6 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠰᠦᠯᠵᠢᠶᠡᠨ ᠤ ᠡᠷᠬᠡ ᠳᠤ ᠬᠠᠯᠳᠠᠬᠤ ᠬᠡᠪᠯᠡᠯ ᠬᠤᠯᠠᠭᠠᠶᠢᠯᠠᠬᠤ ᠠᠵᠢᠯᠯᠠᠭ᠎ᠠ ᠳᠤ ᠴᠣᠬᠢᠯᠲᠠ ᠥᠭᠬᠦ ︽ᠰᠡᠯᠡᠮᠡᠳᠣ | ᠲᠣᠣᠷ 2019︾ ᠲᠤᠰᠬᠠᠶ ᠠᠵᠢᠯᠯᠠᠭ᠎ᠠ ᠶᠢᠨ ᠠᠵᠢᠯ ᠢ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ | ᠬᠦᠬᠡᠬᠤᠳᠠ ᠳᠤ ᠬᠤᠷᠠᠯᠳᠤᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠢᠨᠲ᠋ᠧᠷ ᠰᠦᠯᠵᠢᠶᠡᠨ ᠤ ᠠᠵᠤ ᠦᠢᠯᠡᠰ ᠤᠨ ᠲᠦᠷᠭᠡᠨ | ᠬᠥᠭᠵᠢᠯᠲᠡ ᠶᠢ ᠳᠠᠭᠠᠯᠳᠤᠨ᠂ ᠡᠷᠬᠡ ᠳᠤ ᠬᠠᠯᠳᠠᠬᠤ ᠬᠡᠪᠯᠡᠯ ᠬᠤᠯᠠᠭᠠᠶᠢᠯᠠᠬᠤ ᠠᠵᠢᠯᠯᠠᠭ᠎ᠠ ᠨᠢᠭᠡᠨᠲᠡ ᠢᠳᠡᠭ ᠢᠳᠡᠭ | ᠢᠶᠠᠷ ᠰᠦᠯᠵᠢᠶᠡᠨ ᠭᠠᠳᠠᠨ᠎ᠠ ᠠᠴᠠ ᠰᠦᠯᠵᠢᠶᠡᠨ ᠳᠡᠭᠡᠷ᠎ᠡ ᠰᠢᠯᠵᠢᠵᠦ᠂ ᠰᠦᠯᠵᠢᠶᠡᠨ ᠳᠡᠭᠡᠷ᠎ᠡ ᠡᠷᠬᠡ ᠳᠤ ᠬᠠᠯᠳᠠᠬᠤ | ᠬᠡᠪᠯᠡᠯ ᠬᠤᠯᠠᠭᠠᠶᠢᠯᠠᠬᠤ ᠬᠡᠷᠡᠭ ᠣᠯᠠᠨ ᠡᠬᠦᠰᠬᠦ ᠬᠠᠨᠳᠣᠰᠢ ᠲᠠᠢ ᠪᠠᠶᠢᠨ᠎ᠠ᠃ 2019 ᠣᠨ ᠤ 5 ᠳ᠋ᠤᠭᠠᠷ ᠰᠠᠷ᠎ᠠ | ᠠᠴᠠ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠡᠪᠯᠡᠯ | ᠤᠨ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠰᠦᠯᠵᠢᠶᠠᠨ ᠮᠡᠳᠡᠭᠡ ᠵᠠᠩᠭᠢ᠂ | ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ | ᠬᠠᠮᠳᠣᠷᠠᠯᠴᠠᠨ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠬᠡᠪᠯᠡᠯ ᠤᠨ ᠡᠷᠬᠡ ᠶᠢᠨ ᠲᠤᠰᠬᠠᠶ ᠰᠡᠳᠦᠪᠲᠦ | ᠬᠠᠮᠠᠭᠠᠯᠠᠯᠲᠠ ᠶᠢ ᠥᠷᠨᠢᠭᠦᠯᠵᠦ᠂ ᠰᠣᠨᠢᠨ ᠮᠡᠳᠡᠭᠡᠨ ᠤ ᠰᠦᠯᠵᠢᠶ᠎ᠡ᠂ ᠬᠡᠷᠡᠭᠯᠡᠭᠡᠨ ᠤ ᠳᠡᠰ ᠳᠠᠷᠠᠭᠠᠯᠠᠯ᠂ ᠰᠣᠨᠢᠨ | ᠮᠡᠳᠡᠭᠡᠨ ᠤ ᠴᠤᠭᠯᠠᠷᠠᠯ ᠤᠨ ᠲᠥᠷᠥᠯ ᠤᠨ ᠲᠠᠪᠴᠠᠩ᠂ ᠢᠯᠠᠩᠭᠤᠶ᠎ᠠ ᠵᠠᠭᠤᠴᠢᠯᠠᠭᠤᠷ ᠤᠨ ᠳᠤᠮᠳᠠ ᠣᠷᠣᠰᠢᠵᠤ | ᠪᠠᠶᠢᠭ᠎ᠠ ᠬᠡᠪᠯᠡᠯ ᠤᠨ ᠡᠷᠬᠡ ᠶᠢᠨ ᠡᠮᠬᠢ ᠵᠢᠷᠣᠮ ᠦᠬᠡᠢ ᠪᠠᠶᠢᠳᠠᠯ ᠢ ᠲᠦᠪᠯᠡᠷᠡᠬᠦᠯᠦᠨ ᠴᠡᠭᠴᠡᠯᠡᠨ ᠵᠠᠰᠠᠬᠤ ᠪᠠᠷ | ᠪᠠᠶᠢᠨ᠎ᠠ᠃ ᠡᠭᠦᠨ ᠤ ᠵᠡᠷᠭᠡᠴᠡᠭᠡ ᠪᠠᠷ᠂ ᠺᠢᠨᠣ᠋ ᠡᠵᠡᠭᠨᠡᠭᠴᠢ ᠶᠢᠨ ᠰᠦᠯᠵᠢᠶᠠᠨ ᠬᠡᠪᠯᠡᠯ ᠤᠨ ᠡᠷᠬᠡ ᠶᠢᠨ ᠲᠤᠰᠬᠠᠢ | ᠴᠡᠭᠴᠡᠯᠡᠯ ᠵᠠᠰᠠᠯᠲᠠ ᠶᠢ ᠦᠷᠨᠢᠬᠦᠯᠦᠨ᠂ ᠨᠡᠭᠦᠳᠡᠯ ᠵᠠᠭᠤᠴᠢᠯᠠᠭᠤᠷ ᠤᠨ ᠵᠥᠭᠡᠯᠡᠨ ᠬᠠᠲᠠᠭᠤ ᠲᠣᠨᠤᠭ ᠤᠨ ᠬᠡᠪᠯᠡᠯ ᠤᠨ | ᠡᠷᠬᠡ ᠶᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠶᠢ ᠴᠢᠩᠭᠠᠳᠬᠠᠵᠣ᠂ ᠵᠢᠷᠤᠭ ᠤᠨ ᠵᠠᠬ᠎ᠠ ᠳᠡᠯᠭᠡᠭᠦᠷ ᠤᠨ ᠬᠡᠪᠯᠡᠯ ᠤᠨ | ᠡᠷᠬᠡ ᠶᠢ ᠬᠠᠮᠠᠭᠠᠯᠠᠬᠤ ᠡᠵᠡᠩᠨᠡᠬᠦ ᠡᠮᠬᠢ ᠳᠢᠭᠯᠢᠮ ᠢ ᠵᠢᠷᠣᠮᠵᠢᠭᠤᠯᠣᠨ᠂ ᠲᠣᠣᠷ ᠰᠦᠯᠵᠢᠶᠡᠨ ᠤ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠳᠠᠬᠢ ᠬᠡᠪᠯᠡᠯ ᠤᠨ ᠡᠷᠬᠡ ᠶᠢᠨ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠲᠤᠰ | ᠤᠳᠠᠭᠠᠨ ᠤ ᠠᠵᠢᠯᠯᠠᠭ᠎ᠠ ᠨᠢ ᠪᠠᠰᠠ ᠳᠠᠬᠢᠨ ᠳᠠᠪᠲᠠᠨ ᠡᠷᠬᠡ ᠳᠤ ᠬᠠᠯᠳᠠᠭᠰᠠᠨ᠂ ᠵᠣᠷᠢᠭᠤᠳᠠ ᠡᠷᠬᠡ ᠳᠤ ᠬᠠᠯᠳᠠᠭᠰᠠᠨ | ᠬᠡᠪᠯᠡᠯ ᠬᠤᠯᠠᠭᠠᠶᠢᠯᠠᠭᠴᠢ ᠪᠠ ᠠᠰᠢᠭ ᠬᠤᠨᠵᠢᠪᠣᠷᠢ ᠣᠯᠬᠤ ᠪᠠᠷ ᠵᠣᠷᠢᠯᠭ᠎ᠠ ᠪᠣᠯᠭᠠᠭᠰᠠᠨ ᠪᠦᠯᠦᠭᠯᠡᠯ ᠤᠨ ᠴᠢᠨᠠᠷᠲᠠᠶ | ᠬᠡᠪᠯᠡᠯ ᠬᠤᠯᠠᠭᠠᠶᠢᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ | ᠰᠦᠷᠳᠡᠬᠦᠯᠦᠯ ᠦᠵᠡᠬᠦᠯᠬᠦ ᠪᠠᠶᠢᠳᠠᠯ ᠢ ᠪᠤᠢ ᠪᠣᠯᠭᠠᠬᠤ ᠪᠣᠯᠤᠨ᠎ᠠ᠃ |