ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠶᠢᠰᠦ︶
ᠨᠡᠶᠢᠲᠡᠯᠡᠭᠰᠡᠨ ᠴᠠᠭ᠄
2019/6/3
      ᠶᠠᠳᠠᠭᠤ ᠶᠢ ᠲᠡᠳᠬᠦᠬᠦ ᠡᠲᠡᠭᠡᠳ ᠢ ᠪᠤᠴᠠᠭᠠᠨ ᠭᠠᠷᠭᠠᠬᠤ      ᠨᠢᠭᠡ᠂ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ      ︵1︶ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ      ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠳᠤ ᠡᠷᠦᠬᠡ ᠪᠠᠷ ᠨᠢᠭᠡᠴᠢ ᠪᠣᠯᠭᠠᠵᠤ᠂ ᠡᠷᠬᠡᠪᠰᠢ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠲᠤᠬᠠᠶᠢᠯᠠᠪᠠᠯ ᠢᠳᠡᠬᠦ᠂ ᠡᠮᠦᠰᠬᠦ ᠳᠤ ᠵᠣᠪᠠᠭ᠋ᠤ ᠦᠭᠡᠢ︔ ᠠᠯᠪᠠᠨ ᠵᠢᠷᠤᠮ ᠤᠨ ᠰᠤᠷᠭᠠᠨ ᠬᠥᠮᠥᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ ᠨᠢ ᠪᠠᠲᠤᠯᠠᠭ᠎ᠠ ᠲᠠᠢ ᠮᠥᠷᠲᠡᠭᠡᠨ ᠭᠡᠷ ᠪᠦᠯᠢ ᠶᠢᠨ ᠬᠢᠨᠢ ᠵᠢᠯ ᠤᠨ ᠬᠥᠮᠥᠨ ᠳᠤᠮᠳᠠᠴᠢ ᠴᠡᠪᠡᠷ ᠣᠷᠣᠯᠭ᠎ᠠ  ᠨᠢ 3200 ᠲᠥᠭᠦᠷᠢᠭ / ᠵᠢᠯ · ᠬᠥᠮᠥᠨ ᠳᠤ ᠲᠣᠭᠲᠠᠭᠤᠨ ᠢᠶᠠᠷ ᠬᠦᠷᠬᠦ ᠬᠡᠷᠡᠭᠲᠡᠢ᠃      ︵2︶ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ      a. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠵᠢᠴᠢ ᠬᠠᠪᠰᠤᠷᠤᠨ ᠲᠡᠳᠬᠦᠬᠦ ᠬᠠᠷᠢᠭᠤᠴᠠᠯᠭᠠᠲᠠᠳ ᠠᠴᠠ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠨ ᠪᠤᠴᠠᠭᠠᠨ ᠭᠠᠷᠭᠠᠬᠤ ᠠᠩᠬᠠᠨ ᠤ ᠰᠣᠩᠭᠤᠭᠤᠯᠢ ᠶᠢᠨ ᠨᠡᠷᠡᠰ ᠢ ᠳᠤᠷᠠᠳᠤᠨ ᠭᠠᠷᠭᠠᠨ᠎ᠠ᠃      b. ᠰᠢᠶᠠᠩ ᠪᠠᠯᠭᠠᠰᠤ ᠠᠴᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠵᠢᠴᠢ ᠬᠠᠪᠰᠤᠷᠤᠨ ᠲᠡᠳᠬᠦᠬᠦ ᠬᠠᠷᠢᠭᠤᠴᠠᠯᠭᠠᠲᠠᠳ ᠢ ᠵᠣᠬᠢᠶᠠᠨ ᠪᠠᠶᠢᠭᠤᠯᠵᠤ ᠪᠠᠶᠢᠭᠠᠳ ᠡᠷᠦᠬᠡ ᠳᠤ ᠣᠷᠣᠭᠤᠯᠤᠨ ᠬᠠᠷᠭᠤᠭᠤᠯᠤᠨ ᠨᠤᠲᠠᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠤᠨ᠎ᠠ᠃ ᠬᠠᠷᠭᠤᠭᠤᠯᠤᠨ ᠨᠤᠲᠠᠯᠠᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠨᠥᠬᠦᠴᠡᠯ ᠳᠤ ᠨᠡᠶᠢᠴᠡᠭᠰᠡᠨ ᠪᠣᠯ᠂ ᠶᠠᠳᠠᠭᠤ ᠬᠦᠴᠢᠷᠳᠡᠯᠲᠡᠢ ᠡᠷᠦᠬᠡ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠬᠠᠮᠲᠤ ᠪᠠᠷ ᠭᠠᠷ ᠤᠨ ᠦᠰᠦᠭ ᠵᠢᠷᠤᠵᠤ ᠨᠤᠲᠠᠯᠠᠨ᠎ᠠ᠃      c. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠡᠷᠦᠬᠡ ᠳᠤ ᠣᠷᠣᠵᠤ ᠬᠠᠷᠭᠤᠭᠤᠯᠤᠨ ᠨᠤᠲᠠᠯᠠᠭᠰᠠᠨ ᠦᠷ᠎ᠡ ᠳ᠋ᠦᠩ ᠢ ᠦᠨᠳᠦᠰᠦᠯᠡᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠲᠤᠬᠠᠢ ᠠᠷᠠᠳᠴᠢᠯᠠᠯ ᠢᠶᠠᠷ ᠵᠥᠪᠯᠡᠨ ᠲᠣᠭᠲᠠᠭᠠᠨ᠎ᠠ᠃      d. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠠᠷᠠᠳᠴᠢᠯᠠᠯ ᠢᠶᠠᠷ ᠵᠥᠪᠯᠡᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠨᠡᠶᠢᠲᠡ ᠳᠤ ᠵᠠᠷᠯᠠᠬᠤ ᠶᠢᠨ ᠬᠠᠮᠲᠤ ᠳᠡᠭᠡᠭᠰᠢ ᠰᠢᠶᠠᠩ ᠪᠠᠯᠭᠠᠰᠤ ᠳᠤ ᠮᠡᠳᠡᠭᠦᠯᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠬᠤ ᠬᠡᠷᠡᠭᠲᠡᠢ᠃      e. ᠰᠢᠶᠠᠩ ᠪᠠᠯᠭᠠᠰᠤ ᠠᠴᠠ ᠲᠤᠰᠬᠤᠨ ᠤ ᠳᠡᠭᠡᠭᠰᠢ ᠮᠡᠳᠡᠭᠦᠯᠦᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠨᠡᠶᠢᠲᠡ ᠳᠤ ᠵᠠᠷᠯᠠᠨ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠭᠤᠣᠯ ᠤᠳᠤᠷᠢᠳᠤᠯᠭ᠎ᠠ ᠠᠴᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ ᠨᠤᠲᠠᠯᠠᠭᠰᠠᠨ ᠤ ᠳᠠᠷᠠᠭ᠎ᠠ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠎ᠡ᠃      f. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠮᠡᠳᠡᠭᠡ ᠵᠠᠩᠭᠢ ᠳᠤ ᠰᠤᠭᠤᠴᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠲᠣᠰᠬᠤᠨ ᠤ ᠢᠯᠡ ᠪᠠᠶᠢᠷᠢᠨ ᠳᠤ ᠨᠡᠶᠢᠲᠡ ᠳᠤ ᠵᠠᠷᠯᠠᠨ᠎ᠠ᠃      g. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠶᠠᠩ ᠪᠠᠯᠭᠠᠰᠤ ᠶᠢᠨ ᠶᠠᠳᠠᠭᠤ ᠶᠢ ᠲᠡᠳᠬᠦᠬᠦ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠶᠠᠳᠠᠭᠤ ᠠᠴᠠ ᠠᠩᠭᠢᠵᠢᠷᠠᠭᠰᠠᠨ ᠬᠥᠮᠥᠰ ᠳᠤ ᠲᠣᠳᠣᠷᠬᠠᠶᠢᠯᠠᠯᠲᠠ ᠬᠢᠨ᠎ᠡ᠃      ︵3︶ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠱᠠᠭᠠᠷᠳᠠᠯᠭ᠎ᠠ      2018 ᠣᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠳᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠤᠤᠭᠤᠬᠤ ᠤᠰᠤᠨ ᠤ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠥᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ᠂ ᠭᠡᠷ ᠪᠦᠯᠢ ᠶᠢᠨ ᠵᠢᠯ ᠤᠨ ᠬᠥᠮᠥᠨ ᠳᠤᠮᠳᠠᠴᠢ ᠴᠡᠪᠡᠷ ᠣᠷᠣᠯᠭ᠎ᠠ ᠭᠡᠬᠦ 5 ᠵᠦᠢᠯ ᠤᠨ ᠦᠭᠡᠶᠢᠰᠬᠡᠬᠦ ᠪᠠᠷᠢᠮᠵᠢᠶ᠎ᠠ ᠶᠢ ᠨᠢᠭᠡᠳᠦᠯᠲᠡᠢ ᠪᠠᠷ ᠰᠢᠯᠭᠠᠨ ᠬᠤᠷᠢᠶᠠᠵᠤ ᠠᠪᠬᠤ ᠬᠡᠷᠡᠭᠲᠡᠢ᠃ ᠬᠡᠷᠪᠡ ᠨᠢᠭᠡ ᠵᠦᠢᠯ ᠨᠢ ᠪᠠᠷᠢᠮᠵᠢᠶ᠎ᠠ ᠳᠤ ᠬᠦᠷᠦᠭᠰᠡᠨ ᠦᠭᠡᠢ ᠪᠣᠯ ᠶᠠᠳᠠᠭᠤ ᠠᠴᠠ ᠠᠩᠭᠢᠵᠢᠷᠠᠭᠰᠠᠨ ᠨᠡᠷᠡᠰ ᠲᠤ ᠣᠷᠣᠭᠤᠯᠵᠤ ᠪᠣᠯᠬᠤ ᠦᠭᠡᠢ᠃      ᠬᠤᠶᠠᠷ᠂ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ      ︵1︶ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠪᠠᠷᠢᠮᠵᠢᠶ᠎ᠠ      ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠳᠤ ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ 3% ᠠᠴᠠ ᠳᠣᠣᠷ᠎ᠠ ᠪᠠᠶᠢᠬᠤ ᠪᠠᠷ ᠪᠠᠷᠢᠮᠵᠢᠶᠠᠯᠠᠬᠤ ᠭᠤᠣᠯ ᠪᠠᠷᠢᠮᠵᠢᠶ᠎ᠠ ᠪᠣᠯᠭᠠᠵᠤ᠂ ᠲᠣᠰᠬᠤᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ ᠪᠠ ᠨᠡᠶᠢᠲᠡ ᠶᠢᠨ ᠠᠵᠤ ᠠᠬᠤᠢ ᠶᠢᠨ ᠣᠷᠣᠯᠭ᠎ᠠ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠬᠡᠷᠡᠭᠲᠡᠢ᠃      ︵2︶ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ      a. ᠶᠠᠳᠠᠭᠤ ᠬᠦᠴᠢᠷᠳᠡᠯᠲᠡᠢ ᠲᠣᠰᠬᠤᠨ ᠠᠴᠠ ᠪᠠᠶᠢᠭ᠎ᠠ ᠰᠢᠶᠠᠩ ᠪᠠᠯᠭᠠᠰᠤ ᠳᠤ ᠪᠠᠨ ᠪᠤᠴᠠᠨ ᠭᠠᠷᠬᠤ ᠭᠤᠶᠤᠴᠢᠯᠠᠯ ᠳᠤᠷᠠᠳᠤᠨ᠎ᠠ᠃      b. ᠰᠢᠶᠠᠩ ᠪᠠᠯᠭᠠᠰᠤ ᠠᠴᠠ ᠲᠣᠰᠬᠤᠨ ᠤ ᠪᠤᠴᠠᠨ ᠭᠠᠷᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠠᠩᠬᠠᠨ ᠤ ᠬᠢᠨᠠᠯᠲᠠ ᠬᠢᠬᠦ ᠶᠢᠨ ᠬᠠᠮᠲᠤ᠂ ᠰᠢᠶᠠᠩ ᠪᠠᠯᠭᠠᠰᠤ ᠶᠢᠨ ᠪᠠᠶᠢᠭ᠎ᠠ ᠭᠠᠵᠠᠷ ᠲᠤ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠳᠡᠭᠡᠭᠰᠢ ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃      c. ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠤᠴᠠᠭᠠᠨ ᠭᠠᠷᠭᠠᠬᠤ ᠭᠡᠵᠦ ᠪᠠᠶᠢᠭ᠎ᠠ ᠶᠠᠳᠠᠭᠤ ᠬᠦᠴᠢᠷᠳᠡᠯᠲᠡᠢ ᠲᠣᠰᠬᠤᠨ ᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠵᠦᠢᠯ ᠳᠠᠷᠠᠭᠠᠯᠠᠨ ᠰᠢᠯᠭᠠᠨ ᠬᠤᠷᠢᠶᠠᠵᠤ ᠠᠪᠬᠤ ᠶᠢᠨ ᠬᠠᠮᠲᠤ᠂ ᠰᠢᠯᠭᠠᠨ ᠬᠤᠷᠢᠶᠠᠵᠤ ᠠᠪᠤᠭᠰᠠᠨ ᠦᠷ᠎ᠡ ᠳ᠋ᠦᠩ ᠢ ᠳᠡᠭᠡᠭᠰᠢ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃      d. ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠪᠤᠴᠠᠭᠠᠨ ᠭᠠᠷᠭᠠᠵᠤ ᠭᠡᠵᠦ ᠪᠠᠶᠢᠭ᠎ᠠ ᠲᠣᠰᠬᠤᠨ ᠢ ᠰᠤᠭᠤᠴᠢᠨ ᠪᠠᠶᠢᠴᠠᠭᠠᠬᠤ ᠶᠢᠨ ᠬᠠᠮᠲᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠤᠰᠢᠭᠤ ᠰᠢᠶᠠᠨ ᠳᠤ ᠬᠠᠷᠢᠭᠤ ᠲᠤᠰᠬᠠᠨ᠎ᠠ᠃      e. ᠬᠤᠰᠢᠭᠤ ᠰᠢᠶᠠᠨ ᠠᠴᠠ ᠰᠢᠯᠭᠠᠨ ᠬᠤᠷᠢᠶᠠᠵᠤ ᠠᠪᠤᠭᠰᠠᠨ ᠪᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠲᠣᠰᠬᠤᠨ ᠢ ᠵᠠᠷᠯᠠᠨ ᠨᠡᠶᠢᠲᠡᠯᠡᠵᠦ ᠪᠤᠴᠠᠭᠠᠨ ᠭᠠᠷᠭᠠᠬᠤ ᠶᠢᠨ ᠬᠠᠮᠲᠤ᠂ ᠱᠠᠲᠤ ᠳᠠᠷᠠᠭᠠᠯᠠᠨ ᠮᠡᠳᠡᠭᠦᠯᠦᠨ ᠬᠦᠷᠭᠡᠵᠦ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠤᠨ᠎ᠠ᠃      f. ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠪᠤᠴᠠᠨ ᠭᠠᠷᠤᠭᠰᠠᠨ ᠲᠤᠰᠬᠤᠨ ᠳᠤ ᠲᠣᠳᠣᠷᠬᠠᠶᠢᠯᠠᠯᠲᠠ ᠬᠢᠨ᠎ᠡ᠃      ᠭᠤᠷᠪᠠ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ      ︵1︶ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠪᠠᠷᠢᠮᠵᠢᠶ᠎ᠠ      ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠳᠤ ᠶᠡᠷᠦᠩᠬᠡᠶᠢᠯᠡᠭᠰᠡᠨ ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ 3% ᠠᠴᠠ ᠳᠣᠣᠷ᠎ᠠ ᠪᠠᠶᠢᠬᠤ ᠪᠠᠷ ᠪᠠᠷᠢᠮᠵᠢᠶᠠᠯᠠᠬᠤ ᠭᠤᠣᠯ ᠪᠠᠷᠢᠮᠵᠢᠶ᠎ᠠ ᠪᠣᠯᠭᠠᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠪᠤᠴᠠᠭᠠᠨ ᠭᠠᠷᠭᠠᠭᠰᠠᠨ ᠠᠯᠳᠠᠭᠳᠠᠯ ᠤᠨ ᠨᠣᠷᠮ᠎ᠠ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠭᠤᠭᠤᠵᠢᠭᠤᠯᠤᠨ ᠦᠨᠡᠯᠡᠭᠰᠡᠨ ᠨᠣᠷᠮ᠎ᠠ᠂ ᠠᠷᠠᠳ ᠲᠦᠮᠡᠨ ᠤ ᠨᠤᠲᠠᠯᠠᠯᠲᠠ ᠬᠢᠭᠰᠡᠨ ᠬᠡᠮᠵᠢᠶ᠎ᠡ ᠪᠠᠷ ᠯᠠᠪᠯᠠᠯᠲᠠ ᠶᠢᠨ ᠭᠦᠢᠴᠡᠳᠬᠡᠯ ᠲᠤᠭ᠎ᠠ ᠪᠣᠯᠭᠠᠵᠤ᠂ ᠲᠠᠷᠢᠶᠠᠴᠢᠨ ᠤ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ᠂ ᠶᠠᠳᠠᠭᠤ ᠬᠦᠴᠢᠷᠳᠡᠯᠲᠡᠢ ᠰᠢᠶᠠᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠬᠦᠷᠢᠶ᠎ᠡ ᠴᠠᠷᠠᠭ᠎ᠠ ᠭᠡᠬᠦ ᠭᠤᠣᠯ ᠪᠤᠯᠠᠬᠤ ᠬᠦᠷᠢᠶ᠎ᠡ ᠴᠠᠷᠠᠭᠠᠨ ᠤ ᠭᠦᠢᠴᠡᠳᠬᠡᠯ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠵᠢᠴᠢ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠨ ᠰᠢᠪᠲᠤᠯᠤᠯᠲᠠ ᠬᠢᠭᠰᠡᠨ ᠪᠠᠶᠢᠷᠢᠯᠠᠭᠤᠯᠤᠯᠲᠠ᠂ ᠬᠤᠶᠢᠨᠠᠬᠢ ᠦᠷᠭᠦᠯᠵᠢᠯᠡᠭᠰᠡᠨ ᠪᠠᠲᠤᠳᠬᠠᠨ ᠳᠡᠭᠡᠭᠰᠢᠯᠡᠭᠦᠯᠬᠦ ᠠᠵᠢᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠨ᠎ᠠ᠃      ︵2︶ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ      ① ᠰᠢᠶᠠᠨ ᠠᠴᠠ ᠭᠤᠶᠤᠴᠢᠯᠠᠯ ᠭᠠᠷᠭᠠᠨ᠎ᠠ᠃ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠶᠡᠷᠦᠩᠬᠡᠶᠢᠯᠡᠭᠰᠡᠨ ᠶᠠᠳᠠᠭᠤ ᠬᠦᠴᠢᠷᠳᠡᠯᠲᠡᠢ ᠪᠠᠶᠢᠳᠠᠯ ᠡᠭᠦᠰᠬᠦ ᠨᠣᠷᠮ᠎ᠠ ᠶᠢᠨ ᠳᠣᠷᠣᠭᠰᠢᠯᠠᠭᠰᠠᠨ ᠪᠠᠶᠢᠳᠠᠯ ᠲᠠᠢ ᠬᠠᠷᠢᠴᠠᠭᠤᠯᠤᠯ ᠬᠢᠬᠦ ᠶᠢᠨ ᠬᠠᠮᠲᠤ᠂ ᠲᠠᠷᠢᠶᠠᠴᠢᠨ ᠤ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠵᠢᠴᠢ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠤᠴᠠᠨ ᠭᠠᠷᠬᠤ ᠭᠤᠶᠤᠴᠢᠯᠠᠯ ᠳᠤᠷᠠᠳᠤᠨ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃      ②ᠬᠤᠲᠠ ᠠᠴᠠ ᠠᠩᠬᠠᠨ ᠤ ᠬᠢᠨᠠᠯᠲᠠ ᠬᠢᠨ᠎ᠡ᠃ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠶᠠᠳᠠᠭᠤ ᠬᠦᠴᠢᠷᠳᠡᠯᠲᠡᠢ ᠰᠢᠶᠠᠨ ᠤ ᠪᠤᠴᠠᠨ ᠭᠠᠷᠬᠤ ᠭᠤᠶᠤᠴᠢᠯᠠᠯ ᠢ ᠦᠨᠳᠦᠰᠦᠯᠡᠨ᠂ ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠪᠠᠷᠢᠮᠵᠢᠶ᠎ᠠ ᠲᠠᠢ ᠬᠠᠷᠢᠴᠠᠭᠤᠯᠤᠯ ᠬᠢᠵᠦ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠶᠠᠪᠤᠳᠠᠯ ᠳᠤ ᠠᠩᠬᠠᠨ ᠤ ᠬᠢᠨᠠᠯᠲᠠ ᠬᠢᠵᠦ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃      ③ᠥᠪᠡᠷᠲᠡᠭᠡᠨ ᠵᠠᠰᠠᠬᠤ ᠣᠷᠣᠨ ᠠᠴᠠ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠵᠤ ᠠᠪᠤᠨ᠎ᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠩᠬᠠᠨ ᠤ ᠬᠢᠨᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠵᠤ᠂ ᠪᠤᠴᠠᠭᠠᠨ ᠭᠠᠷᠭᠠᠬᠤ ᠭᠡᠵᠦ ᠪᠠᠶᠢᠭ᠎ᠠ ᠶᠠᠳᠠᠭᠤ ᠬᠦᠴᠢᠷᠳᠡᠯᠲᠡᠢ ᠰᠢᠶᠠᠨ ᠳᠤ ᠲᠤᠰᠬᠠᠢ ᠵᠦᠢᠯ ᠤᠨ ᠦᠨᠡᠯᠡᠯᠲᠡ ᠵᠢᠱᠢᠯᠲᠡ ᠬᠢᠵᠦ ᠰᠢᠯᠭᠠᠨ ᠬᠤᠷᠢᠶᠠᠵᠤ ᠠᠪᠬᠤ ᠠᠵᠢᠯ ᠢ ᠥᠷᠨᠢᠭᠦᠯᠬᠦ ᠶᠢᠨ ᠬᠠᠮᠲᠤ᠂ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠵᠤ ᠠᠪᠤᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠬᠢᠨᠠᠨ ᠲᠣᠭᠲᠠᠭᠠᠨ᠎ᠠ᠃      ④ ᠨᠡᠶᠢᠲᠡ ᠳᠤ ᠵᠠᠷᠯᠠᠵᠤ ᠰᠠᠨᠠᠯ ᠬᠤᠷᠢᠶᠠᠨ᠎ᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠶᠠᠳᠠᠭᠤ ᠬᠦᠴᠢᠷᠳᠡᠯᠲᠡᠢ ᠰᠢᠶᠠᠨ ᠤ ᠪᠤᠴᠠᠭᠠᠨ ᠭᠠᠷᠭᠠᠬᠤ ᠨᠡᠷᠡᠰ ᠢ ᠲᠣᠭᠲᠠᠭᠠᠵᠤ᠂ ᠨᠡᠶᠢᠭᠡᠮ ᠨᠡᠶᠢᠲᠡ ᠳᠤ ᠵᠠᠷᠯᠠᠨ ᠰᠠᠨᠠᠯ ᠬᠤᠷᠢᠶᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠠᠵᠢᠯᠯᠠᠬᠤ ᠡᠳᠦᠷ ᠪᠠᠶᠢᠬᠤ ᠬᠡᠷᠡᠭᠲᠡᠢ᠃      ⑤ ᠵᠥᠪᠰᠢᠶᠡᠷᠡᠵᠦ ᠪᠦᠷᠢᠳᠬᠡᠨ ᠳᠠᠩᠰᠠᠯᠠᠨ᠎ᠠ᠃ ᠵᠠᠷᠯᠠᠯ ᠨᠡᠶᠢᠲᠡᠯᠡᠯ ᠳᠤ ᠣᠨᠳᠣᠣ ᠰᠠᠨᠠᠯ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡ ᠳᠤ ᠵᠠᠷᠯᠠᠨ᠎ᠠ᠃ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠶᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠪᠤᠴᠠᠭᠠᠨ ᠭᠠᠷᠭᠠᠬᠤ ᠶᠢ ᠲᠤᠰᠬᠠᠢ ᠵᠦᠢᠯ ᠢᠶᠠᠷ ᠦᠨᠡᠯᠡᠨ ᠵᠢᠱᠢᠵᠦ ᠰᠤᠭᠤᠴᠢᠨ ᠪᠠᠶᠢᠴᠠᠭᠠᠬᠤ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ᠂ ᠦᠨᠡᠯᠡᠨ ᠵᠢᠱᠢᠵᠦ ᠪᠦᠷᠢᠳᠬᠡᠨ ᠳᠠᠩᠰᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ