ᠥᠪᠥᠷ ᠵᠠᠰᠠᠭ ᠠᠯᠪᠠᠨ ᠥᠰᠥᠭ ﹇2019﹈ 25 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ ᠪᠠ ᠦᠢᠯᠡᠴᠢᠯᠡᠭᠡ ᠶᠢ | ᠰᠢᠯᠢᠳᠡᠭᠵᠢᠭᠦᠯᠬᠦ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠭᠦᠨᠵᠡᠭᠡᠢ ᠬᠤᠪᠢᠷᠠᠭᠤᠯᠬᠤ ᠶᠢ ᠲᠦᠷᠭᠡᠳᠭᠡᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠦᠪᠡᠷᠲᠡᠭᠡᠨ ᠵᠠᠰᠠᠬᠤ ᠣᠷᠣᠨ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠬᠤ ᠶᠢᠨ | ᠵᠣᠬᠢᠴᠠᠭᠤᠯᠬᠤ ᠳᠤᠭᠤᠶᠢᠯᠠᠩ ︵ᠳᠣᠷᠤᠭᠰᠢ ᠵᠣᠬᠢᠴᠠᠭᠤᠯᠬᠤ ᠳᠤᠭᠤᠶᠢᠯᠠᠩ ᠭᠡᠵᠦ ᠲᠣᠪᠴᠢᠯᠠᠨ᠎ᠠ︶ ᠢ | ᠪᠠᠶᠢᠭᠤᠯᠬᠤ ᠪᠠᠷ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ ᠵᠢᠴᠢ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠦᠷᠢᠯᠳᠦᠭᠦᠨ ᠭᠡᠰᠢᠭᠦᠨ | ᠳᠤᠭᠤᠶᠢᠯᠠᠩ ᠤᠨ ᠳᠠᠷᠤᠭ᠎ᠠ᠄ | ᠮᠠ ᠰᠢᠦᠸᠠᠢ ᠵᠢᠶᠦ᠋ᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠦᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ | ᠪᠤᠤ ᠵᠧᠨ ᠢᠤᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠳᠠᠷᠤᠭ᠎ᠠ | ᠪᠣᠣ ᠵᠢᠶᠠᠨ ᠵᠦᠩ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶᠠᠨ ᠤ ᠳᠠᠷᠤᠭ᠎ᠠ | ᠭᠡᠰᠢᠭᠦᠨ᠄ | ᠷᠧᠨ ᠹᠦ᠋ ᠱᠧᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ | ᠶᠠᠩ ᠯᠢ ᠮᠢᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ | ᠭᠦᠩ ᠮᠢᠩ ᠵᠦ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ ᠤᠨ ᠡᠷᠬᠢᠯᠡᠭᠴᠢ | ᠪᠢᠯᠢᠭᠬᠦᠦ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠭᠢᠮ ᠤᠨ ᠳᠠᠷᠤᠭ᠎ᠠ | ᠪᠠᠢ ᠴᠢᠩ ᠶᠤᠸᠠᠨ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ | ᠲᠢᠶᠠᠨ ᠳ᠋ᠧ ᡁᠢ ᠦᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ︵ᠵᠥᠪᠳᠡᠭᠴᠢ ᠶᠢᠨ ᠲᠠᠰᠤᠭ︶ | ᠤᠨ ᠡᠷᠬᠢᠯᠡᠭᠴᠢ | ᠭᠤᠤ ᠱᠢ ᠴᠢᠨ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ ᠤᠨ ᠳᠡᠳ᠋ ᠡᠷᠬᠢᠯᠡᠭᠴᠢ | ᠵᠧᠩ ᠵᠢᠶᠦ᠋ᠨ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ | ᠳᠡᠳ᠋ ᠡᠷᠬᠢᠯᠡᠭᠴᠢ | ᠸᠠᠩ ᠶᠢᠨ ᠪᠤᠤ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ ᠤᠨ ᠳᠡᠳ᠋ ᠡᠷᠬᠢᠯᠡᠭᠴᠢ | ᠯᠢᠦ ᠯᠢ ᠵᠢᠦᠸᠠᠨ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ ᠤᠨ ᠳᠡᠳ᠋ ᠡᠷᠬᠢᠯᠡᠭᠴᠢ | ᠵᠠᠩ ᠰᠢ ᠷᠦᠩ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ ᠤᠨ ᠰᠤᠷᠭᠠᠨ | ᠬᠦᠮᠦᠵᠢᠯ ᠤᠨ ᠶᠡᠷᠦᠩᠬᠡᠢ ᠪᠠᠶᠢᠴᠠᠭᠠᠭᠴᠢ | ᠶᠦᠨ ᠲᠤᠣ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠤᠨ | ᠳᠡᠳ᠋ ᠲᠤᠭᠤᠷᠢᠨ ᠪᠠᠶᠢᠴᠠᠭᠠᠭᠴᠢ | ᠫᠠᠩ ᠢᠤᠢ ᠳ᠋ᠦᠩ ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ | ᠶᠢᠨ ᠲᠢᠩᠭᠢᠮ ᠤᠨ ᠳᠡᠳ᠋ ᠳᠠᠷᠤᠭ᠎ᠠ | ᠵᠠᠩ ᠳ᠋ᠧ ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠢᠩᠭᠢᠮ ᠤᠨ ᠳᠡᠳ᠋ ᠳᠠᠷᠤᠭ᠎ᠠ | ᠸᠠᠩ ᠯᠠᠢ ᠮᠢᠩ ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠭᠢᠮ ᠤᠨ ᠳᠡᠳ᠋ | ᠳᠠᠷᠤᠭ᠎ᠠ | ᠭᠤᠤ ᠵᠢᠶᠠᠨ ᠬᠤᠸᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ︵ᠳᠡᠳ᠋ ᠲᠢᠩᠭᠢᠮ ᠤᠨ ᠳᠡᠰ︶ | ᠵᠢᠶ᠋ᠨ ᠯᠢ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠭᠢᠮ ᠤᠨ ᠳᠡᠳ᠋ ᠳᠠᠷᠤᠭ᠎ᠠ | ᠬᠠᠨ ᠱᠦ ᠴᠢᠩ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ ᠤᠨ ᠲᠣᠭᠤᠷᠢᠨ | ᠪᠠᠶᠢᠴᠠᠭᠠᠭᠴᠢ | ᠯᠢᠨ ᠼᠦᠩ ᠬᠣ᠋ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠭᠢᠮ ᠤᠨ ᠳᠡᠳ᠋ ᠳᠠᠷᠤᠭ᠎ᠠ | ᠵᠣᠣ ᠳ᠋ᠠ ᠶᠥᠩ ᠦᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠤᠨ ᠳᠡᠳ᠋ | ᠳᠠᠷᠤᠭ᠎ᠠ | ᠳ᠋ᠦ᠋ ᠵᠢᠶᠦ᠋ᠨ ᠹᠧᠩ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠭᠢᠮ ᠤᠨ | ᠳᠡᠳ᠋ ᠳᠠᠷᠤᠭ᠎ᠠ | ᠬᠤᠣ ᠴᠢᠩ ᠸᠧᠨ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠭᠢᠮ ᠤᠨ | ᠳᠡᠳ᠋ ᠳᠠᠷᠤᠭ᠎ᠠ | ᠸᠠᠩ ᠭᠧᠨ ᠰᠢᠶᠤᠤ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠭᠢᠮ ᠤᠨ ᠳᠡᠳ᠋ ᠲᠤᠭᠤᠷᠢᠨ ᠪᠠᠶᠢᠴᠠᠭᠠᠭᠴᠢ | ᠵᠠᠩ ᠰᠢᠶᠠᠩ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠳᠡᠳ᠋ | ᠳᠠᠷᠤᠭ᠎ᠠ | ᠶᠦᠨ ᠠᠢ ᠾᠧᠦ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠭᠢᠮ ᠤᠨ ᠳᠡᠳ᠋ ᠳᠠᠷᠤᠭ᠎ᠠ | ᠯᠢ ᠴᠦᠨ ᠱᠧᠩ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠤᠨ ᠳᠡᠳ᠋ | ᠲᠤᠭᠤᠷᠢᠨ ᠪᠠᠶᠢᠴᠠᠭᠠᠭᠴᠢ | ᠢᠤᠢ ᡁᠢ ᠭᠥᠸᠧ ᠦᠪᠡᠷᠲᠡᠭᠡᠨ ᠵᠠᠰᠠᠬᠤ ᠣᠷᠣᠨ ᠤ ᠰᠤᠶᠤᠯ ᠪᠠ ᠵᠢᠭᠤᠯᠴᠢᠯᠠᠯ ᠤᠨ ᠲᠢᠩᠭᠢᠮ ᠤᠨ ᠳᠡᠳ᠋ | ᠳᠠᠷᠤᠭ᠎ᠠ | ᠹᠦ᠋ ᠷᠦᠢ ᠹᠧᠩ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ | ᠳᠡᠳ᠋ ᠡᠷᠬᠢᠯᠡᠭᠴᠢ | ᠸᠠᠩ ᠭᠦᠢ ᠴᠢᠨ ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠬᠤᠷᠢᠶᠠᠨ ᠤ ᠭᠡᠰᠢᠭᠦᠨ ︵ᠳᠡᠳ᠋ ᠲᠢᠩᠭᠢᠮ ᠤᠨ ᠳᠡᠰ︶ | ᠯᠢ ᠳ᠋ᠦᠩ ᠱᠧᠩ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶᠠᠨ ᠤ ᠳᠠᠷᠤᠭ᠎ᠠ | ᠯᠢᠦᠢ ᠰᠢᠨ ᠱᠧᠩ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠡᠳ᠋ ᠲᠣᠭᠤᠷᠢᠨ ᠪᠠᠶᠢᠴᠠᠭᠠᠭᠴᠢ | ᠵᠠᠩ ᠪᠢᠨ ᠦᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶᠠᠨ ᠤ ᠳᠡᠳ᠋ ᠳᠠᠷᠤᠭ᠎ᠠ | ᠯᠧᠦ ᠪᠥᠸᠧ ᠵᠢᠶᠦ᠋ᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶᠠᠨ ᠤ ᠳᠡᠳ᠋ ᠳᠠᠷᠤᠭ᠎ᠠ | ᠹᠦ᠋ ᠵᠧᠨ ᠶᠥᠩ ᠦᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠦᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠶᠢᠨ ᠮᠠᠨ ᠢ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶᠠᠨ ᠤ ᠳᠠᠷᠤᠭ᠎ᠠ | ᠰᠥᠸᠧ ᠢ ᠵᠢᠶᠦ᠋ᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠲᠠᠰᠤᠭ ᠤᠨ ᠡᠷᠬᠢᠯᠡᠭᠴᠢ | ᠯᠢᠦ ᠴᠠᠩ ᠽᠠᠢ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠶᠠᠩ ᠯᠢᠶᠠᠩ ᠶᠥᠩ ᠬᠦᠬᠡᠬᠤᠲᠠ ᠪᠤᠭᠤᠮᠲᠠ ᠶᠢᠨ ᠳᠡᠳ᠋ ᠳᠠᠷᠤᠭ᠎ᠠ | ᠬᠤᠸᠠᠩ ᠶᠥᠩ ᠮᠠᠨᠵᠤᠤᠷ ᠪᠤᠭᠤᠮᠲᠠ ᠶᠢᠨ ᠳᠡᠳ᠋ ᠳᠠᠷᠤᠭ᠎ᠠ | ᠸᠠᠩ ᠸᠧᠢ ᠪᠢᠩ ᠮᠠᠨᠵᠤᠤᠷ ᠪᠤᠭᠤᠮᠲᠠ ᠶᠢᠨ ᠳᠡᠳ᠋ ᠳᠠᠷᠤᠭ᠎ᠠ | ᠯᠢ ᠵᠢᠩ ᠶᠠᠩ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ ᠶᠢᠨ ᠳᠡᠳ᠋ ᠳᠠᠷᠤᠭ᠎ᠠ | ᠵᠢᠶᠠ ᠴᠢ ᠵᠧᠨ ᠦᠪᠦᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ | ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠡᠯ᠎ᠡ ᠱᠠᠲᠤᠨ ᠤ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠢ ᠭᠦᠨᠵᠡᠭᠡᠢ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠲᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠬᠤ ᠭᠤᠣᠯᠳᠠᠯᠭᠠᠲᠤ | ᠬᠦᠷᠢᠶ᠎ᠡ ᠴᠠᠷᠠᠭ᠎ᠠ᠂ ᠵᠠᠩᠬᠢᠯᠠᠭ᠎ᠠ ᠶᠢᠨ ᠭᠤᠭᠴᠤᠭᠠᠨ ᠳᠠᠬᠢ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠢᠭᠡᠲᠦᠯᠲᠡᠢ ᠲᠦᠯᠦᠪᠯᠡᠨ ᠰᠤᠳᠤᠯᠵᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ | ᠴᠢᠬᠤᠯᠠ ᠵᠦᠢᠯᠡᠰ ᠢ ᠰᠤᠳᠤᠯᠤᠨ᠂ ᠭᠤᠣᠯᠳᠠᠯᠭ᠎ᠠ ᠲᠠᠢ ᠪᠦᠭᠡᠳ ᠬᠦᠴᠢᠷ ᠠᠰᠠᠭᠤᠳᠠᠯ ᠢ ᠵᠣᠬᠢᠴᠠᠭᠤᠯᠤᠨ | ᠠᠬᠢᠭᠤᠯᠵᠤ ᠰᠢᠢᠳᠪᠦᠷᠢᠯᠡᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠢ ᠰᠢᠮᠳᠠᠭᠤᠯᠤᠨ ᠵᠢᠯᠤᠭᠤᠳᠴᠤ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠨᠡᠩ ᠶᠡᠭᠡ ᠪᠠᠷ ᠬᠥᠭᠵᠢᠭᠡᠬᠦ ᠪᠠ ᠬᠦᠮᠦᠰ ᠤᠨ ᠢᠳᠡᠪᠬᠢᠵᠢᠯ ᠨᠡᠶᠢᠭᠡᠮ ᠤᠨ ᠡᠭᠦᠳᠬᠦ ᠴᠢᠳᠠᠪᠤᠷᠢ ᠶᠢ ᠳᠠᠶᠢᠴᠢᠯᠠᠨ᠎ᠠ᠃ | ᠵᠣᠬᠢᠴᠠᠭᠤᠯᠬᠤ ᠳᠤᠭᠤᠶᠢᠯᠠᠩ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠴᠤᠮᠬᠠᠳᠬᠠᠬᠤ ᠳᠤᠭᠤᠶᠢᠯᠠᠩ᠂ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤᠭᠤᠶᠢᠯᠠᠩ᠂ ᠦᠢᠯᠡᠰ ᠴᠤᠭᠴᠠᠯᠠᠵᠤ | ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤᠭᠤᠶᠢᠯᠠᠩ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠭᠤᠶᠢᠯᠠᠩ᠂ ᠨᠡᠶᠢᠭᠡᠮ ᠤᠨ ᠦᠢᠯᠡᠴᠢᠯᠡᠭᠡ ᠶᠢ ᠰᠠᠶᠢᠵᠢᠷᠠᠭᠤᠯᠬᠤ | ᠳᠤᠭᠤᠶᠢᠯᠠᠩ ᠭᠡᠬᠦ 5 ᠲᠤᠰᠬᠠᠢ ᠰᠡᠳᠦᠪᠲᠦ ᠳᠤᠭᠤᠶᠢᠯᠠᠩ ᠪᠠ ᠶᠡᠷᠦᠩᠬᠡᠶᠢᠯᠡᠭᠰᠡᠨ ᠳᠤᠭᠤᠶᠢᠯᠠᠩ᠂ ᠬᠠᠤᠯᠢ ᠪᠠᠷ | ᠵᠠᠰᠠᠬᠤ ᠠᠵᠢᠯ ᠤᠨ ᠳᠤᠭᠤᠶᠢᠯᠠᠩ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ᠂ ᠲᠤᠰᠬᠠᠢ ᠮᠡᠷᠭᠡᠵᠢᠯᠲᠡᠨ ᠤ | ᠳᠤᠭᠤᠶᠢᠯᠠᠩ ᠭᠡᠬᠦ 4 ᠪᠠᠲᠤᠯᠠᠬᠤ ᠳᠤᠭᠤᠶᠢᠯᠠᠩ ᠢ ᠪᠠᠶᠢᠭᠤᠯᠤᠨ᠎ᠠ᠃ | ᠬᠤᠶᠠᠷ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠲᠤᠰᠬᠠᠢ ᠰᠡᠳᠦᠪᠲᠦ ᠳᠤᠭᠤᠶᠢᠯᠠᠩ ᠵᠢᠴᠢ ᠭᠤᠣᠯ | ᠡᠭᠦᠷᠭᠡ ᠬᠠᠷᠢᠭᠤᠴᠠᠯᠭ᠎ᠠ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠴᠤᠮᠬᠠᠳᠬᠠᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠵᠧᠩ ᠵᠢᠶᠦ᠋ᠨ᠂ | ᠬᠠᠤᠯᠢ ᠴᠠᠭᠠᠵᠠ ᠶᠢᠨ ᠲᠢᠩᠭᠢᠮ ᠤᠨ ᠳᠡᠳ᠋ ᠳᠠᠷᠤᠭ᠎ᠠ ᠵᠢᠶᠠ ᠯᠢ᠂ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠭᠢᠮ ᠤᠨ ᠳᠡᠳ᠋ ᠲᠤᠭᠤᠷᠢᠨ ᠪᠠᠶᠢᠴᠠᠭᠠᠭᠴᠢ ᠸᠠᠩ ᠭᠧᠨ ᠰᠢᠶᠤᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠲᠤᠭᠤᠷᠢᠨ ᠪᠠᠶᠢᠴᠠᠭᠠᠭᠴᠢ ᠯᠢᠦᠢ ᠰᠢᠨ ᠱᠧᠩ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠨᠠᠷ ᠡᠭᠦᠷᠭᠡᠯᠡᠨ᠎ᠡ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ᠂ ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ | ᠦᠭᠡᠷᠡᠴᠢᠯᠡᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ | ᠳᠦᠷᠢᠮ ᠤᠨ ᠦᠭᠡᠷᠡᠴᠢᠯᠡᠯᠲᠡ ᠶᠢ ᠲᠦᠷᠦᠭᠦᠯᠡᠨ ᠬᠢᠵᠦ ᠠᠬᠢᠭᠤᠯᠬᠤ ᠶᠢ ᠬᠠᠷᠢᠭᠤᠴᠠᠨ᠎ᠠ᠃ ᠡᠷᠬᠡ ᠶᠢ ᠲᠠᠯᠪᠢᠬᠤ | ᠲᠠᠯ᠎ᠠ ᠪᠠᠷ᠂ ᠡᠯ᠎ᠡ ᠲᠦᠷᠦᠯ ᠤᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠠᠮᠢᠶᠠᠷᠤᠯᠲᠠ ᠶᠢᠨ ᠵᠦᠢᠯᠡᠰ ᠢ | ᠢᠯᠭᠠᠷᠠᠭᠤᠯᠤᠨ ᠵᠢᠷᠤᠮᠵᠢᠭᠤᠯᠬᠤ ᠶᠢ ᠵᠣᠬᠢᠴᠠᠭᠤᠯᠤᠨ ᠠᠬᠢᠭᠤᠯᠵᠤ᠂ ᠪᠡᠯᠡ ᠣᠷᠤᠭᠤᠯᠤᠯᠲᠠ ᠶᠢᠨ ᠲᠦᠷᠦᠯ ᠵᠦᠢᠯ ᠢ | ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ᠂ | ᠬᠠᠷᠭᠤᠭᠤᠯᠤᠨ ᠵᠥᠪᠰᠢᠶᠡᠷᠡᠬᠦ ᠵᠡᠷᠭᠡ ᠵᠦᠢᠯᠡᠰ ᠢ ᠦᠷᠭᠦᠯᠵᠢᠯᠡᠨ ᠢᠯᠭᠠᠷᠠᠭᠤᠯᠬᠤ ᠪᠠ ᠴᠤᠮᠬᠠᠳᠬᠠᠵᠤ᠂ ᠣᠷᠣᠨ | ᠪᠦᠰᠡ ᠪᠠᠷ ᠦᠨᠡᠯᠡᠨ ᠵᠢᠱᠢᠬᠦ᠂ ᠬᠤᠯᠪᠣᠭᠠᠯᠠᠵᠤ ᠬᠢᠨᠠᠨ ᠰᠢᠯᠭᠠᠷᠠᠭᠤᠯᠬᠤ᠂ ᠬᠠᠮᠲᠤ ᠳᠤ ᠨᠢ ᠬᠢᠨᠠᠨ ᠵᠥᠪᠰᠢᠶᠡᠷᠡᠬᠦ | ᠵᠡᠷᠭᠡ ᠶᠢ ᠬᠡᠷᠡᠭᠵᠢᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ ᠬᠦᠴᠦᠨ ᠦᠭᠡᠢ ᠪᠣᠯᠭᠠᠬᠤ ᠪᠠ ᠡᠷᠬᠡ ᠶᠢ ᠲᠠᠯᠪᠢᠭᠰᠠᠨ ᠬᠢᠨᠠᠨ | ᠵᠥᠪᠰᠢᠶᠡᠷᠡᠬᠦ ᠵᠦᠢᠯᠡᠰ ᠤᠨ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ | ᠬᠢᠨᠠᠨ ᠬᠠᠷᠭᠤᠭᠤᠯᠬᠤ ᠶᠢᠨ ᠬᠠᠮᠲᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠦᠢᠯᠡᠴᠢᠯᠡᠭᠡᠨ ᠤ | ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠪᠦᠬᠦ ᠣᠷᠣᠨ ᠤ ᠨᠢᠭᠡ ᠴᠤᠭᠴᠠᠵᠢᠭᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠪᠦᠬᠦ ᠤᠯᠤᠰ ᠤᠨ ᠨᠢᠭᠡ ᠴᠤᠭᠴᠠᠵᠢᠭᠤᠯᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠯᠤᠭ᠎ᠠ ᠵᠠᠯᠭᠠᠯᠳᠤᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠪᠠᠷ ᠠᠷᠠᠳ ᠲᠤ | ᠳᠦᠭᠦᠮ ᠦᠵᠡᠭᠦᠯᠬᠦ ᠶᠢ ᠠᠬᠢᠭᠤᠯᠤᠨ᠂ ᠦᠨᠡᠮᠯᠡᠯ ᠢ ᠬᠠᠰᠤᠵᠤ ᠪᠠᠭᠠᠰᠬᠠᠭᠠᠳ ᠠᠷᠠᠳ ᠲᠤ ᠳᠦᠭᠦᠮ ᠦᠵᠡᠭᠦᠯᠬᠦ | ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠪᠣᠯᠣᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ | ᠶᠢᠨ ᠵᠦᠪᠯᠡᠯ ᠤᠨ ᠡᠷᠬᠢᠯᠡᠭᠴᠢ ᠭᠦᠩ ᠮᠢᠩ ᠵᠦ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ᠂ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ ᠤᠨ ᠳᠡᠳ᠋ ᠳᠠᠷᠤᠭ᠎ᠠ ᠫᠠᠩ ᠢᠤᠢ ᠳ᠋ᠦᠩ᠂ ᠡᠳ᠋ ᠤᠨ | ᠵᠠᠰᠠᠭ ᠤᠨ ᠲᠢᠩᠭᠢᠮ ᠤᠨ ᠲᠤᠭᠤᠷᠢᠨ ᠪᠠᠶᠢᠴᠠᠭᠠᠬᠴᠢ ᠬᠠᠨ ᠱᠦ ᠴᠢᠩ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠭᠢᠮ ᠤᠨ ᠳᠡᠳ᠋ ᠳᠠᠷᠤᠭ᠎ᠠ ᠵᠤᠤ ᠳ᠋ᠠ ᠶᠥᠩ᠂ ᠠᠮᠢ ᠠᠬᠤᠢ ᠣᠷᠴᠢᠨ ᠲᠣᠭᠤᠷᠢᠨ ᠤ ᠲᠢᠩᠭᠢᠮ ᠤᠨ ᠳᠡᠳ᠋ | ᠳᠠᠷᠤᠭ᠎ᠠ ᠳ᠋ᠦ᠋ ᠵᠢᠶᠦ᠋ᠨ ᠹᠧᠩ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠭᠢᠮ ᠤᠨ ᠳᠡᠳ᠋ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ᠂ ᠬᠤᠳᠠᠯᠳᠤᠭᠠᠨ ᠤ ᠶᠠᠪᠤᠳᠠᠯ ᠤᠨ ᠲᠢᠩᠭᠢᠮ ᠤᠨ | ᠳᠡᠳ᠋ ᠲᠣᠭᠤᠷᠢᠨ ᠪᠠᠶᠢᠴᠠᠭᠠᠭᠴᠢ ᠯᠢ ᠴᠦᠨ ᠱᠧᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶᠠᠨ ᠤ ᠳᠠᠷᠤᠭ᠎ᠠ ᠯᠢ ᠳ᠋ᠦᠩ | ᠱᠧᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠲᠣᠭᠤᠷᠢᠨ ᠪᠠᠶᠢᠴᠠᠭᠠᠭᠴᠢ ᠯᠢᠦᠢ | ᠰᠢᠨ ᠱᠧᠩ᠂ ᠡᠨᠧᠷᠬᠢ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᠪᠢᠨ᠂ ᠣᠷᠣᠨ ᠨᠤᠲᠤᠭ ᠤᠨ ᠮᠦᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠹᠦ᠋ ᠵᠧᠨ ᠶᠥᠩ᠂ ᠬᠦᠬᠡᠬᠤᠲᠠ | ᠪᠤᠭᠤᠮᠲᠠ ᠶᠢᠨ ᠳᠡᠳ᠋ ᠳᠠᠷᠤᠭ᠎ᠠ ᠶᠠᠩ ᠯᠢᠶᠠᠩ ᠶᠥᠩ᠂ ᠮᠠᠨᠵᠤᠤᠷ ᠪᠤᠭᠤᠮᠲᠠ ᠶᠢᠨ ᠳᠡᠳ᠋ ᠳᠠᠷᠤᠭ᠎ᠠ ᠬᠤᠸᠠᠩ ᠶᠥᠩ᠂ | ᠠᠷᠠᠳ ᠤᠨ ᠪᠠᠩᠭᠢ ᠶᠢᠨ ᠬᠦᠬᠡᠬᠤᠲᠠ ᠲᠥᠪ ᠤᠨ ᠰᠠᠯᠪᠤᠷᠢ ᠪᠠᠩᠭᠢ ᠶᠢᠨ ᠳᠡᠳ᠋ ᠳᠠᠷᠤᠭ᠎ᠠ ᠯᠢ ᠵᠢᠩ ᠶᠠᠩ ᠨᠠᠷ | ᠡᠭᠦᠷᠭᠡᠯᠡᠨ᠎ᠡ᠃ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠦᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠂ ᠦᠷᠢᠰᠦᠯᠳᠦᠭᠡᠨ ᠤ ᠰᠢᠨ᠎ᠡ ᠳᠠᠪᠠᠭᠤᠯᠢᠭ ᠢ ᠪᠣᠢ ᠪᠣᠯᠭᠠᠬᠤ ᠶᠢ ᠲᠦᠷᠦᠭᠦᠯᠡᠨ | ᠬᠠᠷᠢᠭᠤᠴᠠᠨ᠎ᠠ᠃ ᠡᠷᠬᠡ ᠶᠢ ᠲᠠᠯᠪᠢᠬᠤ ᠲᠠᠯ᠎ᠠ ᠪᠠᠷ᠂ ᠪᠦᠬᠦ ᠤᠯᠤᠰ ᠤᠨ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠤᠭᠤᠯᠬᠤ ᠲᠠᠯ᠎ᠠ ᠪᠠᠷ ᠬᠢ ᠬᠤᠷᠢᠭ᠎ᠠ ᠲᠠᠢ ᠵᠦᠢᠯᠡᠰ ᠤᠨ ᠨᠢᠭᠡᠲᠦᠯᠲᠡᠢ ᠨᠠᠷᠢᠨ ᠳᠠᠩᠰᠠ ᠶᠢᠨ ᠳᠦᠷᠢᠮ ᠢ | ᠠᠬᠢᠭᠤᠯᠤᠨ ᠬᠡᠷᠡᠭᠵᠢᠭᠦᠯᠵᠦ᠂ ᠨᠢᠭᠡᠲᠦᠯᠲᠡᠢ ᠵᠠᠬ᠎ᠠ ᠳᠡᠯᠭᠡᠭᠦᠷ ᠪᠣᠯᠣᠨ ᠭᠤᠣᠯᠴᠢ ᠦᠷᠢᠰᠦᠯᠳᠦᠭᠡᠨ ᠳᠤ ᠬᠠᠷᠰᠢ | ᠰᠠᠭᠠᠳ ᠪᠣᠯᠬᠤ ᠡᠯ᠎ᠡ ᠵᠦᠢᠯ ᠤᠨ ᠲᠣᠭᠲᠠᠭᠠᠯ ᠪᠠ ᠬᠢᠳᠡᠯ ᠢ ᠢᠯᠭᠠᠷᠠᠭᠤᠯᠵᠤ ᠬᠦᠴᠦᠨ ᠦᠭᠡᠢ ᠪᠣᠯᠭᠠᠬᠤ ᠬᠡᠷᠡᠭᠲᠡᠢ᠃ | ᠭᠠᠳᠠᠭᠠᠲᠤ ᠪᠡᠯᠡ ᠮᠦᠩᠭᠦ ᠶᠢᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠥᠷᠭᠡᠳᠭᠡᠵᠦ᠂ ᠠᠷᠠᠳ ᠤᠨ | ᠳᠤᠮᠳᠠᠬᠢ ᠪᠡᠯᠡ ᠣᠷᠤᠭᠤᠯᠤᠯᠲᠠ ᠶᠢ ᠠᠬᠢᠭᠤᠯᠤᠨ᠂ ᠠᠷᠠᠯᠵᠢᠶᠠᠨ ᠤ ᠳᠦᠭᠦᠮ ᠳᠦᠳᠡᠴᠢᠯᠡᠬᠦ ᠬᠢᠷᠢ ᠲᠥᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠬᠢᠨᠠᠨ ᠵᠥᠪᠰᠢᠶᠡᠷᠡᠬᠦ ᠶᠢᠨ ᠵᠠᠭᠤᠴᠢ | ᠦᠢᠯᠡᠴᠢᠯᠡᠭᠡ ᠶᠢ ᠢᠯᠭᠠᠷᠠᠭᠤᠯᠤᠨ ᠵᠢᠷᠤᠮᠵᠢᠭᠤᠯᠵᠤ᠂ ᠨᠠᠷᠢᠨ ᠬᠠᠭᠤᠳᠠᠰᠤ ᠪᠠᠷ ᠰᠦᠢᠳᠭᠡᠯ ᠬᠤᠷᠢᠶᠠᠬᠤ ᠶᠢ ᠪᠦᠬᠦ | ᠲᠠᠯ᠎ᠠ ᠪᠠᠷ ᠬᠡᠷᠡᠭᠵᠢᠭᠦᠯᠦᠨ᠂ ᠰᠦᠢᠳᠭᠡᠯ ᠬᠤᠷᠢᠶᠠᠬᠤ ᠳᠤ ᠬᠢᠨᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ | ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠬᠤ ᠠᠵᠢᠯ ᠢ ᠦᠷᠭᠦᠯᠵᠢᠯᠡᠨ ᠢᠯᠭᠠᠷᠠᠭᠤᠯᠵᠤ | ᠵᠢᠷᠤᠮᠵᠢᠭᠤᠯᠬᠤ ᠬᠡᠷᠡᠭᠲᠡᠢ᠃ ᠦᠢᠯᠡᠴᠢᠯᠡᠭᠡᠨ ᠤ ᠲᠠᠯ᠎ᠠ ᠪᠠᠷ᠂ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠶᠢ | ᠠᠬᠢᠭᠤᠯᠤᠨ᠎ᠠ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ᠂ ᠪᠠᠩᠭᠢ ᠵᠡᠷᠭᠡ ᠨᠡᠶᠢᠲᠡ ᠶᠢᠨ ᠦᠢᠯᠡᠰ ᠤᠨ | ᠬᠦᠷᠢᠶᠡᠨ ᠳᠠᠬᠢ ᠦᠭᠡᠷᠡᠴᠢᠯᠡᠯᠲᠡ ᠶᠢ ᠲᠥᠷᠭᠡᠳᠭᠡᠨ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠳᠤ ᠦᠨᠡᠯᠡᠯᠲᠡ ᠬᠢᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ | ︵ᠭᠤᠷᠪᠠ︶ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ | ᠶᠢᠨ ᠵᠦᠪᠯᠡᠯ ᠤᠨ ᠡᠷᠬᠢᠯᠡᠭᠴᠢ ᠭᠦᠩ ᠮᠢᠩ ᠵᠦ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠭᠤᠤ ᠱᠢ ᠴᠢᠨ᠂ | ᠰᠤᠷᠭᠠᠨ ᠬᠦᠮᠦᠵᠢᠯ ᠤᠨ ᠲᠢᠩᠭᠢᠮ ᠤᠨ ᠰᠤᠷᠭᠠᠨ ᠬᠦᠮᠦᠵᠢᠯ ᠤᠨ ᠶᠡᠷᠦᠩᠬᠡᠢ ᠪᠠᠶᠢᠴᠠᠭᠠᠭᠴᠢ ᠵᠠᠩ ᠰᠢ ᠷᠦᠩ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠤᠨ ᠳᠡᠳ᠋ ᠲᠤᠭᠤᠷᠢᠨ ᠪᠠᠶᠢᠴᠠᠭᠠᠭᠴᠢ ᠶᠦᠨ ᠲᠤᠣ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ ᠤᠨ ᠳᠡᠳ᠋ ᠳᠠᠷᠤᠭ᠎ᠠ ᠵᠡᠩ ᠳ᠋ᠧ᠂ ᠡᠳ᠋ ᠤᠨ ᠵᠠᠰᠠᠭ ᠤᠨ | ᠲᠢᠩᠭᠢᠮ ᠤᠨ ᠲᠤᠭᠤᠷᠢᠨ ᠪᠠᠶᠢᠴᠠᠭᠠᠭᠴᠢ ᠬᠠᠨ ᠱᠦ ᠴᠢᠩ᠂ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠭᠢᠮ ᠤᠨ ᠳᠡᠳ᠋ ᠳᠠᠷᠤᠭ᠎ᠠ ᠯᠢᠨ ᠼᠦᠩ ᠬᠣ᠋᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠬᠤᠷᠢᠶᠠᠨ ᠤ ᠭᠡᠰᠢᠭᠦᠨ ᠸᠠᠩ ᠭᠦᠢ ᠴᠢᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠲᠤᠭᠤᠷᠢᠨ ᠪᠠᠶᠢᠴᠠᠭᠠᠭᠴᠢ ᠯᠢᠦᠢ ᠰᠢᠨ | ᠱᠧᠩ᠂ ᠦᠪᠦᠷ ᠮᠣᠩᠭᠤᠯ ᠤᠨ ᠪᠠᠩᠭᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ | ᠬᠤᠷᠢᠶᠠᠨ ᠤ ᠭᠡᠰᠢᠭᠦᠨ ᠵᠢᠶᠠ ᠴᠢ ᠵᠧᠨ ᠨᠠᠷ ᠡᠭᠦᠷᠭᠡᠯᠡᠨ᠎ᠡ᠃ | ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠠᠬᠢᠭᠤᠯᠤᠨ ᠬᠡᠷᠡᠭᠵᠢᠭᠦᠯᠵᠦ᠂ ᠣᠯᠠᠨ ᠢᠶᠠᠷ ᠢᠶᠠᠨ ᠦᠢᠯᠡᠰ ᠴᠤᠭᠴᠠᠯᠠᠵᠤ ᠲᠦᠮᠡᠨ ᠢᠶᠠᠷ ᠢᠶᠠᠨ ᠰᠢᠨ᠎ᠡ ᠶᠢ ᠡᠭᠦᠳᠬᠦ | ᠶᠢᠨ ᠳᠡᠰ ᠳᠡᠪᠰᠢᠭᠦᠯᠦᠭᠰᠡᠨ ᠬᠡᠪ ᠢ ᠪᠣᠢ ᠪᠣᠯᠭᠠᠨ᠂ ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢᠨ | ᠦᠷᠭᠦᠯᠵᠢᠯᠡᠨ ᠰᠣᠯᠢᠭᠳᠠᠬᠤ ᠶᠢ ᠲᠦᠷᠦᠭᠦᠯᠡᠨ ᠬᠢᠵᠦ ᠠᠬᠢᠭᠤᠯᠬᠤ ᠶᠢ ᠬᠠᠷᠢᠭᠤᠴᠠᠨ᠎ᠠ᠃ ᠡᠷᠬᠡ ᠶᠢ ᠲᠠᠯᠪᠢᠬᠤ | ᠲᠠᠯ᠎ᠠ ᠪᠠᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠡᠷᠡᠭᠯᠡᠬᠦ ᠪᠠ ᠬᠠᠮᠢᠶᠠᠷᠬᠤ ᠠᠷᠭ᠎ᠠ ᠬᠡᠯᠪᠡᠷᠢ ᠳᠤ | ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠲᠡᠳ ᠲᠤ ᠨᠡᠩ | ᠶᠡᠭᠡ ᠡᠵᠡ ᠮᠡᠳᠡᠬᠦ ᠡᠷᠬᠡ ᠣᠯᠭᠤᠵᠣ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠤᠯᠠᠷᠢᠯᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠪᠠᠶᠢᠳᠠᠯ ᠳᠤ ᠨᠢ ᠲᠣᠬᠢᠷᠠᠭᠤᠯᠤᠨ ᠪᠠᠭᠲᠠᠭᠠᠮᠵᠢᠲᠠᠢ ᠪᠦᠭᠡᠳ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ | ᠵᠠᠭᠪᠤᠷ ᠪᠠ ᠪᠠᠷᠢᠮᠵᠢᠶ᠎ᠠ ᠶᠢᠨ ᠵᠢᠷᠤᠮᠯᠠᠯ ᠢ ᠲᠣᠭᠲᠠᠭᠠᠵᠤ᠂ ᠠᠮᠦᠷ ᠲᠥᠪᠰᠢᠨ ᠪᠣᠯᠣᠨ ᠶᠠᠰᠤ ᠴᠢᠨᠠᠷ ᠤᠨ ᠬᠤᠷᠢᠭ᠎ᠠ | ᠱᠤᠭᠤᠮ ᠢ ᠡᠷᠡᠰ ᠰᠠᠬᠢᠬᠤ ᠬᠡᠷᠡᠭᠲᠡᠢ᠃ ᠦᠢᠯᠡᠴᠢᠯᠡᠭᠡᠨ ᠤ ᠲᠠᠯ᠎ᠠ ᠪᠠᠷ᠂ ᠡᠯ᠎ᠡ ᠲᠦᠷᠦᠯ ᠤᠨ ᠭᠤᠣᠯ ᠴᠤᠭᠴᠠ ᠶᠢᠨ | ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠦᠢᠯᠡᠰ ᠴᠤᠭᠴᠠᠯᠠᠵᠤ | ᠰᠢᠨ᠎ᠡ ᠶᠢ ᠡᠭᠦᠳᠬᠦ ᠲᠠᠯ᠎ᠠ ᠪᠠᠷ ᠬᠢ ᠪᠡᠯᠡ ᠲᠣᠬᠢᠷᠠᠭᠤᠯᠬᠤ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠬᠤᠪᠢᠶᠠᠷᠢᠯᠠᠯᠲᠠ ᠶᠢᠨ ᠲᠣᠭᠲᠠᠴᠠ ᠳᠤ ᠦᠭᠡᠷᠡᠴᠢᠯᠡᠯᠲᠡ ᠬᠢᠵᠦ᠂ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ | ᠴᠢᠳᠠᠪᠤᠷᠢᠲᠠᠨ ᠤ ᠵᠦᠢ ᠵᠣᠬᠢᠰᠲᠠᠢ ᠪᠠᠷ ᠰᠢᠯᠵᠢᠬᠦ ᠶᠢ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠬᠢᠷᠢ | ᠭᠡᠮ ᠤᠨ ᠬᠠᠮᠢᠶᠠᠷᠤᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠣᠯᠭᠤᠯᠲᠠ ᠪᠣᠯᠣᠨ | ᠮᠡᠷᠭᠡᠵᠢᠯ ᠴᠢᠳᠠᠪᠤᠷᠢ ᠶᠢᠨ ᠦᠢᠯᠡᠴᠢᠯᠡᠭᠡ ᠶᠢ ᠴᠢᠩᠭᠠᠳᠬᠠᠨ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ | ᠳᠡᠮᠵᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ | ︵ᠳᠥᠷᠪᠡ︶ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠪᠠᠢ ᠴᠢᠩ ᠶᠤᠸᠠᠨ ᠡᠭᠦᠷᠭᠡᠯᠡᠵᠦ᠂ ᠳᠡᠳ᠋ ᠳᠤᠭᠤᠶᠢᠯᠠᠩ ᠤᠨ | ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ | ᠡᠷᠬᠢᠯᠡᠭᠴᠢ ᠯᠢᠦ ᠯᠢ ᠵᠢᠦᠸᠠᠨ᠂ ᠬᠠᠤᠯᠢ ᠴᠠᠭᠠᠵᠠ ᠶᠢᠨ ᠲᠢᠩᠭᠢᠮ ᠤᠨ ᠳᠡᠳ᠋ ᠳᠠᠷᠤᠭ᠎ᠠ ᠵᠢᠶᠠ ᠯᠢ᠂ ᠠᠮᠢ ᠠᠬᠤᠢ | ᠣᠷᠴᠢᠨ ᠲᠣᠭᠤᠷᠢᠨ ᠤ ᠲᠢᠩᠭᠢᠮ ᠤᠨ ᠳᠡᠳ᠋ ᠳᠠᠷᠤᠭ᠎ᠠ ᠬᠤᠥ ᠴᠢᠩ ᠸᠧᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠭᠢᠮ ᠤᠨ ᠳᠡᠳ᠋ ᠳᠠᠷᠤᠭ᠎ᠠ ᠵᠠᠩ ᠰᠢᠶᠠᠩ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠭᠢᠮ ᠤᠨ ᠳᠡᠳ᠋ ᠳᠠᠷᠤᠭ᠎ᠠ ᠶᠦᠨ ᠠᠢ ᠾᠧᠦ᠂ ᠰᠤᠶᠤᠯ ᠪᠠ ᠵᠢᠭᠤᠯᠴᠢᠯᠠᠯ ᠤᠨ ᠲᠢᠩᠭᠢᠮ ᠤᠨ ᠳᠡᠳ᠋ | ᠳᠠᠷᠤᠭ᠎ᠠ ᠢᠤᠢ ᡁᠢ ᠭᠥᠸᠧ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠯᠧᠦ | ᠪᠥᠸᠧ ᠵᠢᠶᠦ᠋ᠨ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠴᠠᠩ | ᠽᠠᠢ᠂ ᠬᠦᠬᠡᠬᠤᠲᠠ ᠪᠤᠭᠤᠮᠲᠠ ᠶᠢᠨ ᠳᠡᠳ᠋ ᠳᠠᠷᠤᠭ᠎ᠠ ᠶᠠᠩ ᠯᠢᠶᠠᠩ ᠶᠥᠩ᠂ ᠮᠠᠨᠵᠤᠤᠷ ᠪᠤᠭᠤᠮᠲᠠ ᠶᠢᠨ ᠳᠡᠳ᠋ | ᠳᠠᠷᠤᠭ᠎ᠠ ᠸᠠᠩ ᠸᠧᠢ ᠪᠢᠩ ᠨᠠᠷ ᠡᠭᠦᠷᠭᠡᠯᠡᠨ᠎ᠡ᠃ | ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ | ᠭᠤᠣᠯᠴᠢ ᠪᠠᠷ ᠦᠷᠢᠰᠦᠯᠳᠦᠬᠦ ᠡᠮᠬᠢ ᠲᠢᠭᠯᠢᠮ ᠢ ᠬᠠᠮᠠᠭᠠᠯᠠᠬᠤ ᠶᠢ ᠲᠦᠷᠦᠭᠦᠯᠡᠨ ᠬᠠᠷᠢᠭᠤᠴᠠᠨ᠎ᠠ᠃ ᠡᠷᠬᠡ ᠶᠢ | ᠲᠠᠯᠪᠢᠬᠤ ᠲᠠᠯ᠎ᠠ ᠪᠠᠷ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠬᠤᠭᠤᠴᠠᠭ᠎ᠠ ᠶᠢ ᠪᠤᠭᠤᠨᠢᠰᠬᠠᠵᠤ᠂ ︽ | ᠭᠡᠷᠡᠴᠢ ᠪᠠ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠣᠯᠠᠨ ᠦᠨᠡᠮᠯᠡᠯ ᠢ | ᠨᠢᠭᠡᠲᠦᠭᠦᠯᠵᠦ ᠨᠢᠭᠡ ᠪᠣᠯᠭᠠᠬᠤ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠶᠢᠨ | ᠦᠢᠯᠡᠳᠭᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠤ᠂ | ᠳᠠᠩᠰᠠᠯᠠᠨ ᠲᠡᠮᠲᠡᠭᠯᠡᠭᠦᠯᠦᠭᠰᠡᠨ ᠢᠶᠠᠨ ᠳᠦᠭᠦᠮ ᠠᠪᠰᠠᠷᠬᠠᠨ ᠢᠶᠠᠷ ᠬᠦᠴᠦᠨ ᠦᠭᠡᠢ ᠪᠣᠯᠭᠠᠬᠤ ᠦᠭᠡᠷᠡᠴᠢᠯᠡᠯᠲᠡ ᠶᠢ | ᠬᠡᠷᠡᠭᠵᠢᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠬᠤᠶᠠᠷ ᠢ ᠰᠤᠭᠤᠴᠢᠵᠤ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠠᠪᠴᠠᠯ ᠪᠣᠯᠭᠠᠭᠰᠠᠨ᠂ ᠭᠤᠣᠯᠳᠠᠯᠭ᠎ᠠ ᠲᠠᠢ ᠬᠢᠨᠠᠨ | ᠬᠠᠮᠢᠶᠠᠷᠬᠤ ᠪᠠᠷ ᠨᠦᠬᠦᠪᠦᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠰᠠᠯᠠᠭ᠎ᠠ ᠮᠦᠴᠢᠷ | ᠠᠯᠤᠰᠯᠠᠨ ᠬᠤᠯᠪᠣᠭᠠᠯᠠᠵᠤ ᠬᠢᠨᠠᠨ ᠬᠠᠮᠢᠶᠠᠷᠬᠤ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ | ᠠᠬᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠣᠨ ᠴᠢᠯᠦᠭᠡᠲᠦ ᠲᠠᠰᠤᠯᠤᠯᠲᠠ ᠶᠢᠨ ᠡᠷᠬᠡ ᠶᠢ | ᠵᠢᠷᠤᠮᠵᠢᠭᠤᠯᠬᠤ ᠬᠡᠷᠡᠭᠲᠡᠢ᠃ ᠦᠢᠯᠡᠴᠢᠯᠡᠭᠡᠨ ᠤ ᠲᠠᠯ᠎ᠠ ᠪᠠᠷ᠂ ᠪᠠᠷᠢᠮᠵᠢᠶᠠᠨ ᠤ ᠬᠦᠲᠦᠯᠦᠨ ᠳᠠᠭᠠᠭᠤᠯᠬᠤ ᠪᠠ | ᠵᠢᠷᠤᠮᠵᠢᠭᠤᠯᠬᠤ ᠦᠢᠯᠡᠳᠦᠯ ᠢ ᠪᠠᠳᠠᠷᠠᠭᠤᠯᠵᠤ᠂ ᠪᠠᠷᠢᠮᠵᠢᠶᠠᠲᠤ ᠰᠢᠰᠲ᠋ᠧᠮᠵᠢ ᠶᠢ ᠴᠢᠩᠭᠠᠷᠠᠭᠤᠯᠤᠨ᠂ ᠭᠡᠷᠡᠴᠢᠯᠡᠬᠦ | ᠵᠥᠪᠰᠢᠶᠡᠷᠡᠬᠦ ᠪᠠᠶᠢᠴᠠᠭᠠᠬᠤ ᠰᠢᠯᠭᠠᠬᠤ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ | ︵ᠲᠠᠪᠤ︶ ᠨᠡᠶᠢᠭᠡᠮ ᠤᠨ ᠦᠢᠯᠡᠴᠢᠯᠡᠭᠡᠨ ᠢ ᠰᠠᠶᠢᠵᠢᠷᠠᠭᠤᠯᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠨᠠᠷᠢᠨ ᠪᠢᠴᠢᠭ ᠤᠨ ᠳᠠᠷᠤᠭ᠎ᠠ ᠷᠧᠨ ᠹᠦ᠋ ᠱᠧᠩ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ | ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ ᠤᠨ ᠰᠤᠷᠭᠠᠨ ᠬᠦᠮᠦᠵᠢᠯ ᠤᠨ ᠶᠠᠷᠦᠩᠬᠡᠢ ᠪᠠᠶᠢᠴᠠᠭᠠᠭᠴᠢ ᠵᠠᠩ | ᠰᠢ ᠷᠦᠩ᠂ ᠲᠤᠳᠤᠭᠠᠲᠤ ᠶᠢ ᠬᠠᠮᠠᠭᠠᠯᠠᠬᠤ ᠲᠢᠩᠭᠢᠮ ᠤᠨ ᠳᠡᠳ᠋ ᠳᠠᠷᠤᠭ᠎ᠠ ᠸᠠᠩ ᠯᠠᠢ ᠮᠢᠩ᠂ ᠠᠷᠠᠳ ᠤᠨ | ᠶᠠᠪᠤᠳᠠᠯ ᠤᠨ ᠲᠢᠩᠭᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠭᠤᠥ ᠵᠢᠶᠠᠨ ᠬᠤᠸᠠ᠂ ᠬᠠᠤᠯᠢ | ᠴᠠᠭᠠᠵᠠ ᠶᠢᠨ ᠲᠢᠩᠭᠢᠮ ᠤᠨ ᠳᠡᠳ᠋ ᠳᠠᠷᠤᠭ᠎ᠠ ᠵᠢᠶᠠ ᠯᠢ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠭᠢᠮ ᠤᠨ ᠳᠡᠳ᠋ ᠳᠠᠷᠤᠭ᠎ᠠ ᠯᠢᠨ ᠼᠦᠩ ᠬᠣ᠋᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠦᠪᠯᠡᠯ ᠤᠨ ᠳᠡᠳ᠋ ᠡᠷᠬᠢᠯᠡᠭᠴᠢ ᠹᠦ᠋ ᠷᠦᠢ ᠹᠧᠩ᠂ ᠡᠮᠴᠢᠯᠡᠭᠡᠨ ᠤ ᠳᠠᠭᠠᠳᠬᠠᠯ ᠤᠨ ᠲᠤᠪᠴᠢᠶᠠᠨ ᠤ ᠳᠠᠷᠤᠭ᠎ᠠ ᠶᠢᠨ | ᠮᠠᠨ ᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠨᠠᠷ ᠡᠭᠦᠷᠭᠡᠯᠡᠨ᠎ᠡ᠃ | ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ | ᠳᠠᠭᠠᠳᠬᠠᠯ ᠵᠢᠴᠢ ᠨᠡᠶᠢᠭᠡᠮ ᠤᠨ ᠬᠠᠮᠢᠶᠠᠷᠤᠯᠲᠠ ᠵᠡᠷᠭᠡ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠠᠷᠠᠳ ᠣᠯᠠᠨ ᠳᠤ ᠨᠡᠩ ᠳᠦᠭᠦᠮ ᠳᠦᠳᠡ ᠪᠦᠭᠡᠳ ᠦᠨᠳᠦᠷ | ᠪᠦᠲᠦᠮᠵᠢᠲᠡᠢ᠂ ᠭᠤᠣᠯᠴᠢ ᠬᠦᠷᠲᠡᠭᠡᠯ ᠲᠠᠢ ᠪᠠᠶᠢᠬᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ | ᠲᠦᠷᠦᠭᠦᠯᠡᠨ ᠬᠠᠷᠢᠭᠤᠴᠠᠨ᠎ᠠ᠃ ᠡᠷᠬᠡ ᠶᠢ ᠲᠠᠯᠪᠢᠬᠤ ᠲᠠᠯ᠎ᠠ ᠪᠠᠷ᠂ ᠦᠢᠯᠡᠴᠢᠯᠡᠭᠡᠨ ᠤ ᠦᠢᠯᠡᠰ ᠤᠨ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠨᠢ ᠠᠭᠤᠵᠢᠭᠤ ᠪᠣᠯᠭᠠᠬᠤ ᠶᠢ ᠵᠣᠬᠢᠴᠠᠭᠤᠯᠤᠨ ᠠᠬᠢᠭᠤᠯᠵᠤ᠂ ᠵᠠᠬ᠎ᠠ | ᠳᠡᠯᠭᠡᠭᠦᠷ ᠤᠨ ᠬᠦᠴᠦᠨ ᠢ ᠳᠠᠶᠢᠴᠢᠯᠠᠵᠤ ᠪᠠᠶᠢᠭᠠᠳ ᠣᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ | ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠤᠨ ᠣᠷᠳᠣᠨ ᠤ | ᠴᠤᠩᠬᠤᠪᠴᠢ ᠶᠢᠨ ᠦᠢᠯᠡᠴᠢᠯᠡᠭᠡ ᠳᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ | ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠦᠢᠯᠡᠴᠢᠯᠡᠭᠡᠨ ᠤ | ᠲᠠᠯ᠎ᠠ ᠪᠠᠷ᠂ ᠠᠷᠠᠳ ᠤᠨ ᠠᠮᠢᠳᠤᠷᠠᠯ ᠤᠨ ᠵᠦᠢᠯᠡᠰ ᠤᠨ ᠲᠠᠯ᠎ᠠ ᠪᠠᠷ ᠬᠢ ᠭᠦᠢᠴᠡᠳᠭᠡᠬᠦ ᠴᠤᠪᠤᠷᠠᠯ ᠪᠣᠯᠣᠨ ᠭᠠᠷᠳᠠᠮ ᠢ | ᠳᠦᠭᠦᠮᠴᠢᠯᠡᠬᠦ ᠪᠠ ᠰᠢᠯᠢᠳᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠴᠢᠯᠡᠭᠡᠨ ᠤ ᠳᠠᠭᠠᠳᠬᠠᠯ | ᠵᠡᠷᠭᠡ ᠵᠦᠢᠯᠡᠰ ᠢ ᠣᠨᠳᠣᠣ ᠭᠠᠵᠠᠷ ᠤᠨ ᠰᠦᠯᠵᠢᠶ᠎ᠡ ᠲᠠᠢ ᠬᠤᠯᠪᠣᠵᠤ ᠭᠦᠢᠴᠡᠳᠭᠡᠬᠦ ᠶᠢ ᠠᠬᠢᠭᠤᠯᠬᠤ ᠬᠡᠷᠡᠭᠲᠡᠢ᠃ ︽ | ᠢᠨᠲ᠋ᠧᠷ ᠰᠦᠯᠵᠢᠶ᠎ᠡ + ᠰᠤᠷᠭᠠᠨ ᠬᠦᠮᠦᠵᠢᠯ︾᠂ ︽ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠵᠠᠭᠪᠤᠷ ᠢ | ᠭᠦᠢᠴᠡᠳ ᠠᠰᠢᠭᠯᠠᠵᠤ᠂ ᠣᠯᠠᠨ ᠨᠡᠶᠢᠲᠡ ᠶᠢᠨ ᠴᠢᠨᠠᠷ ᠰᠠᠶᠢᠲᠠᠢ ᠦᠢᠯᠡᠴᠢᠯᠡᠭᠡᠨ ᠤ ᠡᠬᠢ ᠪᠠᠶᠠᠯᠢᠭ ᠤᠨ ᠰᠠᠴᠤᠷᠠᠨ | ᠨᠦᠯᠦᠭᠡᠯᠡᠬᠦ ᠦᠷ᠎ᠡ ᠨᠦᠯᠦᠭᠡ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠲᠤᠰᠬᠠᠢ ᠰᠡᠳᠦᠪᠲᠦ ᠳᠤᠭᠤᠶᠢᠯᠠᠩ ᠤᠨ | ᠡᠳᠦᠷ ᠲᠤᠳᠤᠮ ᠤᠨ ᠠᠵᠢᠯ ᠤᠳ ᠢ ᠳᠤᠭᠤᠶᠢᠯᠠᠩ ᠤᠨ ᠳᠠᠷᠤᠭ᠎ᠠ ᠶᠢᠨ ᠪᠠᠶᠢᠭ᠎ᠠ ᠨᠢᠭᠡᠴᠢ ᠡᠭᠦᠷᠭᠡᠯᠡᠨ᠎ᠡ᠃ | ᠡᠯ᠎ᠡ ᠲᠤᠰᠬᠠᠢ ᠰᠡᠳᠦᠪᠲᠦ ᠳᠤᠭᠤᠶᠢᠯᠠᠩ ᠨᠢ ᠲᠤᠰ ᠬᠦᠷᠢᠶᠡᠨ ᠳᠠᠬᠢ ᠨᠡᠶᠢᠭᠡᠮ ᠤᠨ ᠲᠤᠰᠬᠠᠯ ᠢᠶᠠᠷ ᠴᠢᠩᠭ᠎ᠠ᠂ | ᠣᠯᠠᠨ ᠲᠦᠮᠡᠨ ᠤ ᠰᠠᠨᠠᠯ ᠲᠦᠪᠯᠡᠷᠡᠭᠰᠡᠨ ᠠᠰᠠᠭᠤᠳᠠᠯ ᠢ ᠬᠠᠷᠢᠭᠤᠴᠠᠵᠤ ᠪᠠᠶᠢᠴᠠᠭᠠᠨ ᠰᠤᠳᠤᠯᠵᠤ᠂ ᠬᠠᠮᠢᠶ᠎ᠠ ᠪᠦᠬᠦᠢ | ᠰᠠᠯᠠᠭ᠎ᠠ ᠮᠦᠴᠢᠷ ᠤᠳ ᠢ ᠵᠣᠬᠢᠴᠠᠭᠤᠯᠵᠤ ᠭᠤᠣᠯᠳᠠᠯᠭ᠎ᠠ ᠲᠠᠢ ᠪᠦᠭᠡᠳ ᠬᠦᠴᠢᠷ ᠠᠰᠠᠭᠤᠳᠠᠯ ᠢ ᠬᠠᠮᠲᠤᠷᠠᠯᠴᠠᠨ | ᠰᠢᠢᠳᠪᠦᠷᠢᠯᠡᠵᠦ᠂ ᠦᠭᠡᠷᠡᠴᠢᠯᠡᠬᠦ ᠲᠠᠯ᠎ᠠ ᠪᠠᠷ ᠬᠢ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠡᠯ᠎ᠡ ᠲᠤᠰᠬᠠᠢ | ᠰᠡᠳᠦᠪᠲᠦ ᠳᠤᠭᠤᠶᠢᠯᠠᠩ ᠤᠨ ᠦᠭᠡᠷᠡᠴᠢᠯᠡᠬᠦ ᠲᠠᠯ᠎ᠠ ᠪᠠᠷ ᠬᠢ ᠰᠠᠨᠠᠭᠤᠯᠭ᠎ᠠ ᠶᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠨᠦᠬᠦᠳ ᠠᠴᠠ ᠵᠢᠭᠠᠪᠤᠷᠢ | ᠠᠪᠤᠭᠰᠠᠨ ᠤ ᠳᠠᠷᠠᠭ᠎ᠠ᠂ ᠵᠣᠬᠢᠴᠠᠭᠤᠯᠬᠤ ᠳᠤᠭᠤᠶᠢᠯᠠᠩ ᠤᠨ ᠬᠤᠷᠠᠯ ᠳᠤ ᠳᠡᠰ ᠳᠠᠷᠠᠭᠠᠯᠠᠯ ᠶᠣᠰᠤᠭᠠᠷ ᠲᠤᠰᠢᠶᠠᠭᠠᠳ | ᠬᠢᠨᠠᠨ ᠵᠥᠪᠯᠡᠭᠦᠯᠵᠦ ᠪᠣᠯᠣᠨ᠎ᠠ᠃ | ᠭᠤᠷᠪᠠ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠪᠠᠲᠤᠯᠠᠬᠤ ᠳᠤᠭᠤᠶᠢᠯᠠᠩ ᠵᠢᠴᠢ ᠭᠤᠣᠯ ᠡᠭᠦᠷᠭᠡ | ᠬᠠᠷᠢᠭᠤᠴᠠᠯᠭ᠎ᠠ | ︵ᠨᠢᠭᠡ︶ ᠶᠡᠷᠦᠩᠬᠡᠶᠢᠯᠡᠭᠰᠡᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶᠠᠨ ᠤ ᠳᠠᠷᠤᠭ᠎ᠠ ᠪᠤᠤ ᠵᠢᠶᠠᠨ ᠵᠦᠩ ᠡᠭᠦᠷᠭᠡᠯᠡᠨ᠎ᠡ᠃ | ᠵᠣᠬᠢᠴᠠᠭᠤᠯᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠤᠨ ᠡᠳᠦᠷ ᠲᠤᠳᠤᠮ ᠤᠨ ᠠᠵᠢᠯ ᠢ | ᠬᠠᠷᠢᠭᠤᠴᠠᠨ᠎ᠠ︔ ᠡᠯ᠎ᠡ ᠲᠤᠰᠬᠠᠢ ᠰᠡᠳᠦᠪᠲᠦ ᠳᠤᠭᠤᠶᠢᠯᠠᠩ᠂ ᠪᠠᠲᠤᠯᠠᠬᠤ ᠳᠤᠭᠤᠶᠢᠯᠠᠩ ᠤᠨ ᠬᠤᠭᠤᠷᠤᠨᠳᠤᠬᠢ | ᠨᠡᠪᠲᠡᠷᠡᠯᠴᠡᠵᠦ ᠵᠣᠬᠢᠴᠠᠭᠤᠯᠬᠤ ᠠᠵᠢᠯ ᠢ ᠬᠠᠷᠢᠭᠤᠴᠠᠵᠤ᠂ ᠡᠯ᠎ᠡ ᠠᠶᠢᠮᠠᠭ ᠬᠤᠲᠠ ᠶᠢᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢᠨ ᠠᠵᠢᠯ ᠤᠨ ᠲᠣᠭᠲᠠᠴᠠ ᠲᠠᠢ ᠬᠠᠷᠢᠯᠴᠠᠨ᠎ᠠ︔ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ | ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠤᠨ ᠦᠷᠨᠢᠭᠦᠯᠵᠦ᠂ | ᠵᠣᠬᠢᠴᠠᠭᠤᠯᠬᠤ ᠳᠤᠭᠤᠶᠢᠯᠠᠩ ᠳᠤ ᠠᠵᠢᠯ ᠤᠨ ᠲᠠᠯ᠎ᠠ ᠪᠠᠷ ᠰᠠᠨᠠᠭᠤᠯᠭ᠎ᠠ ᠭᠠᠷᠭᠠᠨ᠎ᠠ︔ ᠬᠠᠮᠢᠶ᠎ᠠ ᠪᠦᠬᠦᠢ ᠮᠡᠳᠡᠭᠡ | ᠵᠠᠩᠭᠢ ᠶᠢᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠵᠤ᠂ ᠠᠵᠢᠯ ᠤᠨ ᠲᠣᠪᠴᠢ ᠮᠡᠳᠡᠭᠡ ᠨᠠᠶᠢᠷᠠᠭᠤᠯᠤᠨ | ᠨᠡᠶᠢᠲᠡᠯᠡᠨ᠎ᠡ︔ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠷᠢᠯᠴᠠᠵᠤ ᠵᠠᠭᠤᠴᠢᠯᠠᠭᠤᠷ ᠤᠨ ᠬᠢᠨ ᠢ ᠵᠣᠬᠢᠶᠠᠨ | ᠪᠠᠶᠢᠭᠤᠯᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠤᠬᠠᠭᠤᠯᠵᠤ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡᠨ ᠤ | ᠬᠦᠲᠦᠯᠦᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ | ︵ᠬᠤᠶᠠᠷ︶ ᠬᠠᠤᠯᠢ ᠪᠠᠷ ᠵᠠᠰᠠᠬᠤ ᠠᠵᠢᠯ ᠤᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠭᠢᠮ ᠤᠨ | ᠳᠠᠷᠤᠭ᠎ᠠ ᠪᠢᠯᠢᠭᠬᠦᠦ ᠡᠭᠦᠷᠭᠡᠯᠡᠨ᠎ᠡ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠬᠠᠤᠯᠢ ᠴᠠᠭᠠᠵᠠ ᠶᠢᠨ ᠲᠠᠯ᠎ᠠ ᠪᠠᠷ ᠬᠢᠨᠠᠨ ᠬᠠᠷᠭᠤᠭᠤᠯᠵᠤ᠂ ᠬᠠᠮᠢᠶ᠎ᠠ | ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ | ᠲᠣᠭᠲᠠᠭᠠᠵᠤ ᠵᠠᠰᠠᠪᠤᠷᠢ ᠣᠷᠤᠭᠤᠯᠬᠤ ᠰᠠᠨᠠᠭᠤᠯᠭ᠎ᠠ ᠶᠢᠨ ᠲᠦᠰᠦᠯ ᠢ ᠴᠠᠭ ᠲᠣᠬᠠᠢ ᠳᠤ ᠨᠢ ᠳᠤᠷᠠᠳᠴᠤ᠂ ᠬᠠᠮᠢᠶ᠎ᠠ | ᠪᠦᠬᠦᠢ ᠬᠠᠤᠯᠢ ᠲᠣᠭᠲᠠᠭᠠᠯ ᠲᠣᠭᠲᠠᠭᠠᠯ ᠳᠦᠷᠢᠮ ᠤᠨ ᠲᠣᠭᠲᠠᠭᠠᠬᠤ ᠦᠭᠡᠷᠡᠴᠢᠯᠡᠬᠦ ᠬᠦᠴᠦᠨ ᠦᠭᠡᠢ ᠪᠣᠯᠭᠠᠬᠤ | ᠲᠠᠶᠢᠯᠪᠤᠷᠢᠯᠠᠬᠤ ᠠᠵᠢᠯ ᠢ ᠠᠬᠢᠭᠤᠯᠵᠤ᠂ ᠦᠭᠡᠷᠡᠴᠢᠯᠡᠯᠲᠡ ᠶᠢᠨ ᠲᠠᠯ᠎ᠠ ᠪᠠᠷ ᠪᠣᠯᠪᠠᠰᠤᠷᠠᠩᠭᠤᠢ ᠪᠣᠯᠣᠭᠰᠠᠨ | ᠲᠣᠷᠰᠢᠯᠭ᠎ᠠ ᠶᠢ ᠴᠠᠭ ᠲᠣᠬᠠᠢ ᠳᠤ ᠨᠢ ᠳᠦᠷᠢᠮᠵᠢᠭᠦᠯᠬᠦ ᠵᠡᠷᠭᠡ ᠶᠢ ᠬᠠᠷᠢᠭᠤᠴᠠᠨ᠎ᠠ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠲᠠᠰᠤᠭ ᠤᠨ ᠡᠷᠬᠢᠯᠡᠭᠴᠢ ᠰᠥᠸᠧ ᠢ ᠵᠢᠶᠦ᠋ᠨ ᠡᠭᠦᠷᠭᠡᠯᠡᠨ᠎ᠡ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠰᠠᠯᠠᠭ᠎ᠠ ᠮᠦᠴᠢᠷ ᠪᠣᠯᠣᠨ ᠠᠶᠢᠮᠠᠭ ᠬᠤᠲᠠ ᠶᠢᠨ ᠦᠭᠡᠷᠡᠴᠢᠯᠡᠯᠲᠡ ᠳᠤ | ᠣᠷᠤᠰᠢᠵᠤ ᠪᠠᠶᠢᠭ᠎ᠠ ᠡᠯ᠎ᠡ ᠲᠤᠰᠬᠠᠢ ᠳᠤᠭᠤᠶᠢᠯᠠᠩ ᠤᠨ ᠳᠤᠷᠠᠳᠴᠤ ᠭᠠᠷᠭᠠᠭᠰᠠᠨ ᠠᠰᠠᠭᠤᠳᠠᠯ ᠵᠢᠴᠢ | ᠦᠭᠡᠷᠡᠴᠢᠯᠡᠯᠲᠡ ᠳᠤ ᠨᠡᠶᠢᠭᠡᠮ ᠤᠨ ᠬᠢᠨ ᠤ ᠲᠤᠰᠬᠠᠯ ᠢᠶᠠᠷ ᠴᠢᠩᠭ᠎ᠠ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠢ | ᠬᠠᠷᠭᠤᠭᠤᠯᠤᠨ ᠪᠠᠶᠢᠴᠠᠭᠠᠬᠤ ᠪᠠ ᠰᠢᠮᠳᠠᠭᠤᠯᠤᠨ ᠭᠦᠢᠴᠡᠳᠭᠡᠯᠭᠡᠨ᠎ᠡ᠃ | ︵ᠳᠥᠷᠪᠡ︶ ᠲᠤᠰᠬᠠᠢ ᠮᠡᠷᠭᠡᠵᠢᠯᠲᠡᠨ ᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢ ᠦᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ︵ᠵᠥᠪᠳᠡᠭᠴᠢ ᠶᠢᠨ | ᠲᠠᠰᠤᠭ︶ ᠤᠨ ᠡᠷᠬᠢᠯᠡᠭᠴᠢ ᠲᠢᠶᠠᠨ ᠳ᠋ᠧ ᡁᠢ ᠡᠭᠦᠷᠭᠡᠯᠡᠨ᠎ᠡ᠃ | ᠵᠣᠬᠢᠴᠠᠭᠤᠯᠬᠤ ᠳᠤᠭᠤᠶᠢᠯᠠᠩ ᠤᠨ ᠨᠠᠶᠢᠳᠠᠯᠭ᠎ᠠ ᠪᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠲᠣᠭᠤᠷᠢᠨ ᠳᠤ ᠤᠨᠤᠯ ᠤᠨ | ᠰᠤᠳᠤᠯᠭᠠᠨ ᠢ ᠦᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠬᠠᠩᠭᠠᠵᠤ᠂ ᠭᠤᠣᠯᠳᠠᠯᠭ᠎ᠠ ᠲᠠᠢ | ᠦᠭᠡᠷᠡᠴᠢᠯᠡᠯᠲᠡ ᠶᠢᠨ ᠵᠦᠢᠯᠡᠰ ᠲᠤ ᠭᠤᠷᠪᠠᠳᠡᠬᠢ ᠡᠲᠡᠭᠡᠳ ᠢᠶᠠᠷ ᠦᠨᠡᠯᠡᠨ ᠵᠢᠱᠢᠭᠦᠯᠵᠦ᠂ ᠪᠤᠰᠤᠳᠴᠢ ᠪᠦᠭᠡᠳ | ᠭᠤᠣᠯᠴᠢ ᠪᠠᠷ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠴᠠᠭᠤᠯᠬᠤ ᠳᠤᠭᠤᠶᠢᠯᠠᠩ ᠨᠢ ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠠᠵᠢᠯ ᠤᠨ | ᠪᠠᠶᠢᠷᠢᠯᠠᠭᠤᠯᠤᠯᠲᠠ ᠶᠤᠰᠤᠭᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠬᠤ ᠲᠠᠯ᠎ᠠ ᠳᠠᠬᠢ ᠨᠢᠭᠡᠲᠦᠯᠲᠡᠢ ᠲᠦᠯᠦᠪᠯᠡᠵᠦ | ᠵᠢᠯᠤᠭᠤᠳᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠬᠤ | ᠬᠡᠷᠡᠭᠲᠡᠢ᠃ ᠡᠯ᠎ᠡ ᠲᠤᠰᠬᠠᠢ ᠰᠡᠳᠦᠪᠲᠦ ᠳᠤᠭᠤᠶᠢᠯᠠᠩ ᠪᠣᠯᠣᠨ ᠪᠠᠲᠤᠯᠠᠬᠤ ᠳᠤᠭᠤᠶᠢᠯᠠᠩ ᠨᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠤᠰᠤᠭᠠᠷ᠂ ᠬᠠᠷᠠᠯᠲᠠᠲᠤ ᠡᠭᠦᠷᠭᠡ ᠪᠠᠨ ᠲᠤᠳᠤᠷᠬᠠᠶᠢᠯᠠᠵᠤ᠂ ᠠᠵᠢᠯ ᠤᠨ ᠱᠤᠭᠤᠮ ᠤᠨ | ᠵᠢᠷᠤᠭ ᠪᠣᠯᠣᠨ ᠴᠠᠭ ᠤᠨ ᠬᠦᠰᠦᠨᠦᠭᠲᠦ ᠶᠢ ᠲᠣᠭᠲᠠᠭᠠᠨ᠂ ᠲᠥᠪᠡᠭ ᠪᠡᠷᠬᠡ ᠲᠠᠢ ᠠᠰᠠᠭᠤᠳᠠᠯ ᠢ ᠰᠢᠢᠳᠪᠦᠷᠢᠯᠡᠬᠦ | ᠦᠨᠡᠨ ᠪᠣᠲᠠᠲᠠᠢ ᠰᠢᠨ᠎ᠡ ᠠᠷᠭ᠎ᠠ ᠪᠠᠷᠢᠯ ᠢ ᠠᠪᠴᠤ᠂ ᠲᠤᠰ ᠬᠦᠷᠢᠶ᠎ᠡ ᠴᠠᠷᠠᠭᠠᠨ ᠳᠠᠬᠢ ᠦᠭᠡᠷᠡᠴᠢᠯᠡᠯᠲᠡ ᠶᠢ | ᠨᠢᠭᠡᠲᠦᠯᠲᠡᠢ ᠲᠦᠯᠦᠪᠯᠡᠬᠦ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠦᠭᠡᠷᠡᠴᠢᠯᠡᠯᠲᠡ ᠶᠢᠨ ᠬᠠᠮᠵᠢᠯᠴᠠᠨ | ᠳᠦᠬᠦᠷᠵᠢᠬᠦ᠂ ᠪᠦᠬᠦᠯᠢ ᠴᠤᠭᠴᠠ ᠳᠤ ᠨᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠦᠷᠢᠶ᠎ᠡ ᠴᠠᠷᠠᠭ᠎ᠠ | ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ᠂ ᠳᠡᠰ ᠳᠠᠪᠬᠤᠷᠭ᠎ᠠ ᠠᠯᠤᠰᠯᠠᠭᠰᠠᠨ ᠴᠢᠬᠤᠯᠠ ᠶᠡᠭᠡ | ᠠᠰᠠᠭᠤᠳᠠᠯ ᠢ ᠰᠤᠳᠤᠯᠵᠤ ᠰᠢᠢᠳᠪᠦᠷᠢᠯᠡᠬᠦ ᠪᠠᠨ ᠴᠢᠬᠤᠯᠠᠴᠢᠯᠠᠵᠤ᠂ ᠵᠢᠯᠤᠭᠤᠳᠴᠤ ᠵᠣᠬᠢᠴᠠᠭᠤᠯᠬᠤ ᠪᠠ ᠰᠢᠮᠳᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠦᠭᠡᠷᠡᠴᠢᠯᠡᠯᠲᠡ ᠶᠢᠨ ᠪᠣᠲᠠᠳᠤ ᠠᠬᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ | ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠦ᠂ ᠦᠨᠳᠦᠰᠦᠨ ᠱᠠᠲᠤᠨ ᠤ | ᠨᠡᠶᠢᠲᠡᠯᠢᠭ ᠲᠣᠷᠰᠢᠯᠭ᠎ᠠ ᠪᠣᠯᠣᠨ ᠬᠢᠳᠡᠯ ᠳᠤ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠬᠤ ᠬᠡᠷᠡᠭᠲᠡᠢ᠃ | ︵ᠬᠤᠶᠠᠷ︶ ᠦᠪᠡᠷᠲᠡᠭᠡᠨ ᠵᠠᠰᠬᠠᠤ ᠣᠷᠣᠨ ᠤ ᠡᠯ᠎ᠡ ᠰᠠᠯᠠᠭ᠎ᠠ ᠮᠦᠴᠢᠷ ᠨᠢ ᠦᠭᠡᠷᠡᠴᠢᠯᠡᠯᠲᠡ ᠶᠢᠨ ᠬᠦᠨᠳᠦ | ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ ᠠᠪᠴᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠳᠠᠭᠤᠷᠢᠶᠠᠯ ᠵᠢᠱᠢᠶ᠎ᠡ ᠪᠣᠯᠵᠤ᠂ ᠲᠤᠰ ᠰᠠᠯᠠᠭ᠎ᠠ ᠮᠦᠴᠢᠷ ᠲᠤ | ᠬᠤᠯᠪᠣᠭᠳᠠᠭᠰᠠᠨ ᠦᠭᠡᠷᠡᠴᠢᠯᠡᠯᠲᠡ ᠶᠢᠨ ᠡᠭᠦᠷᠭᠡ ᠪᠠᠨ ᠡᠷᠲᠡᠬᠡᠨ ᠨᠠᠶᠢᠳᠠᠪᠤᠷᠢᠵᠢᠭᠤᠯᠵᠤ᠂ ᠡᠷᠬᠡ ᠶᠢ ᠲᠠᠯᠪᠢᠬᠤ | ᠲᠠᠯ᠎ᠠ ᠪᠠᠷ ᠪᠣᠲᠠᠳᠤ ᠦᠷ᠎ᠡ ᠪᠦᠲᠦᠮᠵᠢ ᠭᠠᠷᠭᠠᠬᠤ ᠪᠠ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ | ᠡᠭᠦᠳᠬᠦ ᠪᠠᠷ ᠴᠢᠷᠮᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠠᠷᠠᠳ ᠣᠯᠠᠨ ᠤ ᠬᠦᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ ᠰᠡᠳᠬᠢᠭᠳᠡᠯ ᠲᠦᠷᠦᠭᠳᠡᠯ ᠢ ᠨᠢ | ᠨᠡᠮᠡᠭᠳᠡᠭᠦᠯᠬᠦ ᠬᠡᠷᠡᠭᠲᠡᠢ᠃ ᠠᠶᠢᠮᠠᠭ ᠬᠤᠲᠠ ᠶᠢ ᠬᠠᠪᠰᠤᠷᠴᠤ ᠪᠠᠶᠢᠭᠠᠳ ᠪᠣᠲᠠᠲᠠᠢ ᠬᠦᠴᠢᠷ ᠪᠣᠯᠣᠨ ᠠᠰᠠᠭᠤᠳᠠᠯ ᠢ ᠨᠢ | ᠰᠢᠢᠳᠪᠦᠷᠢᠯᠡᠨ ᠥᠭᠴᠦ᠂ ᠠᠶᠢᠮᠠᠭ ᠬᠤᠲᠠ ᠶᠢᠨ ᠬᠢᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠣᠷᠰᠢᠬᠤ ᠶᠢ | ᠳᠡᠮᠵᠢᠬᠦ ᠬᠡᠷᠡᠭᠲᠡᠢ᠃ ᠰᠠᠯᠠᠭ᠎ᠠ ᠮᠦᠴᠢᠷ ᠤᠨ ᠭᠤᠣᠯ ᠬᠠᠷᠢᠭᠤᠴᠠᠬᠤ ᠨᠦᠬᠦᠳ ᠤᠳᠤᠷᠢᠳᠬᠤ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠪᠠᠶᠢᠷᠢᠯᠠᠭᠤᠯᠬᠤ᠂ ᠵᠣᠬᠢᠴᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠪᠡᠶ᠎ᠡ ᠪᠠᠷ ᠢᠶᠠᠨ | ᠰᠠᠶᠢᠲᠤᠷ ᠠᠳᠬᠤᠬᠤ ᠬᠡᠷᠡᠭᠲᠡᠢ᠃ | ︵ᠭᠤᠷᠪᠠ︶ ᠡᠯ᠎ᠡ ᠭᠠᠵᠠᠷ ᠣᠷᠣᠨ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠬᠤ ᠲᠣᠭᠲᠠᠴᠠ ᠶᠢ ᠪᠠᠶᠢᠭᠤᠯᠬᠤ ᠪᠠ | ᠲᠡᠭᠦᠯᠳᠡᠷᠵᠢᠭᠦᠯᠬᠦ ᠪᠠᠷ ᠯᠠᠪᠯᠠᠯᠲᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ᠂ ᠢᠳᠡᠪᠬᠢᠲᠡᠢ | ᠰᠦᠪᠡᠭᠴᠢᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠩ ᠣᠯᠠᠨ ᠲᠤᠰᠠᠲᠠᠢ ᠪᠦᠭᠡᠳ ᠬᠡᠷᠡᠭᠵᠢᠭᠦᠯᠵᠦ | ᠪᠣᠯᠬᠤᠶᠢᠴᠠ ᠰᠠᠶᠢᠨ ᠲᠣᠷᠰᠢᠯᠭ᠎ᠠ ᠰᠠᠶᠢᠨ ᠬᠢᠳᠡᠯ ᠢ ᠪᠣᠢ ᠪᠣᠯᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ | ᠲᠡᠷᠢᠭᠦᠨ ᠤ ᠬᠢ ᠪᠠᠷ ᠪᠠᠷᠢᠮᠵᠢᠶ᠎ᠠ ᠪᠣᠯᠭᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠵᠦ᠂ ᠲᠤᠳᠤᠭᠠᠲᠤ ᠬᠦᠳᠡᠯᠭᠡᠬᠦ ᠬᠦᠴᠦᠨ ᠢ | ᠨᠡᠮᠡᠭᠳᠡᠭᠦᠯᠦᠨ᠂ ᠲᠤᠳᠤᠭᠠᠲᠤ ᠬᠡᠷᠡᠭᠴᠡᠭᠡ ᠶᠢᠨ ᠳᠠᠯᠳᠠ ᠬᠦᠴᠦᠨ ᠢ ᠴᠢᠯᠦᠭᠡᠯᠡᠵᠦ᠂ ᠪᠦᠬᠦ ᠣᠷᠣᠨ ᠤ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ | ᠲᠠᠪᠤ᠂ ᠪᠤᠰᠤᠳ ᠵᠦᠢᠯᠡᠰ | ︵ᠨᠢᠭᠡ︶ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠭᠢᠮ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠤᠤ ᠵᠧᠨ | ᠢᠤᠢ ᠬᠠᠪᠰᠤᠷᠭᠠᠨ ᠬᠠᠷᠢᠭᠤᠴᠠᠨ᠎ᠠ᠃ | ︵ᠬᠤᠶᠠᠷ︶ ᠬᠤᠶᠢᠰᠢᠲᠠ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ ᠵᠢᠴᠢ ᠡᠯ᠎ᠡ | ᠲᠤᠰᠬᠠᠢ ᠰᠡᠳᠦᠪᠲᠦ ᠳᠤᠭᠤᠶᠢᠯᠠᠩ᠂ ᠪᠠᠲᠤᠯᠠᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ ᠳᠤ ᠲᠣᠬᠢᠷᠠᠭᠤᠯᠤᠯᠲᠠ | ᠬᠢᠬᠦ ᠴᠢᠬᠤᠯᠠᠲᠠᠢ ᠪᠠᠶᠢᠪᠠᠯ᠂ ᠵᠣᠬᠢᠴᠠᠭᠤᠯᠬᠤ ᠳᠤᠭᠤᠶᠢᠯᠠᠩ ᠨᠢ ᠳᠡᠰ ᠳᠠᠷᠠᠭᠠᠯᠠᠯ ᠶᠤᠰᠤᠭᠠᠷ ᠦᠪᠡᠰᠦᠪᠡᠨ | ᠲᠣᠬᠢᠷᠠᠭᠤᠯᠤᠨ᠎ᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠠᠴᠠ | ᠠᠰᠲᠠᠭᠠᠨ ᠪᠢᠴᠢᠭ ᠮᠠᠲ᠋ᠧᠷᠢᠶᠠᠯ ᠪᠠᠭᠤᠯᠭᠠᠬᠤ ᠦᠭᠡᠢ᠃ | ︵ᠭᠤᠷᠪᠠ︶ ᠵᠣᠬᠢᠴᠠᠭᠤᠯᠬᠤ ᠳᠤᠭᠤᠶᠢᠯᠠᠩ ᠢ ᠪᠠᠶᠢᠭᠤᠯᠤᠭᠰᠠᠨ ᠤ ᠳᠠᠷᠠᠭ᠎ᠠ᠂ ᠦᠪᠡᠷᠲᠡᠭᠡᠨ ᠵᠠᠰᠠᠬᠤ | ᠣᠷᠣᠨ ᠤ ᠣᠣᠯ ᠤᠨ ᠪᠠᠶᠢᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ | ᠤᠳᠤᠷᠢᠳᠬᠤ ᠳᠤᠭᠤᠶᠢᠯᠠᠩ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠲᠤᠰᠬᠠᠢ | ᠠᠵᠢᠯ ᠤᠨ ᠵᠣᠬᠢᠴᠠᠭᠤᠯᠬᠤ ᠠᠯᠪᠠᠨ ᠭᠡᠷ ᠠᠶᠠᠨᠳᠠᠭᠠᠨ ᠬᠦᠴᠦᠨ ᠦᠭᠡᠢ ᠪᠣᠯᠣᠨ᠎ᠠ᠃ |