ᠳᠤᠮᠳᠠᠳᠤ ᠤᠯᠤᠰ · ᠥᠪᠥᠷ ᠮᠣᠩᠭᠤᠯ ᠤᠨ ᠮᠤᠷᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2019/7/1
     6 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ · ᠦᠪᠦᠷ ᠮᠤᠩᠭᠤᠯ ᠎ ᠤᠨ ᠮᠤᠷᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠬᠦᠬᠡᠬᠤᠳᠠ ᠶᠢᠨ ᠬᠦᠬᠡᠳᠠᠯ᠎ᠠ ᠳᠠᠬᠢ ᠦᠪᠦᠷ ᠮᠤᠩᠭᠤᠯ ᠤᠨ ᠴᠦᠬᠡᠨ ᠳᠤᠭᠠᠳᠤ ᠦᠨᠳᠦᠰᠦᠲᠡᠨ ᠤ ᠤᠯᠠᠨ ᠲᠦᠮᠡᠨᠴᠢ ᠰᠤᠶᠤᠯ ᠳᠠᠮᠢᠷ ᠤᠨ ᠬᠦᠳᠡᠯᠭᠡᠭᠡᠨ ᠤ ᠲᠦᠪ ᠲᠤ ᠦᠪᠡᠳᠡᠭᠰᠢ ᠶᠡᠭᠡ ᠪᠠᠷ ᠡᠬᠢᠯᠡᠪᠡ᠃ ᠡᠨᠡ ᠨᠢ ᠪᠠᠰᠠ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠴᠤᠭᠯᠠᠭᠠᠨ ᠬᠦᠰᠢᠭᠡ ᠪᠠᠨ ᠢᠷᠠᠭᠰᠠᠨ ᠢ ᠬᠠᠷᠠᠭᠤᠯᠵᠤ ᠪᠠᠶᠢᠭ᠎ᠠ ᠶᠤᠮ᠃      ᠳᠤᠮᠳᠠᠳᠤ ᠤᠯᠤᠰ · ᠦᠪᠦᠷ ᠮᠤᠩᠭᠤᠯ ᠤᠨ ᠮᠤᠷᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠢ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠲᠤᠪᠴᠢᠶ᠎ᠠ ᠪᠤᠯᠤᠨ ᠬᠦᠬᠡᠬᠤᠳᠠ ᠶᠢᠨ ᠵᠠᠰᠠᠭ ᠎ ᠤᠨ ᠤᠷᠳᠤᠨ ᠠᠴᠠ ᠭᠤᠤᠯᠯᠠᠨ ᠡᠷᠭᠢᠯᠡᠵᠤ᠂ ᠪᠦᠬᠦ ᠤᠯᠤᠰ ᠤᠨ ᠬᠠᠮᠢᠶ᠎ᠠ ᠪᠦᠬᠦᠢ ᠮᠤᠵᠢ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠰᠤᠶᠤᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠳᠠᠮᠢᠷ ᠤᠨ ᠳᠤᠪᠴᠢᠶ᠎ᠠ᠂ ᠮᠤᠷᠢᠨ ᠮᠡᠷᠭᠡᠵᠢᠯ ᠤᠨ ᠨᠡᠶᠢᠬᠡᠮᠯᠢᠭ ᠤᠨ ᠬᠠᠷᠢᠭᠤᠴᠠᠯᠭᠠᠳᠠᠨ ᠬᠢᠬᠡᠳ ᠬᠦᠬᠡᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ 6000 ᠭᠠᠷᠤᠢ ᠬᠦᠮᠦᠨ ᠤᠷᠤᠯᠳᠤᠭᠠᠨ ᠡᠬᠢᠯᠡᠬᠦ ᠶᠤᠰᠤᠯᠠᠯ ᠳᠤ ᠤᠷᠤᠯᠴᠠᠪᠠ᠃      ᠶᠤᠰᠤᠯᠠᠯ ᠳᠡᠭᠡᠷ᠎ᠡ᠂ ᠤᠤᠮᠧᠨ ᠤ ᠤᠷᠤᠯᠳᠤᠭᠠᠨ ᠮᠤᠷᠢᠨ ᠤ ᠨᠡᠶᠢᠬᠡᠮᠯᠢᠭ᠂ ᠲᠦᠪᠡᠳ ᠤᠨ ᠮᠤᠷᠢᠨ ᠮᠡᠷᠭᠡᠵᠢᠯ ᠎ ᠤᠨ ᠨᠡᠶᠢᠬᠡᠮᠯᠢᠭ᠂ ᠱᠠᠩᠬᠠᠢ ᠶᠢᠨ ᠮᠤᠷᠢᠨ ᠮᠡᠷᠭᠡᠵᠢᠯ ᠤᠨ ᠨᠡᠶᠢᠬᠡᠮᠯᠢᠭ ᠵᠡᠷᠭᠡ 20 ᠭᠠᠷᠤᠢ ᠨᠢᠭᠡᠴᠢ ᠪᠠᠶᠠᠷ ᠤᠨ ᠵᠠᠬᠢᠳᠠᠯ ᠢᠷᠡᠭᠦᠯᠵᠤ᠂ ᠠᠬᠤᠢ ᠳᠠᠯᠠᠪᠠᠢ ᠳᠤ ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠨᠡᠶᠢᠬᠡᠮᠯᠢᠭ᠂ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠬᠡᠮᠯᠢᠭ ᠬᠢᠬᠡᠳ ᠰᠢᠶᠠᠩᠭᠠᠩ ᠤᠨ ᠠᠳᠤᠭᠤᠨ ᠤ ᠨᠠᠶᠢᠬᠡᠮᠯᠢᠭ ᠠᠴᠠ ᠢᠷᠡᠭᠦᠯᠦᠭᠰᠡᠨ ᠪᠠᠶᠠᠷ ᠤᠨ ᠵᠠᠬᠢᠳᠠᠯ ᠢ ᠤᠩᠰᠢᠬᠤ ᠶᠢᠨ ᠬᠠᠮᠳᠤ ᠠᠯᠳᠠᠷᠳᠤ ᠺᠢᠨᠣ᠋ ᠤᠳᠤᠷᠢᠳᠤᠭᠠᠴᠢ᠂ ᠲᠤᠬᠯᠠᠬᠴᠢ ᠦ᠋ ᠵᠢᠩ ᠠᠪᠤᠭᠠᠢ ᠳᠤ ᠳᠤᠮᠳᠠᠳᠤ ᠤᠯᠤᠰ ᠤᠨ ᠤᠯᠠᠨ ᠤᠯᠤᠰ ᠤᠨ ᠠᠳᠤᠭᠤᠨ ᠰᠤᠶᠤᠯ ᠤᠨ ᠴᠤᠭᠯᠠᠭᠠᠨ ᠤ ᠲᠦᠷᠢ ᠲᠦᠷᠬᠦ ᠶᠢᠨ ᠡᠯᠴᠢ ᠶᠢᠨ ᠦᠨᠡᠮᠯᠡᠯ ᠢ ᠭᠠᠷᠳᠠᠭᠤᠯᠪᠠ᠃      ᠶᠤᠰᠤᠯᠠᠯ ᠤᠨ ᠳᠠᠷᠠᠭ᠎ᠠ ᠴᠡᠪᠡᠷ ᠴᠢᠰᠦᠨ ᠤ ᠪᠦᠳᠦᠭᠦᠨ ᠮᠤᠷᠢᠨ ᠤ 1000 ᠮᠧᠲᠷ᠂ 2750 ᠮᠧᠲᠷ ᠤᠨ ᠢᠯᠡ ᠤᠷᠤᠯᠳᠤᠭᠠᠨ᠂ ᠴᠡᠪᠡᠷ ᠴᠢᠰᠦᠨ ᠤ ᠳᠠᠭ᠎ᠠ ᠶᠢᠨ 1000 ᠮᠧᠲᠷ ᠤᠨ ᠢᠯᠡ ᠤᠷᠤᠯᠳᠤᠭᠠᠨ᠂ ᠴᠡᠪᠡᠷ ᠴᠢᠰᠦᠨ ᠎ ᠤ ᠦᠷᠢᠶ᠎ᠡ ᠮᠤᠷᠢᠨ ᠤ 1000 ᠮᠧᠲᠷ ᠤᠨ ᠢᠯᠡ ᠤᠷᠤᠯᠳᠤᠭᠠᠨ ᠵᠡᠷᠭᠡ 4 ᠳᠠᠯᠠᠪᠠᠢ ᠤᠷᠤᠯᠳᠤᠭᠠᠨ ᠶᠠᠪᠤᠭᠳᠠᠪᠠ᠃      ᠤᠳᠤᠬᠠᠨ ᠳᠤ ᠦᠪᠦᠷ ᠮᠤᠩᠭᠤᠯ ᠤᠨ ᠠᠳᠤᠭᠤᠨ ᠤ ᠳᠤᠭ᠎ᠠ ᠪᠦᠬᠦ ᠤᠯᠤᠰ ᠲᠤ ᠲᠦᠷᠦᠭᠦᠯᠡᠡ 93.5 ᠲᠦᠮᠡ ᠳᠤ ᠬᠦᠷᠴᠤ᠂ ᠪᠦᠬᠦ ᠤᠯᠤᠰ ᠤᠨ ᠠᠳᠤᠭᠤᠨ ᠤ ᠶᠡᠷᠦᠩᠬᠡᠢ ᠳᠤᠭ᠎ᠠ ᠶᠢᠨ 15.6%᠎ ᠶᠢ ᠡᠵᠡᠯᠡᠵᠤ᠂ ᠠᠳᠤᠭᠤ ᠠᠷᠠᠴᠢᠯᠠᠭ᠎ᠠ᠂ ᠠᠳᠤᠭᠤ ᠳᠡᠵᠢᠭᠡᠬᠦ᠂ ᠮᠤᠷᠢᠨ ᠤᠷᠤᠯᠳᠤᠭᠠᠨ᠂ ᠰᠤᠶᠤᠯ ᠵᠢᠭᠤᠯᠴᠢᠯᠠᠯ ᠵᠡᠷᠭᠡ ᠶᠢ ᠪᠠᠭᠳᠠᠭᠠᠭᠰᠠᠨ ᠬᠠᠷᠢᠴᠠᠩᠭᠤᠢ ᠪᠦᠷᠢᠨ ᠪᠦᠳᠦᠨ ᠠᠳᠤᠭᠤᠨ ᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号