ᠶᠠᠳᠠᠭᠤ ᠶᠢ ᠲᠡᠳᠬᠦᠬᠦ ᠡᠲᠡᠭᠡᠳ ᠢ ᠢᠯᠭᠠᠨ ᠲᠠᠨᠢᠬᠤ | | | 1. ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ | ︵1︶ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠪᠠ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠪᠤᠴᠠᠵᠤ ᠶᠠᠳᠠᠭᠤ ᠬᠦᠴᠢᠷᠳᠡᠯᠲᠡᠢ ᠪᠣᠯᠣᠭᠰᠠᠨ ᠢ ᠣᠷᠣᠭᠤᠯᠬᠤ | a. ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠪᠠᠷᠢᠮᠵᠢᠶ᠎ᠠ᠄ ︽ᠬᠤᠶᠠᠷ ᠲᠤ ᠵᠣᠪᠠᠭ᠋ᠤ ᠦᠭᠡᠢ᠂ | ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠪᠠᠷ ᠭᠤᠣᠯ ᠦᠨᠳᠦᠰᠦᠯᠡᠯ ᠪᠣᠯᠭᠠᠵᠤ᠂ ᠭᠡᠷ | ᠪᠦᠯᠢ ᠶᠢᠨ ᠬᠥᠮᠥᠨ ᠳᠤᠮᠳᠠᠴᠢ ᠴᠡᠪᠡᠷ ᠣᠷᠣᠯᠭ᠎ᠠ ᠶᠢ ᠮᠥᠨ ᠬᠦ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ | ᠶᠠᠳᠠᠭᠤ ᠶᠢ ᠲᠡᠳᠬᠦᠬᠦ ᠪᠠᠷᠢᠮᠵᠢᠶ᠎ᠠ ᠪᠣᠯᠬᠤ 2952 ᠲᠥᠭᠦᠷᠢᠭ ᠪᠠᠷ ᠶᠠᠪᠤᠭᠳᠠᠭᠤᠯᠤᠨ᠎ᠠ᠃ | ︵2︶ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠠᠯᠬᠤᠮ ᠳᠠᠷᠠᠭᠠᠯᠠᠯ | a. ᠪᠠᠶᠢᠭᠠᠯᠢᠯᠢᠭ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠠᠴᠠ ᠪᠠᠶᠢᠩᠭᠤ | ᠰᠠᠭᠤᠷᠢᠰᠢᠭ᠎ᠠ ᠭᠠᠵᠠᠷ ᠤᠨ ᠲᠣᠰᠬᠤᠨ ᠤ ︽ᠬᠤᠶᠠᠷ ᠵᠥᠪᠯᠡᠯ︾ ᠳᠤ ᠪᠢᠴᠢᠭ ᠤᠨ ᠭᠤᠶᠤᠴᠢᠯᠠᠯ ᠵᠢᠴᠢ ᠭᠡᠷ | ᠪᠦᠯᠢ ᠶᠢᠨ ᠠᠵᠤ ᠠᠬᠤᠢ ᠶᠢᠨ ᠪᠠᠶᠢᠳᠠᠯ ᠳᠤ ᠬᠠᠷᠭᠤᠭᠤᠯᠤᠯᠲᠠ ᠬᠢᠬᠦ ᠡᠷᠬᠡ ᠣᠯᠭᠤᠭᠰᠠᠨ ᠨᠠᠶᠢᠳᠠᠯᠭ᠎ᠠ ᠶᠢᠨ | ᠪᠢᠴᠢᠭ ᠢᠶᠠᠨ ᠲᠤᠰᠢᠶᠠᠨ᠎ᠠ᠃ | b. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠲᠠᠷᠢᠶᠠᠴᠢᠨ | ᠡᠷᠦᠬᠡ ᠶᠢᠨ ᠣᠷᠣᠰᠢᠨ ᠰᠠᠭᠤᠭ᠎ᠠ ᠪᠠᠶᠢᠭᠠᠯᠢᠯᠢᠭ ᠲᠣᠰᠬᠤᠨ ᠤ ᠲᠠᠷᠢᠶᠠᠴᠢᠨ ᠡᠷᠦᠬᠡ ᠶᠢᠨ ᠲᠥᠯᠥᠭᠡᠯᠡᠭᠴᠢᠳ ︵ | ᠵᠠᠷᠴᠢᠮ ᠳᠡᠭᠡᠷ᠎ᠡ ᠪᠠᠨ ᠡᠷᠦᠬᠡ ᠪᠦᠷᠢ 1 ᠬᠥᠮᠥᠨ︶ ᠢ ᠵᠣᠬᠢᠶᠠᠨ ᠪᠠᠶᠢᠭᠤᠯᠵᠤ ᠪᠠᠶᠢᠭᠠᠳ ᠭᠤᠶᠤᠴᠢᠯᠠᠯ | ᠳᠡᠪᠰᠢᠭᠦᠯᠦᠭᠰᠡᠨ ᠲᠠᠷᠢᠶᠠᠴᠢᠨ ᠡᠷᠦᠬᠡ ᠶᠢ ᠠᠷᠠᠳᠴᠢᠯᠠᠯ ᠢᠶᠠᠷ ᠵᠥᠪᠯᠡᠨ ᠲᠣᠭᠲᠠᠭᠠᠵᠤ᠂ ᠠᠩᠬᠠᠨ ᠤ | ᠰᠣᠩᠭᠤᠭᠤᠯᠢ ᠶᠢᠨ ᠨᠡᠷᠡᠰ ᠢ ᠪᠦᠷᠢᠯᠳᠦᠭᠦᠯᠦᠨ᠎ᠡ᠃ | c. ᠠᠩᠬᠠᠨ ᠤ ᠰᠣᠩᠭᠤᠭᠤᠯᠢ ᠶᠢᠨ ᠨᠡᠷᠡᠰ ᠢ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ | ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ | ᠮᠡᠳᠡᠭᠦᠯᠦᠨ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ | ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠭ᠎ᠠ | ᠪᠠᠷᠢᠮᠲᠠ ᠶᠢᠨ ᠬᠠᠷᠢᠴᠠᠭᠤᠯᠤᠯ ᠬᠢᠵᠦ᠂ ᠬᠠᠷᠢᠴᠠᠭᠤᠯᠤᠯ ᠬᠢᠭᠰᠡᠨ ᠦᠷ᠎ᠡ ᠳ᠋ᠦᠩ ᠢ ᠲᠣᠰᠬᠤᠨ ᠳᠤ ᠬᠦᠷᠲᠡᠯ᠎ᠡ ᠱᠠᠲᠤ | ᠳᠠᠷᠠᠭᠠᠯᠠᠨ ᠬᠠᠷᠢᠭᠤ ᠲᠤᠰᠬᠠᠬᠤ ᠶᠢᠨ ᠬᠠᠮᠲᠤ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠭᠰᠡᠨ ᠠᠭᠤᠯᠭ᠎ᠠ ᠶᠢ | ᠳᠡᠭᠡᠭᠰᠢ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠳᠠᠬᠢᠨᠲᠠ ᠬᠠᠷᠢᠴᠠᠭᠤᠯᠤᠯ ᠬᠢᠵᠦ᠂ | ᠡᠷᠡᠭᠡᠯᠵᠡᠭᠡ ᠲᠠᠢ ᠭᠠᠵᠠᠷ ᠪᠠᠶᠢᠪᠠᠯ ᠴᠠᠭ ᠲᠤᠬᠠᠢ ᠳᠤ ᠨᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ | ᠣᠷᠣᠨ︶ ᠲᠤ ᠬᠠᠷᠢᠭᠤ ᠲᠤᠰᠬᠠᠵᠤ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠠᠴᠠ | ᠰᠢᠶᠠᠩ ᠪᠠᠯᠭᠠᠰᠤ᠂ ᠲᠣᠰᠬᠤᠨ ᠳᠤ ᠬᠦᠷᠲᠡᠯ᠎ᠡ ᠬᠠᠷᠢᠭᠤ ᠲᠤᠰᠬᠠᠨ ᠳᠠᠬᠢᠵᠤ ᠵᠥᠪᠯᠡᠨ ᠲᠣᠭᠲᠠᠭᠠᠨ᠎ᠠ᠃ | d. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ | ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠨ᠂ ᠠᠩᠬᠠᠨ ᠤ | ᠰᠣᠩᠭᠤᠭᠤᠯᠢ ᠶᠢᠨ ᠨᠡᠷᠡᠰ ᠢ ᠦᠨᠡᠯᠡᠨ ᠲᠣᠭᠲᠠᠭᠠᠵᠤ ᠪᠠᠲᠤᠯᠠᠭᠠᠳ᠂ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ | ᠲᠣᠭᠲᠠᠭᠠᠬᠤ ᠶᠢᠨ ᠬᠠᠮᠲᠤ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 | ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠰᠢᠶᠠᠩ ᠪᠠᠯᠭᠠᠰᠤ ᠳᠤ ᠮᠡᠳᠡᠭᠦᠯᠦᠨ᠎ᠡ᠃ | e. ᠰᠢᠶᠠᠩ ᠪᠠᠯᠭᠠᠰᠤ ᠠᠴᠠ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ | ᠵᠠᠩᠭᠢ ᠶᠢ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠢᠯᠭᠠᠨ ᠲᠠᠨᠢᠬᠤ | ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠬᠤᠶᠠᠳᠠᠬᠢ ᠤᠳᠠᠭ᠎ᠠ ᠨᠡᠶᠢᠲᠡ ᠳᠤ | ᠵᠠᠷᠯᠠᠨ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ | ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠎ᠡ᠃ | f. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ | ᠮᠥᠴᠢᠷ ᠠᠴᠠ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠢ ᠡᠷᠦᠭᠡ ᠶᠢᠨ ᠮᠡᠳᠡᠭᠡ ᠵᠠᠩᠭᠢ ᠶᠢ ᠲᠤᠬᠠᠢ ᠶᠢᠨ | ᠭᠠᠵᠠᠷ ᠲᠤ ᠨᠢ ᠰᠤᠭᠤᠴᠢᠨ ᠪᠠᠶᠢᠴᠠᠭᠠᠵᠤ᠂ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ | ᠡᠷᠦᠬᠡ ᠶᠢᠨ ᠮᠡᠳᠡᠭᠡ ᠵᠠᠩᠭᠢ ᠶᠢ ᠲᠣᠰᠬᠤᠨ ᠤ ᠢᠯᠡ ᠪᠠᠶᠢᠷᠢᠨ ᠳᠤ ᠵᠠᠷᠯᠠᠨ ᠨᠡᠶᠢᠲᠡᠯᠡᠨ᠎ᠡ᠃ | g. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠡᠷᠦᠬᠡ ᠳᠤ ᠬᠠᠪᠰᠤᠷᠤᠨ ᠲᠡᠳᠬᠦᠬᠦ | ᠬᠠᠷᠢᠭᠤᠴᠠᠯᠭᠠᠲᠠᠨ ᠢ ᠲᠣᠭᠲᠠᠭᠠᠨ᠎ᠠ᠃ | h. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ | ᠮᠥᠴᠢᠷ ᠠᠴᠠ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠤᠯᠤᠰ ᠤᠨ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ | ᠡᠷᠦᠬᠡ ᠶᠢᠨ ᠮᠡᠳᠡᠭᠡ ᠵᠠᠩᠭᠢ ᠶᠢ ᠣᠷᠣᠭᠤᠯᠤᠨ᠎ᠠ᠃ | ︵3︶ ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠱᠠᠭᠠᠷᠳᠠᠯᠭ᠎ᠠ | ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠳᠤ ︽ᠬᠤᠶᠠᠷ ᠲᠤ ᠵᠣᠪᠠᠭ᠋ᠤ ᠦᠭᠡᠢ᠂ | ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠢᠯᠭᠠᠨ ᠲᠠᠨᠢᠬᠤ ᠪᠠᠷᠢᠮᠵᠢᠶ᠎ᠠ ᠶᠣᠰᠣᠭᠠᠷ᠂ ᠲᠤᠭ᠎ᠠ | ᠪᠠᠷᠢᠮᠲᠠ ᠶᠢᠨ ᠬᠠᠷᠢᠴᠠᠭᠤᠯᠤᠯ ᠬᠢᠬᠦ ᠪᠠ ᠡᠷᠦᠬᠡ ᠳᠤ ᠣᠷᠣᠵᠤ ᠪᠠᠶᠢᠴᠠᠭᠠᠯᠲᠠ ᠬᠢᠵᠦ ᠬᠠᠷᠭᠤᠭᠤᠯᠤᠨ ᠨᠤᠲᠠᠯᠠᠬᠤ | ᠠᠯᠬᠤᠮ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠣᠷᠣᠭᠤᠯᠤᠭᠰᠠᠨ ᠶᠠᠳᠠᠭᠤ ᠬᠦᠴᠢᠷᠳᠡᠯᠲᠡᠢ | ᠡᠷᠦᠬᠡ ᠶᠢᠨ ᠮᠡᠳᠡᠭᠡ ᠵᠠᠩᠭᠢ ᠶᠢ ᠣᠨᠣᠪᠴᠢᠲᠠᠢ ᠡᠵᠡᠮᠳᠡᠵᠦ᠂ ︽ᠣᠷᠣᠭᠤᠯᠪᠠᠰᠤ ᠵᠣᠬᠢᠬᠤ ᠶᠢ ᠨᠢ ᠴᠢᠳᠠᠬᠤ ᠶᠢᠨ | ᠬᠢᠷᠢ ᠪᠠᠷ ᠣᠷᠣᠭᠤᠯᠬᠤ︾ ᠶᠢ ᠪᠠᠲᠤᠯᠠᠨ᠎ᠠ᠃ ᠪᠤᠴᠠᠵᠤ ᠶᠠᠳᠠᠭᠤ ᠬᠦᠴᠢᠷᠳᠡᠯᠲᠡᠢ ᠪᠣᠯᠣᠭᠰᠠᠨ ᠬᠥᠮᠥᠨ ᠠᠮᠠ ᠳᠤ | ᠰᠢᠨ᠎ᠡ ᠪᠠᠷ ᠢᠯᠭᠠᠨ ᠲᠠᠨᠢᠬᠤ ᠠᠯᠬᠤᠮ ᠳᠠᠷᠠᠭᠠᠯᠠᠯ ᠶᠣᠰᠣᠭᠠᠷ ᠶᠠᠪᠤᠭᠳᠠᠭᠤᠯᠤᠨ᠎ᠠ᠃ | 2. ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠵᠤ ᠣᠷᠣᠭᠤᠯᠬᠤ | ︵1︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠪᠠᠷᠢᠮᠵᠢᠶ᠎ᠠ | a. ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ ᠪᠦᠬᠦ ᠣᠷᠣᠨ ᠤ ᠳᠤᠮᠳᠠᠴᠢ ᠬᠢᠷᠢ | ᠲᠦᠪᠰᠢᠨ ᠤ 2 ᠳᠠᠬᠢᠨ ᠠᠴᠠ ᠳᠡᠭᠡᠭᠰᠢ ᠪᠠᠶᠢᠬᠤ ᠬᠡᠷᠡᠭᠲᠡᠢ᠃ | b. ᠶᠠᠳᠠᠭᠤ ᠬᠦᠴᠢᠷᠳᠡᠯᠲᠡᠢ ᠲᠣᠰᠬᠤᠨ ᠤ ᠲᠠᠷᠢᠶᠠᠴᠢᠳ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ | ᠣᠷᠣᠯᠭ᠎ᠠ ᠨᠢ ᠪᠠᠶᠢᠭ᠎ᠠ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠳᠤᠮᠳᠠᠴᠢ ᠬᠢᠷᠢ | ᠲᠦᠪᠰᠢᠨ ᠠᠴᠠ ᠳᠣᠣᠷ᠎ᠠ ᠮᠥᠷᠲᠡᠭᠡᠨ ᠲᠣᠭᠲᠠᠪᠤᠷᠢᠲᠠᠢ ᠣᠷᠣᠯᠭ᠎ᠠ ᠶᠢᠨ ᠢᠷᠡᠯᠲᠡ ᠪᠠᠶᠢᠬᠤ ᠦᠭᠡᠢ ᠶᠠᠳᠠᠭᠤ | ᠬᠦᠴᠢᠷᠳᠡᠯᠲᠡᠢ ᠡᠷᠦᠭᠡ ᠶᠢᠨ ᠲᠤᠭ᠎ᠠ ᠨᠢ 30 ᠡᠷᠦᠬᠡ ᠠᠴᠠ ᠳᠡᠭᠡᠭᠰᠢ ᠪᠠᠶᠢᠬᠤ ᠬᠡᠷᠡᠭᠲᠡᠢ᠃ | c. ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠨᠢ ᠢᠯᠡᠳᠲᠡ ᠬᠤᠴᠣᠷᠤᠩᠭᠤᠢ᠂ | ᠰᠠᠭᠤᠷᠢ ᠪᠡᠯᠡᠳᠬᠡᠮᠵᠢ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠡ ᠦᠭᠡᠢ᠃ | d. ᠲᠣᠰᠬᠤᠨ ᠳᠤ ᠲᠣᠰᠬᠤᠨ ᠤ ᠨᠡᠶᠢᠲᠡ ᠶᠢᠨ ᠠᠵᠤ ᠠᠬᠤᠢ ᠪᠠᠶᠢᠬᠤ ᠦᠭᠡᠢ᠃ | ︵2︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠠᠯᠬᠤᠮ ᠳᠠᠷᠠᠭᠠᠯᠠᠯ | a. ᠲᠣᠰᠬᠤᠨ ᠤ ︽ᠬᠤᠶᠠᠷ ᠵᠥᠪᠯᠡᠯ︾ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠪᠢᠴᠢᠭ ᠤᠨ | ᠬᠡᠯᠪᠡᠷᠢ ᠪᠠᠷ ᠪᠠᠶᠢᠭ᠎ᠠ ᠰᠢᠶᠠᠩ ᠪᠠᠯᠭᠠᠰᠤ ᠳᠤ ᠪᠠᠨ ᠭᠤᠶᠤᠴᠢᠯᠠᠯ ᠳᠡᠪᠰᠢᠭᠦᠯᠦᠨ᠎ᠡ᠃ | b. ᠰᠢᠶᠠᠩ ᠪᠠᠯᠭᠠᠰᠤ ᠠᠴᠠ ᠭᠤᠶᠤᠴᠢᠯᠠᠯ ᠳᠡᠪᠰᠢᠭᠦᠯᠦᠭᠰᠡᠨ ᠲᠣᠰᠬᠤᠨ ᠳᠤ ᠪᠠᠶᠢᠴᠠᠭᠠᠯᠲᠠ ᠬᠢᠬᠦ ᠶᠢ | ᠵᠣᠬᠢᠶᠠᠨ ᠪᠠᠶᠢᠭᠤᠯᠵᠤ᠂ ᠠᠩᠬᠠᠨ ᠤ ᠰᠣᠩᠭᠤᠭᠤᠯᠢ ᠶᠢᠨ ᠨᠡᠷᠡᠰ ᠢ ᠲᠣᠭᠲᠠᠭᠠᠨ᠎ᠠ᠃ | c. ᠰᠢᠶᠠᠩ ᠪᠠᠯᠭᠠᠰᠤ ᠠᠴᠠ ᠪᠠᠶᠢᠭ᠎ᠠ ᠭᠠᠵᠠᠷ ᠤᠨ ᠠᠩᠬᠠᠨ ᠤ ᠰᠣᠩᠭᠤᠭᠤᠯᠢ ᠶᠢᠨ ᠨᠡᠷᠡᠰ ᠢ ᠨᠡᠶᠢᠲᠡ ᠳᠤ | ᠵᠠᠷᠯᠠᠬᠤ ᠶᠢᠨ ᠬᠠᠮᠲᠤ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠨᠡᠶᠢᠲᠡ ᠳᠤ ᠵᠠᠷᠯᠠᠬᠤ | ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠬᠤ ᠬᠡᠷᠡᠭᠲᠡᠢ᠃ | d. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠠᠴᠠ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠲᠣᠰᠬᠤᠨ ᠢ | ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ | ᠭᠤᠣᠯ ᠪᠣᠯᠬᠤ ᠵᠠᠭᠤᠴᠢᠯᠠᠭᠤᠷ ᠳᠡᠭᠡᠷ᠎ᠡ ᠵᠠᠷᠯᠠᠨ ᠨᠡᠶᠢᠲᠡᠯᠡᠬᠦ ᠶᠢᠨ ᠬᠠᠮᠲᠤ᠂ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ | ᠪᠦᠷᠢᠳᠬᠡᠨ ᠳᠠᠩᠰᠠᠯᠠᠭᠤᠯᠤᠨ᠎ᠠ᠃ | e. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ | ᠮᠥᠴᠢᠷ ᠠᠴᠠ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠲᠣᠰᠬᠤᠨ ᠤ ᠮᠡᠳᠡᠭᠡ ᠵᠠᠩᠭᠢ ᠶᠢ | ᠣᠷᠣᠭᠤᠯᠬᠤ ᠶᠢ ᠵᠣᠬᠢᠶᠠᠨ ᠪᠠᠶᠢᠭᠤᠯᠤᠨ᠎ᠠ᠃ | ︵3︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠱᠠᠭᠠᠷᠳᠠᠯᠭ᠎ᠠ | 2018 ᠣᠨ ᠤ ᠶᠠᠳᠠᠭᠤ ᠶᠢ ᠲᠡᠳᠬᠦᠬᠦ ᠡᠲᠡᠭᠡᠳ ᠢ ᠬᠥᠳᠡᠯᠦᠩᠭᠦᠢ ᠪᠠᠷ ᠬᠠᠮᠢᠶᠠᠷᠬᠤ ᠲᠤᠬᠠᠢ ᠤᠯᠤᠰ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠪᠠᠶᠢᠳᠠᠯ | ᠡᠭᠦᠰᠦᠭᠰᠡᠨ ᠨᠣᠷᠮ᠎ᠠ ᠨᠢ ᠥᠨᠳᠥᠷ᠂ ᠶᠠᠳᠠᠭᠤ ᠬᠦᠴᠢᠷᠳᠡᠯᠲᠡᠢ ᠬᠥᠮᠥᠨ ᠠᠮᠠ ᠨᠢ ᠣᠯᠠᠨ ᠲᠣᠰᠬᠤᠨ ᠢ ᠶᠠᠳᠠᠭᠤ | ᠬᠦᠴᠢᠷᠳᠡᠯᠲᠡᠢ ᠲᠣᠰᠬᠤᠨ ᠢᠶᠠᠷ ᠢᠯᠭᠠᠨ ᠲᠠᠨᠢᠬᠤ ᠬᠡᠷᠡᠭᠲᠡᠢ᠃ | | |