ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠠᠷᠪᠠᠨ ᠬᠤᠶᠠᠷ︶
ᠨᠡᠶᠢᠲᠡᠯᠡᠭᠰᠡᠨ ᠴᠠᠭ᠄
2019/6/3
     ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠵᠦ ᠡᠵᠡᠮᠳᠡᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠬᠢᠨ ᠬᠡᠷᠡᠭᠵᠢᠭᠦᠯᠬᠦ ᠪᠣᠢ︖      ᠬᠠᠷᠢᠭᠤᠯᠲᠠ᠄ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠰᠦᠷᠢᠶ᠎ᠡ ᠡᠪᠡᠳᠴᠢᠨ ᠢ ᠰᠢᠭᠰᠢᠨ ᠪᠠᠶᠢᠴᠠᠭᠠᠬᠤ ᠠᠵᠢᠯ ᠢ ᠴᠢᠩᠭᠠᠳᠬᠠᠨ᠂ ᠠᠭᠤᠰᠬᠢᠨ ᠤ ᠰᠦᠷᠢᠶ᠎ᠡ ᠡᠪᠡᠳᠴᠢᠲᠡᠨ ᠢ ᠢᠯᠡᠷᠡᠭᠦᠯᠬᠦ ᠪᠠ ᠡᠮᠨᠡᠬᠦ ᠡᠷᠴᠢᠮ ᠢ ᠴᠢᠩᠭᠠᠷᠠᠭᠤᠯᠵᠤ᠂ ᠰᠦᠷᠢᠶ᠎ᠡ ᠡᠪᠡᠳᠴᠢᠲᠡᠨ ᠢ ᠲᠣᠳᠣᠯᠠᠨ ᠪᠠᠶᠢᠴᠠᠭᠠᠬᠤ ᠳᠤ ᠵᠣᠬᠢᠬᠤ ᠬᠡᠮᠵᠢᠶᠡᠨ ᠤ ᠨᠥᠬᠦᠪᠦᠷᠢ ᠬᠠᠩᠭᠠᠨ᠎ᠠ᠃ ᠶᠠᠳᠠᠭᠤ ᠬᠦᠴᠢᠷᠳᠡᠯᠲᠡᠢ ᠡᠪᠡᠳᠴᠢᠲᠡᠨ ᠳᠤ ᠨᠢᠭᠡᠳᠦᠭᠡᠷ ᠹᠷᠣᠨᠲ ᠤᠨ ᠰᠦᠷᠢᠶ᠎ᠡ ᠶᠢ ᠡᠰᠡᠷᠭᠦᠴᠡᠬᠦ ᠡᠮ ᠤᠨ ᠵᠦᠢᠯᠡᠰ ᠢ ᠲᠥᠯᠥᠪᠦᠷᠢ ᠦᠭᠡᠢ ᠪᠠᠷ ᠬᠠᠩᠭᠠᠨ᠎ᠠ᠃ ᠣᠯᠠᠨ ᠵᠦᠢᠯ ᠤᠨ ᠡᠮ ᠳᠤ ᠳᠠᠭᠠᠭᠠᠴᠠᠲᠠᠢ ᠰᠦᠷᠢᠶ᠎ᠡ ᠡᠪᠡᠳᠴᠢᠨ ᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠦᠨᠳᠦ ᠡᠪᠡᠳᠴᠢᠨ ᠤ ᠲᠤᠰᠬᠠᠢ ᠵᠦᠢᠯ ᠤᠨ ᠡᠮᠨᠡᠨ ᠠᠪᠤᠷᠠᠬᠤ ᠬᠡᠪᠴᠢᠶᠡᠨ ᠳᠤ ᠣᠷᠣᠭᠤᠯᠤᠨ᠎ᠠ᠃ ᠶᠠᠳᠠᠭᠤ ᠬᠦᠴᠢᠷᠳᠡᠯᠲᠡᠢ ᠰᠦᠷᠢᠶ᠎ᠡ ᠡᠪᠡᠳᠴᠢᠲᠡᠨ ᠳᠤ ᠤᠷᠢᠳ ᠢᠶᠠᠷ ᠬᠠᠨᠳᠤᠭᠤᠯᠤᠭᠰᠠᠨ ︽ᠲᠥᠪᠯᠡᠷᠡᠭᠦᠯᠦᠨ ᠡᠮ ᠤᠤᠭᠤᠬᠤ︾ ᠲᠥᠷᠥᠯ ᠵᠦᠢᠯ ᠢ ᠬᠡᠷᠡᠭᠵᠢᠭᠦᠯᠵᠦ᠂ ᠡᠮ ᠤᠤᠭᠤᠬᠤ ᠶᠢᠨ ᠠᠶᠠᠳᠠᠨ ᠳᠠᠭᠠᠬᠤ ᠴᠢᠨᠠᠷ ᠪᠠ ᠡᠮᠨᠡᠨ ᠵᠠᠰᠠᠬᠤ ᠶᠢᠨ ᠦᠷ᠎ᠡ ᠪᠦᠲᠦᠮᠵᠢ ᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠦᠷᠢᠶ᠎ᠡ ᠡᠪᠡᠳᠴᠢᠨ ᠤ ︽ᠰᠡᠷᠭᠡᠶᠢᠯᠡᠬᠦ᠂ ᠵᠠᠰᠠᠬᠤ᠂ ᠬᠠᠮᠢᠶᠠᠷᠬᠤ︾ ᠭᠤᠷᠪᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠨ ᠰᠡᠷᠭᠡᠶᠢᠯᠡᠵᠦ ᠵᠠᠰᠠᠬᠤ ᠦᠢᠯᠡᠴᠢᠯᠡᠭᠡ ᠶᠢᠨ ᠵᠠᠭᠪᠤᠷ ᠢ ᠨᠠᠶᠢᠳᠠᠪᠤᠷᠢᠵᠢᠭᠤᠯᠤᠨ᠎ᠠ᠃      ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠠᠶᠢᠽ ᠡᠪᠡᠳᠴᠢᠨ ᠢ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ᠂ ᠡᠮᠨᠡᠨ ᠵᠠᠰᠠᠬᠤ᠂ ᠡᠬᠡ ᠨᠢᠯᠬᠠᠰ ᠢ ᠲᠠᠰᠤ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠣᠬᠢᠶᠠᠯ ᠤᠨ ᠴᠢᠨᠠᠷᠲᠠᠢ ᠬᠠᠯᠳᠠᠪᠤᠷᠢᠯᠠᠯ ᠢ ᠲᠥᠪᠯᠡᠷᠡᠭᠦᠯᠵᠦ ᠡᠮᠨᠡᠨ ᠠᠪᠤᠷᠠᠨ᠎ᠠ᠃ ᠶᠠᠳᠠᠭᠤ ᠬᠦᠴᠢᠷᠳᠡᠯᠲᠡᠢ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠲᠤ ᠴᠢᠭᠯᠡᠭᠦᠯᠦᠨ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠪᠠᠷ ᠳᠠᠮᠵᠢᠭᠤᠯᠤᠨ ᠸᠢᠷᠦ᠋ᠰ ᠢ ᠡᠰᠡᠷᠭᠦᠴᠡᠬᠦ ᠡᠮᠨᠡᠨ ᠵᠠᠰᠠᠵᠤ ᠳᠠᠭᠠᠯᠳᠤᠨ ᠰᠤᠷᠪᠤᠯᠵᠢᠯᠠᠬᠤ ᠵᠢᠷᠤᠮᠵᠢᠭᠤᠯᠤᠯᠲᠠ ᠶᠢᠨ ᠬᠠᠮᠢᠶᠠᠷᠤᠯᠲᠠ ᠶᠢ ᠬᠠᠩᠭᠠᠵᠤ᠂ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠤᠨ ᠴᠠᠭ ᠲᠤ ᠪᠠᠨ ᠡᠮ ᠤᠤᠭᠤᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠨᠵᠢᠬᠦ ᠶᠢ ᠠᠬᠢᠭᠤᠯᠤᠨ᠎ᠠ᠃ ᠠᠶᠢᠽ ᠡᠪᠡᠳᠴᠢᠨ ᠤ ᠸᠢᠷᠦ᠋ᠰ ᠢ ᠡᠰᠡᠷᠭᠦᠴᠡᠨ ᠡᠮᠨᠡᠨ ᠵᠠᠰᠠᠬᠤ ᠬᠠᠮᠢᠶᠠᠷᠤᠯᠲᠠ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠶᠢ ᠠᠬᠢᠭᠤᠯᠵᠤ᠂ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠪᠠ ᠡᠪᠡᠳᠴᠢᠲᠡᠳ ᠤᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠣᠴᠢᠵᠤ ᠠᠰᠠᠭᠤᠨ ᠯᠠᠪᠠᠯᠬᠤ᠂ ᠪᠠᠶᠢᠴᠠᠭᠠᠨ ᠰᠢᠨᠵᠢᠬᠦ᠂ ᠡᠮᠨᠡᠨ ᠵᠠᠰᠠᠬᠤ ᠵᠡᠷᠭᠡ ᠬᠠᠮᠢᠶ᠎ᠠ ᠪᠦᠬᠦᠢ ᠦᠢᠯᠡᠴᠢᠯᠡᠭᠡ ᠬᠦᠷᠲᠡᠵᠦ ᠴᠢᠳᠠᠬᠤ ᠶᠢ ᠪᠠᠲᠤᠯᠠᠨ᠎ᠠ᠃      ᠪᠷᠦ᠋ᠼᠧᠯ ᠤᠨ ᠰᠠᠪᠬᠠᠨᠴᠢᠷ ᠪᠠᠺᠲ᠋ᠧᠷᠢ ᠡᠪᠡᠳᠴᠢᠨ᠂ ᠪᠠᠭᠯᠠᠭᠴᠢᠲᠤ ᠬᠤᠷᠣᠬᠠᠢ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠪᠷᠦ᠋ᠼᠧᠯ ᠤᠨ ᠰᠠᠪᠬᠠᠨᠴᠢᠷ ᠪᠠᠺᠲ᠋ᠧᠷᠢ ᠡᠪᠡᠳᠴᠢᠲᠡᠨ ᠢ ᠰᠢᠭᠰᠢᠨ ᠪᠠᠶᠢᠴᠠᠭᠠᠬᠤ ᠶᠢ ᠴᠢᠩᠭᠠᠳᠬᠠᠨ᠂ ᠪᠷᠦ᠋ᠼᠧᠯ ᠤᠨ ᠰᠠᠪᠬᠠᠨᠴᠢᠷ ᠪᠠᠺᠲ᠋ᠧᠷᠢ ᠡᠪᠡᠳᠴᠢᠨ ᠵᠡᠷᠭᠡ ᠲᠤᠰᠬᠠᠢ ᠵᠦᠢᠯ ᠤᠨ ᠡᠪᠡᠳᠴᠢᠨ ᠤ ᠬᠠᠮᠢᠶᠠᠷᠤᠯᠲᠠ ᠶᠢ ᠠᠬᠢᠭᠤᠯᠵᠤ᠂ ᠪᠷᠦ᠋ᠼᠧᠯ ᠤᠨ ᠰᠠᠪᠬᠠᠨᠴᠢᠷ ᠪᠠᠺᠲ᠋ᠧᠷᠢ ᠡᠪᠡᠳᠴᠢᠨ ᠢ ᠪᠦᠬᠦᠯᠢ ᠴᠣᠭᠴᠠ ᠪᠠᠷ ᠨᠢ ᠵᠠᠰᠠᠨ ᠡᠳᠡᠭᠡᠷᠡᠭᠦᠯᠬᠦ ᠨᠣᠷᠮ᠎ᠠ ᠶᠢ ᠳᠡᠭᠡᠭᠰᠢᠯᠡᠭᠦᠯᠦᠨ᠂ ᠤᠵᠢᠭ ᠡᠪᠡᠳᠴᠢᠨ ᠪᠣᠯᠬᠤ ᠨᠣᠷᠮ᠎ᠠ ᠶᠢ ᠪᠠᠭᠤᠷᠠᠭᠤᠯᠵᠤ᠂ ᠡᠮᠴᠢᠯᠡᠨ ᠵᠠᠰᠠᠬᠤ᠂ ᠤᠬᠠᠭᠤᠯᠭ᠎ᠠ ᠬᠢᠬᠦ ᠪᠠ ᠠᠵᠢᠯᠯᠠᠭ᠎ᠠ ᠶᠢᠨ ᠡᠵᠡᠮᠳᠡᠯ ᠢ ᠴᠢᠩᠭᠠᠳᠬᠠᠨ᠎ᠠ︔ ᠪᠠᠭᠯᠠᠭᠴᠢᠲᠤ ᠬᠤᠷᠣᠬᠠᠢ ᠡᠪᠡᠳᠴᠢᠨ ᠤ ᠲᠠᠷᠬᠠᠭᠰᠠᠨ ᠣᠷᠣᠨ ᠢ ᠵᠢᠯᠣᠭᠤᠳᠴᠤ ᠪᠠᠶᠢᠭᠠᠳ ᠪᠠᠭᠯᠠᠭᠴᠢᠲᠤ ᠬᠤᠷᠣᠬᠠᠢ ᠡᠪᠡᠳᠴᠢᠲᠡᠳ ᠢ ᠰᠢᠭᠰᠢᠨ ᠪᠠᠶᠢᠴᠠᠭᠠᠨ᠎ᠠ᠃ ᠲᠣᠳᠣᠯᠠᠭᠰᠠᠨ ᠡᠪᠡᠳᠴᠢᠲᠡᠳ ᠢ ᠡᠮᠴᠢᠯᠡᠨ ᠵᠠᠰᠠᠨ᠎ᠠ᠃ ᠬᠢᠨᠠᠨ ᠰᠢᠨᠵᠢᠬᠦ ᠵᠢᠴᠢ ᠡᠷᠡᠭᠦᠯ ᠮᠡᠨᠳᠦ ᠶᠢᠨ ᠬᠥᠮᠥᠵᠢᠯ ᠢ ᠥᠷᠨᠢᠭᠦᠯᠦᠨ᠎ᠡ᠃      ᠹᠯᠣᠷᠲᠤ ᠶᠠᠰᠤᠨ ᠡᠪᠡᠳᠴᠢᠨ ᠵᠡᠷᠭᠡ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠬᠢᠨᠠᠨ ᠰᠢᠨᠵᠢᠬᠦ ᠪᠠ ᠦᠨᠡᠯᠡᠯᠲᠡ ᠬᠢᠬᠦ ᠶᠢ ᠴᠢᠩᠭᠠᠳᠬᠠᠨ᠂ ᠨᠡᠭᠦᠳᠡᠯᠴᠢᠨ ᠠᠷᠠᠳ ᠢ ᠨᠡᠭᠦᠯᠭᠡᠨ ᠰᠢᠯᠵᠢᠭᠦᠯᠬᠦ᠂ ᠤᠰᠤ ᠶᠢ ᠬᠤᠪᠢᠷᠠᠭᠤᠯᠤᠨ ᠹᠯᠣᠷ ᠢ ᠨᠢ ᠠᠷᠢᠯᠭᠠᠬᠤ᠂ ᠳᠣᠣᠷ᠎ᠠ ᠹᠯᠣᠷᠲᠤ ᠬᠡᠪ ᠤᠨ ᠴᠠᠢ ᠬᠠᠩᠭᠠᠬᠤ᠂ ᠡᠷᠡᠭᠦᠯ ᠮᠡᠨᠳᠦ ᠶᠢᠨ ᠬᠥᠮᠥᠵᠢᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ᠤᠤᠭᠤᠬᠤ ᠤᠰᠤᠨ ᠤ ᠮᠠᠶ᠋ᠢᠭ᠂ ᠴᠠᠢ ᠤᠤᠭᠤᠬᠤ ᠮᠠᠶ᠋ᠢᠭ ᠤᠨ ᠣᠷᠣᠨ ᠨᠤᠲᠤᠭ ᠤᠨ ᠴᠢᠨᠠᠷᠲᠠᠢ ᠹᠯᠣᠷ ᠲᠤ ᠬᠤᠣᠷᠳᠠᠭᠳᠠᠬᠤ ᠠᠶᠤᠯ ᠲᠦᠭᠰᠢᠭᠦᠷᠢ ᠶᠢ ᠪᠦᠲᠦᠮᠵᠢᠲᠡᠢ ᠡᠵᠡᠮᠳᠡᠵᠦ᠂ ︽13 · 5︾ ᠶᠢᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ᠂ ᠤᠤᠭᠤᠬᠤ ᠤᠰᠤᠨ ᠤ ᠹᠯᠣᠷ ᠤᠨ ᠠᠭᠤᠯᠤᠭᠳᠠᠴᠠ ᠶᠢ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠭᠡᠵᠦ᠂ ᠡᠪᠡᠳᠴᠢᠨ ᠡᠭᠦᠰᠦᠭᠰᠡᠨ ᠣᠷᠣᠨ ᠤ 70% ᠠᠴᠠ ᠳᠡᠭᠡᠭᠰᠢᠬᠢ ᠬᠤᠰᠢᠭᠤ ᠰᠢᠶᠠᠨ ᠤ ᠤᠰᠤ ᠤᠤᠭᠤᠬᠤ ᠮᠠᠶ᠋ᠢᠭ ᠤᠨ ᠹᠯᠣᠷ ᠲᠤ ᠬᠤᠣᠷᠳᠠᠭᠳᠠᠬᠤ ᠶᠢ ᠬᠢᠵᠠᠭᠠᠷᠯᠠᠵᠤ ᠪᠣᠯᠬᠤ ᠬᠢᠷᠢ ᠲᠦᠪᠰᠢᠨ ᠳᠤ ᠬᠦᠷᠭᠡᠵᠦ᠂ ᠣᠯᠠᠨ ᠬᠥᠮᠥᠨ ᠤ ᠬᠡᠪ ᠤᠨ ᠴᠠᠢ ᠶᠢᠨ ᠹᠯᠣᠷ ᠤᠨ ᠣᠷᠣᠬᠤ ᠬᠢᠷᠢ ᠲᠦᠪᠰᠢᠨ ᠢ ᠪᠦᠲᠦᠮᠵᠢᠲᠡᠢ ᠪᠠᠷ ᠪᠠᠭᠤᠷᠠᠭᠤᠯᠤᠨ᠎ᠠ ᠃ ᠳᠠᠩᠰᠠ ᠪᠠ ᠺᠠᠷᠲ ᠲᠠᠢ ᠨᠥᠬᠦᠴᠡᠯ ᠳᠤ ᠨᠡᠶᠢᠴᠡᠭᠰᠡᠨ ᠣᠷᠣᠨ ᠨᠤᠲᠤᠭ ᠤᠨ ᠡᠪᠡᠳᠴᠢᠨ ᠳᠤ ᠨᠡᠷᠪᠡᠭᠳᠡᠭᠰᠡᠳ ᠢ ᠪᠦᠬᠦᠨ ᠢ ᠬᠦᠨᠳᠦ ᠡᠪᠡᠳᠴᠢᠨ ᠤ ᠲᠥᠪᠯᠡᠷᠡᠭᠦᠯᠵᠦ ᠡᠮᠨᠡᠨ ᠠᠪᠤᠷᠠᠬᠤ ᠬᠡᠪᠴᠢᠶᠡᠨ ᠳᠤ ᠣᠷᠣᠭᠤᠯᠵᠤ᠂ ᠣᠷᠣᠨ ᠨᠤᠲᠤᠭ ᠤᠨ ᠡᠪᠡᠳᠴᠢᠨ ᠡᠭᠦᠰᠦᠭᠰᠡᠨ ᠭᠠᠵᠠᠷ ᠣᠷᠣᠨ ᠳᠤ ᠹᠯᠣᠷᠲᠤ ᠶᠠᠰᠤᠨ ᠡᠪᠡᠳᠴᠢᠨ᠂ ᠺᠧᠱᠠᠨ ᠡᠪᠡᠳᠴᠢᠨ᠂ ᠦᠶ᠎ᠡ ᠭᠡᠰᠢᠭᠦᠦ ᠲᠣᠮᠣᠷᠠᠬᠤ ᠡᠪᠡᠳᠴᠢᠨ᠂ ᠣᠷᠣᠨ ᠨᠤᠲᠤᠭ ᠤᠨ ᠴᠢᠨᠠᠷᠲᠠᠢ ᠠᠷᠰᠧᠨ ᠤ ᠬᠤᠣᠷᠳᠠᠯ᠂ ᠺᠠᠷᠧᠲ᠋ᠢᠨ ᠡᠪᠡᠳᠴᠢᠨ᠂ ᠬᠤᠶᠠᠳᠤᠭᠠᠷ ᠳᠡᠰ ᠵᠢᠴᠢ ᠳᠡᠭᠡᠭᠰᠢᠬᠢ ᠪᠠᠮᠪᠠᠢ ᠪᠤᠯᠴᠢᠷᠬᠠᠢ ᠶᠢᠨ ᠬᠠᠪᠤᠳᠤᠨ ᠲᠣᠮᠣᠷᠠᠬᠤ ᠡᠪᠡᠳᠴᠢᠨ ᠢᠶᠠᠷ ᠲᠣᠳᠣᠯᠠᠭᠰᠠᠨ ᠡᠪᠡᠳᠴᠢᠲᠡᠨ ᠤ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠵᠤ᠂ ᠣᠨᠴᠠᠭᠠᠢ ᠬᠡᠷᠡᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ