ᠲᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠭᠡᠯᠡᠯ ᠤᠨ ᠠᠯᠪᠠᠨ ᠭᠡᠷ ᠠᠴᠠ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭᠠᠨ ᠤ ᠪᠡᠯᠭᠡ ᠲᠡᠮᠳᠡᠭ ᠢ ᠨᠡᠶᠢᠳᠡᠯᠡᠪᠡ
ᠨᠡᠶᠢᠲᠡᠯᠡᠭᠰᠡᠨ ᠴᠠᠭ᠄
2019/6/5
     ᠤᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠭᠡᠯᠡᠯ ᠤᠨ ᠠᠯᠪᠠᠨ ᠭᠡᠷ ᠠᠴᠠ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭᠠᠨ ᠤ ᠪᠡᠯᠭᠡ ᠲᠡᠮᠳᠡᠭ ᠢ ᠨᠡᠶᠢᠳᠡᠯᠡᠪᠡ᠃      ᠲᠤᠰ ᠲᠡᠮᠳᠡᠭ ᠨᠢ ᠲᠤᠭ᠎ᠠ ︽70︾ ᠪᠤᠯᠤᠨ ᠤᠯᠤᠰ ᠤᠨ ᠲᠦᠷᠢ ᠲᠦᠷᠬᠦ ᠶᠢ ᠲᠦᠯᠦᠭᠡᠯᠡᠭᠰᠡᠨ ᠤᠯᠤᠰ ᠤᠨ ᠰᠦᠯᠳᠡ ᠶᠢᠨ ᠲᠠᠪᠤᠨ ᠤᠳᠤ᠂ ᠲᠢᠶᠠᠨ ᠠᠨ ᠮᠧᠨ ᠢᠶᠠᠷ ᠵᠢᠷᠤᠭᠯᠠᠯ ᠤᠨ ᠢᠶᠠᠨ ᠭᠤᠤᠯᠯᠠᠬᠤ ᠡᠯᠧᠮᠧᠨ᠋ᠲ ᠪᠤᠯᠭᠠᠵᠤ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭᠠᠨ ᠤ ᠭᠤᠤᠯ ᠰᠡᠳᠤᠪ ᠢ ᠴᠢᠩᠭ᠋᠎ᠠ ᠪᠠᠷᠢᠭᠰᠠᠨ ᠪᠠᠶᠢᠨ᠎ᠠ᠃ ᠠᠵᠢᠯᠯᠠᠭᠠᠨ ᠤ ᠪᠡᠯᠭᠡ ᠲᠡᠮᠳᠡᠭ ᠤᠨ ᠲᠤᠮᠳᠠ ︽70︾ ᠬᠡᠮᠡᠬᠦ ᠲᠤᠭ᠎ᠠ ᠶᠢ ᠲᠡᠦᠬᠡ ᠶᠢᠨ ᠰᠢᠨ᠎ᠡ ᠬᠠᠭᠤᠳᠠᠰᠤ ᠶᠢ ᠰᠡᠬᠦᠵᠤ ᠪᠠᠶᠢᠭ᠎ᠠ ᠬᠠᠷᠠᠭᠠᠨ ᠤ ᠲᠤᠬᠢᠷᠠᠭᠤᠯᠤᠯᠭ᠎ᠠ ᠤᠷᠤᠭᠤᠯᠵᠤ᠂ ᠨᠠᠮ ᠪᠤᠯᠤᠨ ᠤᠯᠤᠰ ᠤᠨ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠲᠦᠷᠬᠦ ᠶᠢ ᠲᠤᠪᠤᠶᠢᠯᠭᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠵᠤ᠂ ᠲᠤᠮᠳᠠᠳᠤ ᠶᠢᠨ ᠦᠨᠳᠤᠰᠦᠳᠡᠨ ᠤ ᠲᠡᠦᠬᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠰᠠᠨᠠᠭ᠎ᠠ ᠶᠢ ᠠᠭᠤᠯᠤᠭᠰᠠᠨ ᠪᠠᠶᠢᠨ᠎ᠠ᠃      ᠠᠵᠢᠯᠯᠠᠭᠠᠨ ᠤ ᠪᠡᠯᠭᠡ ᠲᠡᠮᠳᠡᠭ ᠢ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭᠠᠨ ᠤ ᠤᠷᠴᠢᠨ ᠢ ᠶᠠᠩᠵᠤᠯᠠᠬᠤ ᠪᠤᠯᠤᠨ ᠤᠯᠠᠨ ᠲᠦᠮᠡᠨᠴᠢ ᠴᠢᠨᠠᠷᠲᠠᠢ ᠭᠤᠤᠯ ᠰᠡᠳᠤᠪᠳᠤ ᠰᠤᠷᠭᠠᠨ ᠬᠦᠮᠦᠵᠢᠯ ᠤᠨ ᠠᠵᠢᠯᠯᠠᠭᠠᠨ ᠤ ᠵᠦᠢᠯᠡᠰ ᠢ ᠬᠢᠬᠦ ᠵᠡᠷᠬᠡ ᠳᠤ ᠦᠷᠭᠡᠨ ᠢᠶᠠᠷ ᠬᠡᠷᠡᠭᠯᠡᠵᠤ ᠪᠤᠯᠤᠨ᠎ᠠ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号