ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠰᠣᠶᠣᠯ ᠪᠠ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019/6/5
     6 ᠳ᠋ᠤᠭᠠᠷ ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠰᠣᠶᠣᠯ ᠪᠠ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠤᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠶᠢᠨ ᠪᠠᠶᠢᠭᠤᠯᠤᠯᠲᠠ ᠶᠢᠨ ᠪᠠᠶᠢᠳᠠᠯ ᠪᠣᠯᠤᠨ ᠲᠤᠰ ᠬᠤᠭᠤᠴᠠᠭᠠᠨ ᠤ ᠦᠵᠡᠰᠬᠦᠯᠡᠩ ᠤᠨ ᠶᠡᠷᠦᠩᠬᠡᠢ ᠪᠠᠶᠢᠳᠠᠯ ᠢ ᠲᠠᠨᠢᠯᠴᠠᠭᠤᠯᠵᠤ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠳ᠋ᠧᠩ ᠬᠤᠸᠠ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠤ ᠪᠣᠳᠠᠲᠠᠢ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ ᠭᠦᠸᠧ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号