ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠤᠨ ᠰᠤᠳᠤᠯᠤᠨ ᠶᠠᠷᠢᠯᠴᠠᠵᠦ ᠰᠤᠯᠢᠯᠴᠠᠬᠤ ᠵᠢᠴᠢ ︽ᠬᠤᠶᠠᠷ ᠰᠢᠯᠢᠲᠡᠭ ᠨᠢᠭᠡ ᠲᠡᠷᠢᠭᠦᠨ︾᠎ ᠢ ᠬᠦᠬᠢᠬᠦᠯᠦᠨ ᠰᠠᠶᠢᠰᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/7/1
     6 ᠳ᠋ᠤᠭᠠᠷ ᠰᠠᠷ᠎ᠠ ᠶᠢᠨ 28᠎ ᠤ ᠡᠳᠣᠷ ᠤᠨ ᠦᠲᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠤᠨ ᠰᠤᠳᠤᠯᠤᠨ ᠶᠠᠷᠢᠯᠴᠠᠵᠦ ᠰᠤᠯᠢᠯᠴᠠᠬᠤ ᠵᠢᠴᠢ ︽ᠬᠤᠶᠠᠷ ᠰᠢᠯᠢᠲᠡᠭ ᠨᠢᠭᠡ ᠲᠡᠷᠢᠭᠦᠨ︾᠎ ᠢ ᠬᠦᠬᠢᠭᠦᠯᠦᠨ ᠰᠠᠶᠢᠰᠢᠶᠠᠬᠤ ᠬᠤᠷᠠᠯ ᠬᠦᠬᠡᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠱᠤᠤ ᠴᠦᠨ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ︽ᠤᠬ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠵᠦᠷᠢᠶ᠎ᠡ ᠪᠠᠨ ᠡᠷᠢᠵᠤ᠂ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠦᠩᠬᠡᠢ ᠱᠠᠭᠠᠷᠲᠠᠯᠭ᠎ᠠ ᠶᠢᠨ ᠲᠤᠭᠤᠷᠢᠨ ᠳᠤ᠂ ᠭᠤᠤᠯ ᠰᠡᠲᠦᠪᠲᠦ ᠬᠦᠮᠦᠵᠢᠯ ᠤᠨ ᠠᠵᠢᠯ ᠢ ᠬᠦᠨᠵᠡᠭᠡᠶᠢᠷᠡᠭᠦᠯᠵᠦ᠂ ᠲᠡᠷᠢᠭᠦᠨ ᠎ ᠤ ᠬᠢ ᠶᠢ ᠡᠬᠦᠳᠴᠤ ᠰᠢᠯᠢᠲᠡᠭ ᠪᠤᠯᠬᠤ ᠵᠤᠷᠢᠭ ᠢᠶᠠᠨ ᠤᠷᠮᠠᠰᠢᠭᠤᠯᠵᠦ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠲᠠᠯ ᠢ ᠲᠠᠰᠤᠷᠠᠯᠲᠠ ᠦᠭᠡᠢ ᠡᠬᠦᠳᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠦᠢᠯᠡᠲᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠤᠴᠠᠯᠲᠠ ᠦᠭᠡᠢ ᠪᠠᠷᠢᠮᠲᠠᠯᠠᠨ᠂ ᠭᠤᠤᠯ ᠰᠡᠲᠦᠪᠲᠦ ᠬᠦᠮᠦᠵᠢᠯ ᠎ ᠤᠨ ᠡᠬᠢᠨ ᠠᠴᠠ ᠠᠳᠠᠭ ᠲᠤ ᠬᠦᠷᠲᠡᠯ᠎ᠡ ᠦᠨᠡᠨ ᠬᠦ ᠲᠤᠭᠤᠰᠢᠯᠠᠭᠤᠯᠬᠤ ᠬᠡᠷᠡᠭᠲᠡᠢ︔ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢ ᠪᠠᠲᠤᠳᠬᠠᠬᠤ ᠪᠠ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠢᠮᠠᠬᠲᠠ ᠲᠡᠭᠡᠲᠦ ᠬᠡᠮᠵᠢᠶ᠎ᠡ ᠪᠠᠷ ᠨᠢᠭᠡᠲᠦᠯᠲᠡᠢ ᠪᠠᠶᠢᠬᠤ ᠬᠡᠷᠡᠭᠲᠡᠢ︔ ︽ᠠᠷᠠᠳ ᠲᠦᠮᠡᠨ ᠢᠶᠠᠷ ᠭᠤᠤᠯ ᠪᠤᠯᠭᠠᠬᠤ︾ ᠬᠦᠭᠵᠢᠯᠲᠡ ᠶᠢᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠲᠦᠯᠭᠡᠵᠢᠭᠦᠯᠵᠦ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠠᠯᠪᠠᠨ ᠵᠠᠷᠤᠴᠠ ᠶᠢᠨ ᠦᠵᠡᠯ ᠤᠬᠠᠮᠰᠠᠷ ᠢ ᠴᠢᠩᠭᠠᠷᠠᠭᠤᠯᠵᠦ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠢ︔ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠤᠨ᠂ ᠬᠡᠯᠪᠡᠷᠢᠴᠢ ᠦᠵᠡᠯ ᠨᠤᠶᠠᠨᠴᠢ ᠰᠤᠷᠲᠠᠯ ᠢ ᠬᠦᠴᠦᠯᠡᠨ ᠴᠡᠭᠴᠡᠯᠡᠵᠦ᠂ ᠤᠪᠤᠷ ᠢ ᠴᠡᠭᠴᠡᠯᠡᠨ ᠰᠠᠬᠢᠯᠭ᠎ᠠ ᠪᠠᠲᠦ ᠶᠢ ᠴᠢᠩᠲᠠᠯᠠᠬᠤ ᠶᠢ ᠦᠷᠭᠦᠯᠵᠢᠯᠡᠨ ᠦᠷᠨᠢᠭᠦᠯᠵᠦ᠂ ︽ᠨᠠᠮ ᠢ ᠰᠠᠨᠠᠭ᠎ᠠ ᠠᠮᠤᠷ ᠪᠠᠶᠢᠯᠭᠠᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠤᠯᠭᠠᠬᠤ︾ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃      ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠪᠠᠶᠢᠭᠤᠯᠭ᠎ᠠ ᠨᠢᠭᠡᠴᠢ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠦ ᠲᠡᠳ᠋ ᠱᠦᠵᠢ ᠨᠠᠷ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号