5 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠬᠥᠭᠵᠢᠯᠲᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ 6 ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ | ᠥᠪᠥᠷ ᠮᠣᠩᠭᠤᠯ ᠤᠨ ᠠᠵᠤ ᠦᠢᠯᠡᠰ ᠤᠨ ᠲᠣᠭᠠᠴᠢᠯᠠᠯᠲᠠ ᠶᠢᠨ ᠲᠦᠷᠦᠭᠦᠴᠦᠳ ᠤᠨ ᠬᠤᠷᠠᠯ ᠬᠦᠬᠡᠬᠤᠲᠠ ᠳᠤ | ᠬᠤᠷᠠᠯᠳᠤᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠨ ᠤ ᠣᠷᠣᠨ ᠤ ᠤᠯᠤᠰ ᠤᠨ ᠲᠣᠮᠣ ᠳ᠋ᠠᠶᠢᠲ᠋ᠠ | ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠨᠢᠭᠡᠨᠲᠡ ᠪᠥᠬᠦ ᠲᠠᠯ᠎ᠠ ᠪᠠᠷ | ᠡᠬᠢᠯᠡᠵᠦ᠂ ᠲᠣᠭᠠᠴᠢᠯᠠᠭᠰᠠᠨ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠨ᠂ ᠲᠣᠮᠣ ᠬᠡᠯᠪᠡᠷᠢ ᠶᠢᠨ | ᠳ᠋ᠠᠶᠢᠲ᠋ᠠ ᠶᠢᠨ ᠲᠥᠪ ᠤᠨ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 110 ᠲᠦᠮᠡ ᠶᠢ ᠳᠠᠪᠠᠵᠤ᠂ | ᠪᠥᠬᠦ ᠤᠯᠤᠰ ᠲᠤ ᠲᠦᠷᠦᠭᠦᠯᠡᠪᠡ᠃ | ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠲᠦᠷᠦᠭᠦᠴᠦᠳ ᠤᠨ ᠬᠤᠷᠠᠯ ᠨᠢ ︽ᠠᠵᠤ ᠦᠢᠯᠡᠰ ᠤᠨ | ᠲᠣᠭᠠᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠪᠣᠬᠢᠷᠲᠤᠯ ᠥᠬᠡᠶ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ | ᠡᠭᠦᠯᠡᠨ ᠪᠤᠳᠤᠯᠲᠠ᠂ ᠵᠣᠬᠢᠶᠠᠮᠠᠯ ᠣᠶᠤᠨ᠂ ᠣᠷᠣᠨ ᠬᠡᠰᠡᠭ ᠤᠨ ᠬᠡᠯᠬᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠤᠨ ᠤᠬᠠᠭᠤᠯᠤᠨ | ᠲᠠᠶᠢᠯᠪᠤᠷᠢᠯᠠᠬᠤ ᠪᠠ ᠳᠡᠯᠭᠡᠨ ᠦᠵᠡᠭᠦᠯᠬᠦ ᠲᠢᠩᠬᠢᠮ ᠤᠨ ᠦᠵᠡᠭᠦᠯᠭᠡ ᠪᠠᠷ ᠳᠠᠮᠵᠢᠭᠤᠯᠤᠨ᠂ ᠠᠵᠤ ᠦᠢᠯᠡᠰ ᠤᠨ | ᠲᠣᠭᠠᠴᠢᠯᠠᠯᠲᠠ ᠶᠢᠨ ᠬᠦᠷᠢᠶᠡᠨ ᠳᠠᠬᠢ ᠨᠡᠶᠢᠲᠡᠯᠢᠭ ᠲᠥᠰᠦᠯ ᠪᠠ ᠪᠣᠳᠠᠲᠠᠶ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ | ᠢᠯᠡᠷᠡᠭᠦᠯᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ᠂ ᠠᠵᠤ ᠦᠶᠯᠡᠳᠪᠦᠷᠢ᠂ ᠡᠨᠧᠷᠭᠢ ᠶᠢᠨ ᠠᠵᠤ | ᠦᠶᠯᠡᠰ᠂ ᠦᠶᠯᠡᠴᠢᠯᠡᠭᠡᠨ ᠤ ᠦᠶᠯᠡᠰ ᠵᠢᠴᠢ ᠣᠯᠠᠨ ᠲᠠᠯ᠎ᠠ ᠶᠢᠨ ᠳ᠋ᠠᠶᠢᠲ᠋ᠠ ᠶᠢᠨ ᠭᠦᠨᠵᠡᠭᠡᠶ ᠠᠭᠤᠰᠤᠯᠴᠠᠨ ᠰᠢᠨ᠎ᠡ ᠶᠢ | ᠡᠭᠦᠳᠬᠦ ᠶᠢ ᠢᠳᠡᠪᠬᠢᠲᠡᠶ ᠠᠬᠢᠭᠤᠯᠵᠤ᠂ ᠮᠠᠨ ᠤ ᠣᠷᠣᠨ ᠤ ᠲᠣᠭᠠᠴᠢᠯᠠᠭᠰᠠᠨ ᠥᠪᠥᠷ ᠮᠣᠩᠭᠤᠯ᠂ ᠤᠶᠤᠨᠲᠤ ᠥᠪᠥᠷ | ᠮᠣᠩᠭᠤᠯ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠨᠡᠭᠡᠭᠡᠯᠲᠡ ᠬᠢᠬᠦ ᠶᠢ ᠯᠠᠪᠳᠠᠭᠤᠨ ᠢᠶᠠᠷ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠢ ᠪᠠᠶᠢᠭᠤᠯᠤᠨ᠂ | ᠥᠪᠡᠷᠲᠡᠭᠡᠨ ᠵᠠᠰᠠᠬᠤ ᠣᠷᠣᠨ ᠤ ︽ᠡᠭᠦᠯᠡᠨ ᠳᠡᠭᠡᠷᠡᠬᠢ ᠤᠮᠠᠷᠠᠲᠤ ᠬᠢᠯᠢ︾ ᠲᠣᠮᠣ ᠳ᠋ᠠᠶᠢᠲ᠋ᠠ ᠶᠢᠨ ᠡᠭᠦᠯᠡᠨ | ᠲᠠᠪᠴᠠᠩ ᠢ ᠡᠬᠢᠯᠡᠨ ᠪᠠᠶᠢᠭᠤᠯᠵᠤ ᠪᠤᠢ᠃ ᠡᠯ᠎ᠡ ᠬᠦᠷᠢᠶᠡᠨ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠲᠠᠰᠤᠷᠠᠯᠲᠠ | ᠦᠭᠡᠢ ᠰᠢᠨ᠎ᠡ ᠶᠢ ᠡᠭᠦᠳᠬᠦ ᠪᠠ ᠭᠦᠨᠵᠡᠭᠡᠶᠢᠷᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ᠂ | ᠦᠢᠯᠡᠴᠢᠯᠡᠭᠡᠨ ᠤ ᠪᠠᠲᠤᠯᠠᠭ᠎ᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠦᠪᠰᠢᠨ ᠶᠡᠭᠡ ᠪᠠᠷ ᠳᠡᠭᠡᠭᠰᠢᠯᠡᠪᠡ᠃ | ᠲᠣᠭᠠᠴᠢᠯᠠᠭᠰᠠᠨ ᠠᠵᠤ ᠠᠬᠤᠢ ᠥᠷᠨᠢᠨ ᠬᠥᠭᠵᠢᠵᠦ᠂ ᠬᠤᠸᠠ ᠸᠧᠢ᠂ ᠠᠯᠮᠤᠷᠠᠳ᠂ ᠠᠯᠢ᠂ ᠸᠧᠢ ᠷᠤᠸᠠᠨ᠂ ᠪᠠᠢ | ᠳᠤ᠂ ᠲᠧᠩ ᠰᠢᠶᠦ᠋ᠨ᠂ ᠽᠢ ᠭᠤᠸᠠᠩ᠂ ᠵᠢᠩ ᠳ᠋ᠦᠩ ᠵᠡᠷᠭᠡ ᠨᠢᠭᠡ ᠪᠦᠯᠦᠭ ᠨᠠᠷᠠᠲᠤ ᠠᠵᠤ ᠠᠬᠤᠶᠢᠯᠠᠯ ᠪᠣᠯᠤᠨ | ᠴᠢᠬᠤᠯᠠ ᠶᠡᠭᠡ ᠲᠥᠷᠥᠯ ᠵᠦᠢᠯ ᠮᠠᠨ ᠤ ᠣᠷᠣᠨ ᠳᠤ ᠨᠠᠶᠢᠳᠠᠪᠤᠷᠢᠵᠢᠭᠤᠯᠤᠭᠳᠠᠵᠤ᠂ ᠲᠣᠮᠣ ᠳ᠋ᠠᠶᠢᠲ᠋ᠠ ᠶᠠᠭ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ | ᠣᠯᠭᠤᠵᠤ ᠪᠠᠶᠢᠨ᠎ᠠ᠃ ︽ᠡᠭᠦᠯᠡᠨ ᠳᠡᠭᠡᠷᠡᠬᠢ ᠤᠮᠠᠷᠠᠲᠤ ᠬᠢᠯᠢ ᠳᠤᠮᠳᠠᠳᠤ ᠤᠯᠤᠰ ᠤᠨ ᠳ᠋ᠠᠶᠢᠲ᠋ᠠ ᠶᠢᠨ ᠨᠣᠲᠤᠭ︾ | ᠤᠨ ᠤᠯᠤᠰ ᠤᠨ ᠳᠣᠲᠣᠭᠠᠳᠤ ᠭᠠᠳᠠᠭᠠᠳᠤ ᠳᠠᠬᠢ ᠠᠯᠳᠠᠷᠰᠢᠯ ᠪᠠ ᠨᠦᠯᠦᠭᠡᠯᠡᠯ ᠶᠡᠭᠡ ᠪᠠᠷ ᠳᠡᠭᠡᠭᠰᠢᠯᠡᠪᠡ ᠃ | ᠮᠠᠨ ᠤ ᠣᠷᠣᠨ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠪᠣᠳᠣᠯᠬᠢᠯᠠᠵᠤ᠂ | ︽ᠲᠣᠮᠣ ᠳ᠋ᠠᠶᠢᠲ᠋ᠠ ᠶᠢ ᠠᠵᠤ ᠦᠶᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭᠠᠨ ᠤ ᠲᠥᠯᠥᠪᠯᠡᠭᠡ ︵2018 | ~ 2020 ᠣᠨ︶︾ ᠶᠢ ᠲᠣᠭᠲᠠᠭᠠᠨ ᠨᠡᠶᠢᠲᠡᠯᠡᠵᠦ᠂ ᠲᠣᠮᠣ ᠳ᠋ᠠᠶᠢᠲ᠋ᠠ ᠶᠢ ᠠᠵᠤ ᠦᠶᠯᠡᠰ ᠯᠦᠭᠡ ᠭᠦᠨ | ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠦᠶᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠲᠣᠮᠣ | ᠳ᠋ᠠᠶᠢᠲ᠋ᠠ ᠶᠢ ᠠᠵᠤ ᠦᠶᠯᠡᠰ ᠯᠦᠭᠡ ᠭᠦᠨ ᠠᠭᠤᠰᠤᠯᠴᠠᠭᠤᠯᠬᠤ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠂ | 4000 ᠭᠠᠷᠤᠶ ᠠᠵᠤ ᠠᠬᠤᠶᠢᠯᠠᠯ ᠤᠨ ᠬᠠᠮᠢᠶᠠᠷᠤᠯᠲᠠ᠂ ᠦᠶᠯᠡᠴᠢᠯᠡᠭᠡ᠂ ᠲᠤᠬᠠᠶᠢᠯᠠᠭᠰᠠᠨ ᠠᠵᠢᠯ ᠢ ᠡᠭᠦᠯᠡᠨ ᠳᠤ | ᠭᠠᠷᠭᠠᠬᠤ ᠶᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ | ᠲᠤᠰᠬᠠᠶ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ ᠲᠣᠮᠣ ᠳ᠋ᠠᠶᠢᠲ᠋ᠠ ᠬᠢᠭᠡᠳ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ | ᠠᠵᠢᠯ ᠤᠨ ᠲᠣᠭᠲᠠᠴᠠ ᠶᠢ ᠪᠠᠶᠢᠭᠤᠯᠪᠠ᠃ | | |