ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠵᠢᠴᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ ᠳᠤ ᠣᠷᠣᠯᠴᠠᠬᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠎ ᠤᠨ ᠪᠦᠯᠬᠦᠮ ᠪᠠᠶᠢᠭᠤᠯᠤᠬᠳᠠᠵᠦ ᠲᠠᠩᠭᠠᠷᠢᠬᠯᠠᠬᠤ ᠶᠡᠭᠡ ᠬᠤᠷᠠᠯ ᠬᠤᠷᠠᠯᠳᠤᠪᠠ  ᠪᠦ᠋ ᠰᠢᠶᠤᠤ ᠯᠢᠨ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠳᠤ ᠲᠤᠭ ᠤᠯᠭᠤᠵᠠᠢ
ᠨᠡᠶᠢᠲᠡᠯᠡᠭᠰᠡᠨ ᠴᠠᠭ᠄
2019/7/1
     ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠵᠢᠴᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ ᠳᠤ ᠣᠷᠣᠯᠴᠠᠬᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠪᠠᠶᠢᠭᠤᠯᠤᠬᠳᠠᠵᠦ ᠲᠠᠩᠭᠠᠷᠢᠬᠯᠠᠬᠤ ᠶᠡᠭᠡ ᠬᠤᠷᠠᠯ ᠬᠤᠷᠠᠯᠳᠤᠪᠠ        ᠪᠦ᠋ ᠰᠢᠶᠤᠤ ᠯᠢᠨ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠳᠤ ᠲᠤᠭ ᠤᠯᠭᠤᠵᠠᠢ      6 ᠳ᠋ᠤᠭᠠᠷ ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨ᠎ᠠ᠂ ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠵᠢᠴᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ ᠳᠤ ᠣᠷᠣᠯᠴᠠᠬᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠪᠠᠶᠢᠭᠤᠯᠤᠬᠳᠠᠵᠦ ᠲᠠᠩᠭᠠᠷᠢᠬᠯᠠᠬᠤ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃      ᠲᠠᠩᠭᠠᠷᠢᠬᠯᠠᠬᠤ ᠶᠡᠭᠡ ᠬᠤᠷᠠᠯ ᠠᠴᠠ ᠡᠮᠦᠨ᠎ᠠ᠂ ᠬᠤᠷᠠᠯ ᠳᠤ ᠤᠷᠤᠯᠴᠠᠭᠰᠠᠨ ᠪᠦᠬᠦ ᠬᠦᠮᠦᠰ ᠭᠠᠷ ᠲᠠᠬᠢ ᠪᠢᠴᠢᠬᠠᠨ ᠤᠯᠠᠭᠠᠨ ᠲᠤᠭ ᠢᠶᠠᠨ ᠬᠤᠷᠦ᠋ᠢᠯᠠᠵᠦ᠂ ︽ᠪᠢ ᠡᠭᠡ ᠤᠯᠤᠰ ᠲᠠᠢ ᠪᠠᠨ︾ ᠭᠡᠬᠦ ᠲᠠᠭᠤᠤ ᠶᠢ ᠤᠷᠬᠢᠯᠤᠮ᠎ᠠ ᠬᠠᠯᠠᠭᠤᠨ ᠰᠡᠳᠬᠢᠯᠭᠡ ᠪᠠᠷ ᠳᠠᠭᠤᠯᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠠᠩᠭᠠᠷᠢᠬᠯᠠᠬᠤ ᠶᠡᠭᠡ ᠬᠤᠷᠠᠯ ᠳᠤ ᠤᠷᠤᠯᠴᠠᠬᠤ ᠶᠢᠨ ᠬᠠᠮᠳᠦ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠳᠤ ᠲᠤᠭ ᠤᠯᠭᠤᠵᠠᠢ᠂ ᠡᠨᠡ ᠨᠢ ︽ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠎ ᠤᠨ ᠤᠯᠠᠷᠢᠯ ᠤᠨ ᠲᠠᠮᠢᠷ ᠤᠨ ᠴᠤᠬᠯᠠᠭᠠᠨ︾᠎ ᠳᠤ ᠣᠷᠣᠯᠴᠠᠬᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠪᠠ ︽ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ︾᠎ ᠳᠤ ᠣᠷᠣᠯᠴᠠᠬᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠦ ᠪᠤᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠵᠧᠩ ᠬᠤᠩ ᠹᠠᠨ ᠲᠠᠩᠭᠠᠷᠢᠬᠯᠠᠬᠤ ᠶᠡᠭᠡ ᠬᠤᠷᠠᠯ ᠳᠡᠭᠡᠷ᠎ᠠ ᠶᠠᠷᠢᠶ᠎ᠠ ᠲᠠᠯᠪᠢᠵᠦ᠂ ᠬᠠᠮᠳᠤ ᠶᠢᠨ ᠲᠠᠨᠢᠯᠲᠠ ᠶᠢ ᠨᠢᠬᠳᠠᠷᠠᠭᠤᠯᠵᠦ᠂ ᠬᠠᠮᠳᠤᠷᠠᠯ ᠬᠦᠴᠦ ᠶᠢ ᠨᠢᠭᠡᠳᠭᠡᠵᠦ᠂ ︽ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ︾ ᠪᠠ ︽ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ︾᠎ ᠤ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠦ᠂ ᠤᠯᠤᠰ ᠲᠦᠷᠦ ᠶᠢᠨ ᠵᠤᠬᠰᠤᠴᠠ ᠪᠠᠨ ᠤᠯᠠᠮ ᠴᠢᠨᠠᠬᠰᠢᠳᠠ ᠳᠡᠭᠡᠭᠰᠢᠯᠡᠬᠦᠯᠵᠦ᠂ ᠦᠵᠡᠯ ᠰᠠᠨᠠᠭ᠎ᠠ ᠪᠠᠨ ᠨᠢᠭᠡᠳᠭᠡᠵᠦ᠂ ᠪᠡᠯᠡᠳᠭᠡᠯ ᠠᠵᠢᠯ ᠢ ᠰᠠᠶᠢᠳᠤᠷ ᠬᠢᠬᠦ ᠲᠤᠯᠭᠠᠮ ᠰᠡᠳᠬᠢᠯᠭᠡ᠂ ᠬᠠᠷᠢᠭᠤᠴᠠᠯᠭᠠᠳᠦ ᠰᠡᠳᠬᠢᠯᠭᠡ ᠪᠠ ᠡᠬᠦᠷᠭᠡᠳᠦ ᠪᠤᠳᠤᠯ ᠢᠶᠠᠨ ᠦᠨᠡᠨ ᠬᠦ ᠴᠢᠩᠭᠠᠳᠬᠠᠬᠤ ᠭᠡᠷᠡᠭᠲᠡᠢ︔ ᠤᠬ ᠰᠠᠨᠠᠭ᠎ᠠ ᠪᠠᠨ ᠰᠠᠬᠢᠵᠦ᠂ ᠡᠭᠦᠷᠭᠡ ᠬᠠᠷᠢᠭᠤᠴᠠᠯᠭ᠎ᠠ ᠡᠬᠦᠷᠭᠡᠯᠡᠵᠦ᠂ ᠶᠡᠷᠦᠩᠭᠡᠢ ᠱᠦᠵᠢ ᠶᠢᠨ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠥᠪᠡᠷ ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠢᠷᠭᠠᠭᠤ ᠪᠤᠯᠪᠠᠰᠤᠷᠠᠨ᠂ ᠬᠠᠳᠠᠭᠤᠵᠢᠯᠳᠠᠢ ᠲᠡᠮᠡᠴᠡᠵᠦ᠂ ᠤᠷᠤᠯᠳᠤᠭᠠᠨ ᠤ ᠢᠯᠠᠯᠳᠠ ᠶᠢ ᠤᠯᠵᠦ᠂ ᠠᠮᠢᠳᠤᠷᠠᠬᠤᠢ ᠶᠢᠨ ᠦᠨ᠎ᠠ ᠦᠷᠳᠡᠭ ᠢᠶᠠᠨ ᠢᠯᠡᠷᠡᠬᠦᠯᠬᠦ ᠭᠡᠷᠡᠭᠲᠡᠢ︔ ᠳᠤᠳᠠᠭᠤᠳᠠᠯ ᠢᠶᠠᠨ ᠨᠦᠬᠦᠪᠦᠷᠢᠯᠡᠵᠦ᠂ ᠲᠡᠷᠢᠬᠦᠨ ᠳᠤ ᠤᠷᠤᠬᠤ ᠪᠠᠷ ᠮᠡᠷᠡᠶᠢᠨ ᠴᠢᠷᠮᠠᠶᠢᠵᠦ᠂ ᠤᠷᠤᠯᠳᠤᠭᠠᠨ ᠳᠤ ᠦᠷᠢᠰᠦᠯᠳᠦᠬᠦ ᠬᠠᠮᠤᠭ ᠤᠨ ᠰᠠᠶᠢᠨ ᠤᠷᠤᠯᠳᠤᠭᠠᠨ ᠤ ᠪᠠᠶᠢᠳᠠᠯ ᠪᠠ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠶᠡᠭᠡ ᠤᠷᠤᠯᠳᠤᠭᠠᠨ ᠢ ᠤᠬᠳᠤᠵᠦ᠂ ᠤᠷᠤᠯᠳᠤᠭᠠᠨ ᠤ ᠲᠠᠯᠠᠪᠤᠷ ᠲᠤ ᠥᠪᠦᠷ ᠮᠤᠩᠭᠤᠯ ᠤᠨ ᠲᠠᠮᠢᠷᠴᠢᠨ ᠤ ᠴᠤᠬ ᠵᠢᠪᠬᠤᠭ᠎ᠠ ᠶᠢ ᠢᠯᠡᠷᠡᠭᠦᠯᠵᠤ᠂ ᠥᠪᠦᠷ ᠮᠤᠩᠭᠤᠯ ᠤᠨ ᠰᠠᠶᠢᠨ ᠰᠠᠶᠢᠬᠠᠨ ᠲᠦᠷᠢ ᠲᠦᠷᠬᠦ ᠶᠢ ᠢᠯᠡᠷᠡᠭᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃ ᠲᠡᠷᠡ ᠪᠠᠰᠠ ︽ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ︾᠎ ᠤ ᠪᠡᠯᠡᠳᠭᠡᠯ ᠠᠵᠢᠯ ᠢ ᠰᠠᠶᠢᠳᠤᠷ ᠬᠢᠬᠦ ᠪᠠ ᠮᠦᠰᠦ ᠴᠠᠰᠤᠨ ᠤ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠬᠦᠭᠵᠢᠯᠳᠠ ᠶᠢ ᠠᠬᠢᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃      ᠲᠠᠩᠭᠠᠷᠢᠬᠯᠠᠬᠤ ᠶᠡᠭᠡ ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶᠠᠨ ᠤ ᠬᠠᠷᠢᠭᠤᠴᠠᠯᠭᠠᠳᠠᠨ ᠠᠴᠠ ︽ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ︾ ᠪᠠ ︽ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠎ ᠤᠨ ᠲᠠᠮᠢᠷ ᠤᠨ ᠴᠤᠬᠯᠠᠭᠠᠨ︾᠎ ᠳᠤ ᠪᠡᠯᠡᠳᠭᠡᠵᠦ ᠪᠠᠶᠢᠬᠤ ᠪᠠᠶᠢᠳᠠᠯ ᠢ ᠮᠡᠳᠡᠭᠳᠡᠵᠦ᠂ ᠰᠤᠷᠭᠠᠬᠴᠢ ᠪᠠ ᠲᠠᠮᠢᠷᠴᠢᠨ ᠤ ᠲᠦᠯᠦᠭᠡᠯᠡᠭᠴᠢ ᠲᠤᠰ ᠲᠤᠰ ᠤᠪᠤᠷ ᠢᠶᠠᠨ ᠢᠯᠡᠳᠭᠡᠬᠦ ᠦᠭᠡ ᠬᠡᠯᠡᠵᠠᠢ᠃      ︽ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ︾ ᠪᠠ ︽ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ︾ ᠪᠤᠯ ᠮᠠᠨ ᠤ ᠤᠯᠤᠰ 2020 ᠣᠨ ᠤ ᠲᠤᠤᠺᠢᠣ᠋ ᠶᠢᠨ ᠤᠯᠢᠮᠫᠢᠺ ᠤᠨ ᠲᠠᠮᠢᠷ ᠤᠨ ᠴᠤᠬᠯᠠᠭᠠᠨ ᠪᠠ 2022 ᠣᠨ ᠎ ᠤ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠳᠤ ᠤᠷᠤᠯᠴᠠᠬᠤ ᠪᠡᠯᠡᠳᠭᠡᠯ ᠠᠵᠢᠯ ᠢ ᠡᠬᠦᠷᠭᠡᠯᠡᠵᠦ ᠪᠠᠶᠢᠭ᠎ᠠ ᠠᠬᠤᠢ ᠪᠠᠶᠢᠳᠠᠯ ᠳᠤᠤᠷ᠎ᠠ ᠡᠷᠬᠢᠯᠡᠨ ᠬᠢᠬᠦ ᠴᠢᠬᠤᠯᠠ ᠲᠠᠮᠢᠷ ᠤᠨ ᠴᠤᠬᠯᠠᠭᠠᠨ ᠪᠤᠯᠤᠨ᠎ᠠ᠂ ᠡᠯ᠎ᠠ ᠮᠤᠵᠢ ᠬᠤᠳᠠ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠪᠠ ᠪᠡᠶ᠎ᠠ ᠶᠢᠨ ᠲᠠᠮᠢᠷ ᠤᠨ ᠪᠡᠯᠡᠳᠭᠡᠯ ᠴᠢᠳᠠᠪᠤᠷᠢᠳᠠᠨ ᠢ ᠬᠦᠮᠦᠵᠢᠬᠦᠯᠬᠦ ᠴᠢᠨᠠᠷ ᠴᠢᠨᠰᠠᠭ᠎ᠠ ᠶᠢ ᠢᠯᠡᠷᠡᠭᠦᠯᠬᠦ ᠴᠢᠬᠤᠯᠠ ᠲᠠᠪᠴᠠᠩ ᠪᠤᠯᠤᠨ᠎ᠠ᠃      ︽ᠠᠷᠪᠡᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ︾᠎ ᠳᠤ ᠤᠷᠤᠯᠴᠠᠬᠤ ᠮᠠᠨ ᠤ ᠤᠷᠤᠨ ᠤ ᠲᠠᠮᠢᠷᠴᠢᠨ ᠤ ᠲᠤᠭ᠎ᠠ ᠪᠠ ᠭᠡᠪᠴᠢᠶ᠎ᠠ ᠰᠢᠨ᠎ᠠ ᠲᠠᠪᠠᠯᠳᠠ ᠶᠢ ᠪᠡᠶᠡᠯᠡᠬᠦᠯᠵᠦ᠂ ᠤᠷᠤᠯᠳᠤᠭᠠᠨ ᠳᠤ ᠦᠷᠢᠰᠦᠯᠳᠦᠬᠦ ᠲᠦᠪᠰᠢᠨ ᠲᠠᠪᠠᠯᠳᠠᠳᠦ ᠬᠦᠭᠵᠢᠯᠳᠠ ᠶᠢ ᠪᠡᠶᠡᠯᠡᠬᠦᠯᠵᠦ᠂ ᠪᠦᠬᠦ ᠤᠯᠤᠰ ᠤᠨ ᠳᠤᠮᠳᠠ ᠳᠡᠭᠡᠳᠦ ᠲᠦᠪᠰᠢᠨ ᠳᠤ ᠬᠦᠷᠴᠠᠢ᠃ ᠨᠢᠭᠡᠨᠳᠠ ᠤᠷᠤᠯᠳᠤᠵᠦ ᠡᠬᠢᠯᠡᠭᠰᠡᠨ ︽ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠬᠯᠠᠭᠠᠨ︾᠎ ᠳᠤ᠂ ᠮᠠᠨ ᠤ ᠤᠷᠤᠨ ᠤ 616 ᠲᠠᠮᠢᠷᠴᠢᠨ ᠰᠢᠢᠳᠪᠤᠷᠢᠳᠦ ᠤᠷᠤᠯᠳᠤᠭᠠᠨ ᠳᠤ ᠤᠷᠤᠯᠴᠠᠬᠰᠠᠨ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号