᠠᠶᠢᠭᠠᠳ ᠪᠠᠷᠢᠯᠭ᠎ᠠ ᠳᠠᠭᠤᠰᠤᠭᠰᠠᠨ ᠢ ᠰᠢᠯᠭᠠᠵᠤ | ᠬᠤᠷᠢᠶᠠᠨ ᠠᠪᠬᠤ ᠠᠵᠢᠯ ᠢ ᠬᠢᠵᠦ᠂ ᠥᠭᠡᠷᠡᠴᠢᠯᠡᠨ ᠰᠢᠨᠡᠳᠬᠡᠬᠦ ᠡᠷᠦᠬᠡ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠤ ᠠᠪᠬᠤ ᠠᠵᠢᠯ ᠤᠨ ᠪᠦᠬᠦ ᠶᠠᠪᠤᠴᠠ ᠳᠤ ᠣᠷᠣᠯᠴᠠᠬᠤ ᠶᠢᠨ ᠬᠠᠮᠲᠤ ᠬᠢᠷᠢ ᠲᠡᠩᠴᠡᠭᠰᠡᠨ ᠤ ᠳᠠᠷᠠᠭ᠎ᠠ | ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠰᠢᠯᠭᠠᠨ ᠬᠤᠷᠢᠶᠠᠵᠤ ᠠᠪᠬᠤ ᠶᠢ ᠳᠠᠮᠵᠢᠭᠰᠠᠨ ᠦᠭᠡᠢ ᠪᠤᠶᠤ | ᠰᠢᠯᠭᠠᠨ ᠬᠤᠷᠢᠶᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ᠂ ᠲᠤᠰᠢᠶᠠᠨ ᠬᠡᠷᠡᠭᠯᠡᠭᠦᠯᠵᠦ ᠪᠣᠯᠬᠤ ᠦᠭᠡᠢ᠃ | 2. ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠤ ᠠᠪᠬᠤ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠬᠤ ᠶᠢᠨ ᠬᠠᠮᠲᠤ ᠰᠢᠯᠭᠠᠨ ᠬᠤᠷᠢᠶᠠᠵᠤ ᠠᠪᠬᠤ ᠳᠤ | ᠬᠢᠷᠢ ᠲᠡᠩᠴᠡᠵᠦ ᠨᠥᠬᠦᠪᠦᠷᠢ ᠪᠡᠯᠡ ᠮᠥᠩᠭᠦ ᠶᠢ ᠰᠢᠯᠵᠢᠭᠦᠯᠦᠨ ᠥᠭᠬᠦ ᠨᠥᠬᠦᠴᠡᠯ ᠳᠤ ᠬᠦᠷᠦᠭᠰᠡᠨ ᠲᠠᠷᠢᠶᠠᠴᠢᠨ | ᠡᠷᠦᠭᠡ ᠶᠢᠨ ᠨᠡᠷᠡᠰ ᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠩᠭᠠᠨ ᠥᠭᠬᠦ ᠬᠡᠷᠡᠭᠲᠡᠢ᠃ ︽ᠲᠥᠪ ᠤᠨ | ᠡᠳ᠋ ᠤᠨ ᠵᠠᠰᠠᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ | ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠥᠬᠦᠪᠦᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠶᠠᠮᠠᠷᠪᠠ ᠬᠡᠯᠪᠡᠷᠢ ᠪᠠᠷ ᠰᠢᠬᠠᠨ | ᠡᠵᠡᠯᠡᠵᠦ ᠨᠡᠭᠦᠯᠭᠡᠨ ᠬᠡᠷᠡᠭᠯᠡᠬᠦ ᠪᠠ ᠦᠯᠡᠳᠡᠭᠡᠨ ᠠᠪᠴᠤ ᠪᠣᠯᠬᠤ ᠦᠭᠡᠢ᠃ ᠨᠥᠬᠦᠪᠦᠷᠢ ᠪᠡᠯᠡ ᠮᠥᠩᠭᠦ ᠶᠢ ︽ᠨᠢᠭᠡ | ᠺᠠᠷᠲ ᠢᠶᠠᠷ ᠨᠡᠶᠢᠳᠡᠮ ᠳᠤ ᠨᠢ ᠭᠦᠢᠴᠡᠳᠬᠡᠬᠦ︾ ᠬᠡᠯᠪᠡᠷᠢ ᠪᠠᠷ ᠨᠥᠬᠦᠪᠦᠷᠢᠯᠡᠬᠦ ᠡᠲᠡᠭᠡᠳ ᠲᠤ ᠰᠢᠭᠤᠳ ᠣᠯᠭᠤᠨ | ᠥᠭᠴᠦ᠂ ᠵᠠᠰᠠᠭ ᠤᠨ ᠣᠷᠳᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠢᠨᠵᠧᠨᠧᠷᠢᠩ ᠳᠤ᠂ | ᠲᠠᠷᠢᠶᠠᠴᠢᠨ ᠡᠷᠦᠬᠡ ᠶᠢᠨ ᠵᠥᠪᠰᠢᠶᠡᠷᠡᠯ ᠢ ᠣᠯᠬᠤ ᠶᠢᠨ ᠬᠠᠮᠲᠤ ᠬᠡᠯᠡᠯᠴᠡᠭᠡᠷ ᠲᠣᠭᠲᠠᠭᠰᠠᠨ ᠰᠠᠭᠤᠷᠢᠨ ᠳᠡᠭᠡᠷ᠎ᠡ᠂ | ᠨᠥᠬᠦᠪᠦᠷᠢ ᠪᠡᠯᠡ ᠮᠥᠩᠭᠦ ᠶᠢ ᠪᠠᠷᠢᠯᠭ᠎ᠠ ᠪᠠᠷᠢᠭᠰᠠᠨ ᠨᠢᠭᠡᠴᠢ ᠳᠤ ᠰᠢᠭᠤᠳ ᠣᠯᠭᠤᠨ ᠥᠭᠬᠦ ᠬᠡᠷᠡᠭᠲᠡᠢ᠃ ᠡᠯ᠎ᠡ | ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ | ᠬᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠥᠩᠭᠡᠷᠡᠭᠰᠡᠨ ᠵᠢᠯ ᠤᠳ ᠤᠨ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢᠨ ᠬᠥᠳᠡᠯᠭᠡᠬᠦ ᠦᠭᠡᠢ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ | ᠢᠯᠭᠠᠷᠠᠭᠤᠯᠤᠨ ᠴᠡᠪᠡᠷᠯᠡᠵᠦ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠡᠯᠡ ᠮᠥᠩᠭᠦ ᠶᠢᠨ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠴᠠᠭ ᠲᠤᠬᠠᠢ ᠳᠤ ᠨᠢ ᠢᠯᠭᠠᠷᠠᠭᠤᠯᠤᠨ ᠴᠡᠪᠡᠷᠯᠡᠵᠦ ᠥᠪᠡᠷᠲᠡᠭᠡᠨ | ᠵᠠᠰᠠᠬᠤ ᠣᠷᠣᠨ ᠳᠤ ᠪᠤᠴᠠᠭᠠᠬᠤ ᠬᠡᠷᠡᠭᠲᠡᠢ᠃ | 3. ᠭᠡᠷ ᠪᠠᠶᠢᠰᠢᠩ ᠪᠠᠷᠢᠬᠤ ᠲᠠᠯᠠᠪᠠᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠬᠠᠮᠤᠭ ᠤᠨ ᠳᠣᠣᠷ᠎ᠠ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ | ᠬᠦᠷᠭᠡᠵᠦ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ | ᠲᠠᠯᠠᠪᠠᠢ ᠨᠢ ᠲᠣᠬᠢᠷᠠᠮᠵᠢᠲᠠᠢ᠂ ᠭᠡᠷ ᠪᠠᠶᠢᠰᠢᠩ ᠤᠨ ᠪᠦᠲᠦᠴᠡ ᠨᠢ ᠠᠮᠤᠷ ᠲᠦᠪᠰᠢᠨ᠂ ᠬᠥᠮᠥᠨ ᠮᠠᠯ ᠢ ᠰᠠᠯᠭᠠᠬᠤ ᠶᠢ | ᠪᠡᠶᠡᠯᠡᠭᠦᠯᠵᠦ᠂ ᠨᠥᠬᠦᠴᠡᠯ ᠲᠠᠢ ᠨᠢ ᠡᠷᠡᠭᠦᠯ ᠬᠠᠮᠠᠭᠠᠯᠠᠯ ᠤᠨ ᠵᠣᠷᠯᠣᠩ ᠪᠠᠶᠢᠬᠤ ᠬᠡᠷᠡᠭᠲᠡᠢ᠃ ᠥᠭᠡᠷᠡᠴᠢᠯᠡᠨ | ᠰᠢᠨᠡᠳᠬᠡᠭᠰᠡᠨ ᠤ ᠳᠠᠷᠠᠭᠠᠬᠢ ᠭᠡᠷ ᠪᠠᠶᠢᠰᠢᠩ ᠤᠨ ᠲᠠᠯᠠᠪᠠᠢ ᠶᠢ ᠵᠠᠷᠴᠢᠮ ᠳᠡᠭᠡᠷ᠎ᠡ ᠪᠠᠨ 1 ᠠᠴᠠ 3 ᠬᠥᠮᠥᠨ ᠤ | ᠡᠷᠦᠬᠡ ᠶᠢ 40 — 60 ᠺᠦᠸᠠᠳ᠋ ᠮᠧᠲᠷ ᠤᠨ ᠳᠣᠲᠣᠷ᠎ᠠ ᠬᠢᠵᠠᠭᠠᠷᠯᠠᠬᠤ ᠮᠥᠷᠲᠡᠭᠡᠨ 1 ᠬᠥᠮᠥᠨ ᠤ ᠡᠷᠦᠬᠡ ᠶᠢ 20 | ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠂ 2 ᠬᠥᠮᠥᠨ ᠤ ᠡᠷᠦᠬᠡ ᠶᠢ 30 ᠺᠦᠸᠠᠳ᠋ ᠮᠧᠲᠷ ᠠᠴᠠ | ᠳᠣᠣᠷ᠎ᠠ ᠪᠠᠶᠢᠯᠭᠠᠬᠤ ᠦᠭᠡᠢ᠂ 3 ᠬᠥᠮᠥᠨ ᠤ ᠡᠷᠦᠬᠡ ᠶᠢ 40 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ︔ | 3 ᠬᠥᠮᠥᠨ ᠠᠴᠠ ᠳᠡᠭᠡᠭᠰᠢ ᠡᠷᠦᠬᠡ ᠶᠢᠨ ᠬᠥᠮᠥᠨ ᠪᠦᠷᠢ ᠳᠤ ᠲᠡᠭᠰᠢᠳᠬᠡᠭᠰᠡᠨ ᠪᠠᠷᠢᠯᠭ᠎ᠠ ᠶᠢᠨ ᠲᠠᠯᠠᠪᠠᠢ ᠶᠢ 18 | ᠺᠦᠸᠠᠳ᠋ ᠮᠧᠲᠷ ᠠᠴᠠ ᠬᠡᠲᠦᠷᠡᠭᠦᠯᠬᠦ ᠦᠭᠡᠢ᠂ 13 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠃ ᠭᠤᠣᠯ | ᠪᠠᠶᠢᠰᠢᠩ ᠲᠠᠢ ᠪᠠᠨ ᠬᠤᠯᠪᠣᠯᠳᠤᠭᠤᠯᠤᠨ ᠪᠠᠷᠢᠭᠰᠠᠨ ᠲᠣᠭᠤᠭᠠᠨ ᠭᠡᠷ᠂ ᠡᠷᠡᠭᠦᠯ ᠬᠠᠮᠠᠭᠠᠯᠠᠯ ᠤᠨ ᠲᠠᠰᠤᠭ ᠵᠢᠴᠢ | ᠬᠥᠮᠥᠷᠭᠡ ᠵᠡᠷᠭᠡ ᠬᠡᠷᠡᠭᠯᠡᠭᠡᠨ ᠳᠤ ᠬᠠᠪᠰᠤᠷᠤᠨ ᠬᠡᠷᠡᠭᠯᠡᠬᠦ ᠭᠡᠷ ᠪᠠᠶᠢᠰᠢᠩ ᠢ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠪᠠᠷ ᠪᠠᠷᠢᠭᠰᠠᠨ ᠭᠡᠷ ᠪᠠᠶᠢᠰᠢᠩ ᠤᠨ ᠲᠠᠯᠠᠪᠠᠢ ᠳᠤ ᠪᠣᠳᠣᠨ ᠣᠷᠣᠭᠤᠯᠬᠤ ᠦᠭᠡᠢ᠃ | 4. ᠳᠣᠣᠷ᠎ᠠ ᠥᠪᠡᠷ ᠤᠨ ᠥᠷᠲᠡᠭ ᠲᠠᠢ ᠪᠠᠷ ᠥᠭᠡᠷᠡᠴᠢᠯᠡᠨ ᠰᠢᠨᠡᠳᠬᠡᠬᠦ᠃ ᠪᠠᠬᠢᠵᠢᠭᠦᠯᠦᠨ ᠥᠭᠡᠷᠡᠴᠢᠯᠡᠬᠦ | ᠪᠣᠯ ᠮᠠᠯᠴᠢᠨ ᠲᠠᠷᠢᠶᠠᠴᠢᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠳᠣᠣᠷ᠎ᠠ ᠥᠪᠡᠷ ᠤᠨ | ᠥᠷᠲᠡᠭ ᠲᠠᠢ ᠪᠠᠷ ᠰᠢᠢᠳᠪᠦᠷᠢᠯᠡᠬᠦ ᠲᠤᠶᠢᠯ ᠤᠨ ᠪᠦᠲᠦᠮᠵᠢᠲᠡᠢ ᠠᠷᠭ᠎ᠠ ᠠᠪᠴᠠᠯ ᠤᠨ ᠨᠢᠭᠡ ᠪᠠᠶᠢᠵᠤ᠂ ᠭᠡᠷ ᠪᠠᠶᠢᠰᠢᠩ | ᠪᠠᠷᠢᠭᠰᠠᠨ ᠠᠴᠠ ᠪᠣᠯᠵᠤ ᠶᠠᠳᠠᠭᠤᠷᠠᠬᠤ ᠪᠤᠶᠤ ᠳᠠᠬᠢᠨ ᠶᠠᠳᠠᠭᠤ ᠬᠦᠴᠢᠷᠳᠡᠯ ᠲᠠᠢ ᠪᠠᠶᠢᠳᠠᠯ ᠳᠤ ᠣᠷᠣᠬᠤ ᠠᠴᠠ | ᠪᠦᠲᠦᠮᠵᠢᠲᠡᠢ ᠪᠠᠷ ᠵᠠᠶᠢᠯᠠᠰᠬᠢᠵᠦ ᠪᠣᠯᠣᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠡᠷᠦᠬᠡ ᠶᠢᠨ ᠪᠠᠬᠢᠵᠢᠭᠦᠯᠦᠨ | ᠥᠭᠡᠷᠡᠴᠢᠯᠡᠬᠦ ᠠᠷᠭ᠎ᠠ ᠬᠡᠯᠪᠡᠷᠢ ᠶᠢ ᠤᠷᠢᠳ ᠢᠶᠠᠷ ᠰᠣᠩᠭᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠨ ᠥᠭᠡᠷᠡᠴᠢᠯᠡᠨ | ᠰᠢᠨᠡᠳᠬᠡᠬᠦ ᠶᠢ ᠬᠥᠲᠥᠯᠥᠨ ᠵᠢᠯᠣᠭᠤᠳᠬᠤ ᠬᠡᠷᠡᠭᠲᠡᠢ᠃ ᠵᠠᠷᠴᠢᠮ ᠳᠡᠭᠡᠷ᠎ᠡ ᠪᠠᠨ C ᠳᠡᠰ ᠤᠨ ᠨᠤᠷᠠᠬᠤ ᠠᠶᠤᠯᠲᠠᠢ ᠭᠡᠷ | ᠪᠠᠶᠢᠰᠢᠩ ᠢ ᠡᠷᠬᠡᠪᠰᠢ ᠪᠠᠬᠢᠵᠢᠭᠦᠯᠦᠨ ᠥᠭᠡᠷᠡᠴᠢᠯᠡᠵᠦ᠂ ᠨᠥᠬᠦᠴᠡᠯ ᠲᠠᠢ D ᠳᠡᠰ ᠤᠨ ᠨᠤᠷᠠᠬᠤ ᠠᠶᠤᠯᠲᠠᠢ ᠭᠡᠷ | ᠪᠠᠶᠢᠰᠢᠩ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠰᠢᠯᠭᠠᠨ | ᠪᠠᠶᠢᠴᠠᠭᠠᠯᠲᠠ ᠬᠢᠬᠦ ᠪᠠᠷ ᠳᠠᠮᠵᠢᠨ D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠷ ᠲᠣᠭᠲᠠᠭᠠᠭᠰᠠᠨ ᠭᠡᠷ | ᠪᠠᠶᠢᠰᠢᠩ ᠳᠤ᠂ ᠬᠡᠷᠪᠡ ᠲᠠᠷᠢᠶᠠᠴᠢᠨ ᠡᠷᠦᠬᠡ ᠠᠴᠠ ᠥᠪᠡᠷ ᠢᠶᠠᠨ ᠪᠠᠬᠢᠵᠢᠭᠦᠯᠦᠨ ᠥᠭᠡᠷᠡᠴᠢᠯᠡᠬᠦ ᠬᠦᠰᠡᠯ ᠲᠠᠢ ᠪᠣᠯ᠂ | ᠪᠠᠬᠢᠵᠢᠭᠦᠯᠦᠨ ᠥᠭᠡᠷᠡᠴᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠂ ᠲᠠᠷᠢᠶᠠᠴᠢᠨ ᠡᠷᠦᠬᠡ ᠶᠢᠨ ᠵᠥᠪᠰᠢᠶᠡᠷᠡᠯ ᠢ | ᠣᠯᠬᠤ ᠶᠢᠨ ᠬᠠᠮᠲᠤ ᠬᠡᠯᠡᠯᠴᠡᠭᠡᠷ ᠲᠣᠭᠲᠠᠬᠤ ᠬᠡᠷᠡᠭᠲᠡᠢ᠃ ᠡᠯ᠎ᠡ ᠭᠠᠵᠠᠷ ᠤᠨ ᠬᠢᠨ ︽ᠬᠥᠳᠡᠭᠡ ᠲᠣᠰᠬᠤᠨ ᠤ ᠭᠡᠷ | ᠪᠠᠶᠢᠰᠢᠩ ᠢ ᠪᠠᠬᠢᠵᠢᠭᠦᠯᠦᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠳᠦᠷᠢᠮ︾ ᠢᠶᠠᠷ ᠯᠠᠪᠯᠠᠯᠲᠠ ᠪᠣᠯᠭᠠᠨ᠂ | ᠥᠪᠡᠷ ᠤᠨ ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠪᠠᠬᠢᠵᠢᠭᠦᠯᠬᠦ ᠪᠠᠷᠢᠮᠵᠢᠶ᠎ᠠ ᠶᠢ ᠲᠣᠭᠲᠠᠭᠠᠵᠤ᠂ ᠰᠢᠭᠤᠳ ᠠᠶᠤᠯ | ᠲᠦᠭᠰᠢᠭᠦᠷᠢ ᠶᠢ ᠠᠷᠢᠯᠭᠠᠨ᠂ ᠭᠡᠷ ᠪᠠᠶᠢᠰᠢᠩ ᠤᠨ ᠪᠦᠬᠦᠯᠢ ᠴᠣᠭᠴᠠ ᠶᠢᠨ ᠬᠦᠴᠦᠯᠡᠴᠡ ᠶᠢ ᠵᠡᠷᠭᠡ ᠳᠤ ᠨᠢ | ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ |