ᠳᠤᠮᠳᠠᠳᠤ ᠤᠯᠤᠰ · ᠦᠪᠦᠷ ᠮᠤᠩᠭᠤᠯ ᠤᠨ ᠮᠤᠷᠢᠨ ᠤᠷᠤᠯᠳᠤᠭᠠᠨ ᠬᠢᠭᠡᠳ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2019/7/1
     6 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠤᠨᠢᠨ ᠮᠡᠳᠡᠭᠡ ᠨᠠᠶᠢᠳᠡᠯᠡᠬᠦ ᠬᠤᠷᠠᠯ ᠬᠢᠵᠦ᠂ ᠳᠤᠮᠳᠠᠳᠤ ᠤᠯᠤᠰ · ᠦᠪᠦᠷ ᠮᠤᠩᠭᠤᠯ ᠤᠨ ᠮᠤᠷᠢᠨ ᠤᠷᠤᠯᠳᠤᠭᠠᠨ  ᠬᠢᠭᠡᠳ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ 6 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ ᠬᠦᠬᠡᠬᠤᠳᠠ ᠶᠢᠨ ᠬᠦᠬᠡᠳᠠᠯ᠎ᠠ ᠳᠠᠬᠢ ᠦᠪᠦᠷ ᠮᠤᠩᠭᠤᠯ ᠤᠨ ᠴᠦᠬᠡᠨ ᠳᠤᠭᠠᠳᠤ ᠦᠨᠳᠦᠰᠦᠲᠡᠨ ᠤ ᠤᠯᠠᠨ ᠲᠦᠮᠡᠨᠴᠢ ᠰᠤᠶᠤᠯ ᠪᠡᠶ᠎ᠡ ᠶᠢᠨ ᠳᠠᠮᠢᠷ ᠤᠨ ᠤᠷᠳᠤᠨ ᠳᠤ ᠦᠪᠡᠳᠡᠭᠰᠢ ᠶᠡᠭᠡ ᠪᠠᠷ ᠡᠬᠢᠯᠡᠬᠦ ᠶᠢ ᠵᠠᠷᠯᠠᠪᠠ᠃      ᠳᠤᠮᠳᠠᠳᠤ ᠤᠯᠤᠰ · ᠦᠪᠦᠷ ᠮᠤᠩᠭᠤᠯ ᠤᠨ ᠮᠤᠷᠢᠨ ᠤᠷᠤᠯᠳᠤᠭᠠᠨ ᠬᠢᠭᠡᠳ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠲᠤᠪᠴᠢᠶ᠎ᠠ ᠬᠢᠭᠡᠳ ᠬᠦᠬᠡᠬᠤᠳᠠ ᠶᠢᠨ ᠵᠠᠰᠠᠭ ᠤᠨ ᠤᠷᠳᠤᠨ ᠭᠤᠤᠯᠯᠠᠨ ᠡᠷᠭᠢᠯᠡᠵᠤ᠂ ᠡᠬᠢᠯᠡᠯᠳᠡ ᠶᠢᠨ ᠶᠤᠰᠤᠯᠠᠯ ᠨᠢ ᠦᠪᠦᠷ ᠮᠤᠩᠭᠤᠯ ᠎ ᠤᠨ ᠤᠨᠴᠠᠯᠢᠭ ᠪᠠ ᠲᠠᠯ᠎ᠠ ᠨᠤᠳᠤᠭ ᠤᠨ ᠰᠤᠶᠤᠯ ᠤᠨ ᠤᠨᠴᠠᠯᠢᠭ ᠢ ᠳᠤᠪᠤᠶᠢᠯᠠᠭᠠᠵᠤ᠂ ︽ᠮᠢᠩᠭᠠᠨ ᠬᠡᠩᠬᠡᠷᠭᠡ ᠶᠢ ᠬᠠᠮᠳᠤ ᠪᠠᠷ ᠳᠡᠯᠡᠳᠦᠨ ᠡᠭᠡ ᠳᠡᠯᠡᠭᠡᠢ ᠶᠢ ᠳᠤᠩᠰᠤᠯᠭᠠᠵᠤ᠂ ᠭᠠᠭᠴᠠ ᠰᠤᠮᠤ ᠶᠢᠨ ᠰᠢᠪᠳᠤᠯᠤᠯᠳᠠ ᠪᠠᠷ ᠳᠡᠷᠢᠭᠦᠨ ᠮᠤᠷᠢ ᠶᠢ ᠤᠷᠢᠨ ᠭᠠᠷᠭᠠᠵᠤ᠂ ᠲᠦᠮᠡᠨ ᠠᠭᠳᠠ ᠶᠢᠨ ᠲᠦᠷᠪᠡᠭᠡᠨ ᠢᠶᠠᠷ ᠨᠠᠶᠢᠷ ᠤᠨ ᠤᠴᠢ ᠶᠢ ᠬᠦᠭᠵᠢᠭᠡᠬᠦ︾ ᠨᠠᠷᠬᠢᠶᠠᠨᠳᠤ ᠶᠤᠰᠤᠯᠠᠯ ᠢᠶᠠᠷ ᠤᠷᠤᠯᠳᠤᠭᠠᠨ ᠢᠶᠠᠨ ᠡᠬᠢᠯᠡᠭᠦᠯᠪᠡ᠃ ᠶᠤᠰᠤᠯᠠᠯ ᠳᠡᠭᠡᠷ᠎ᠡ ᠴᠡᠪᠡᠷ ᠴᠢᠰᠤᠨ ᠤ ᠮᠤᠷᠢᠨ ᠤ ᠤᠷᠤᠯᠳᠤᠭᠠᠨ᠂ ᠮᠤᠷᠢᠨ ᠮᠡᠷᠭᠡᠵᠢᠯ ᠤᠨ ᠲᠤᠭᠯᠠᠯᠳᠠ᠂ ᠠᠳᠤᠭᠤᠨ ᠰᠤᠶᠤᠯ ᠤᠨ ᠦᠯᠢᠭᠡᠷ ᠵᠠᠷᠭᠡ ᠤᠯᠠᠨ ᠲᠦᠷᠦᠯ ᠎ ᠤᠨ ᠤᠷᠤᠯᠳᠤᠭᠠᠨ ᠲᠤᠭᠯᠠᠯᠳᠠ ᠶᠠᠪᠤᠭᠳᠠᠭᠰᠠᠨ ᠪᠦᠬᠡᠳ ᠠᠵᠢᠯᠯᠠᠭ᠎ᠠ ᠶᠢᠨ ᠬᠤᠭᠤᠴᠠᠭᠠᠨ ᠳᠤ ᠭᠠᠷᠠᠭ ᠤᠨ ᠰᠡᠭᠦᠯᠴᠢ ᠪᠦᠷᠢ ᠳᠤ ᠬᠦᠬᠡᠳᠠᠯ᠎ᠠ ᠳᠤ ᠮᠤᠷᠢᠨ ᠤᠷᠤᠯᠳᠤᠭᠠᠨ ᠶᠠᠪᠤᠭᠳᠠᠬᠤ ᠪᠤᠯᠤᠨ᠎ᠠ᠃      ᠰᠤᠨᠢᠨ ᠮᠡᠳᠡᠭᠡ ᠨᠠᠶᠢᠳᠡᠯᠡᠬᠦ ᠬᠤᠷᠠᠯ ᠳᠡᠭᠡᠷ᠎ᠡ ᠪᠠᠰᠠ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠬᠢᠭᠡᠳ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠦᠵᠡᠰᠭᠦᠯᠡᠩ ᠤᠨ ᠴᠤᠭᠯᠠᠭᠠᠨ 8 ᠳ᠋ᠤᠭᠠᠷ ᠰᠠᠷ᠎ᠠ ᠶᠢᠨ 18᠎ ᠤ ᠡᠳᠦᠷ ᠠᠴᠠ 28᠎ ᠤ ᠡᠳᠤᠷ ᠪᠤᠯᠳᠠᠯ᠎ᠠ ᠬᠦᠬᠡᠬᠤᠳᠠ ᠶᠢᠨ ᠭᠤᠤᠯ ᠳᠠᠯᠠᠪᠤᠷ᠂ ᠰᠢᠯᠢ ᠶᠢᠨ ᠭᠤᠤᠯ ᠵᠡᠷᠭᠡ ᠠᠶᠢᠮᠠᠭ ᠬᠤᠳᠠ ᠶᠢᠨ ᠬᠤᠪᠢᠶᠠᠷᠢ ᠳᠠᠯᠠᠪᠤᠷ ᠲᠤ ᠶᠠᠪᠤᠭᠳᠠᠬᠤ ᠶᠢ ᠮᠡᠳᠡᠭᠳᠡᠭᠰᠡᠨ ᠪᠠᠶᠢᠨ᠎ᠠ᠃ ᠲᠤᠰ ᠠᠵᠢᠯᠯᠠᠭ᠎ᠠ ᠶᠢ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠬᠡᠮᠯᠢᠭ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠲᠤᠪᠴᠢᠶ᠎ᠠ᠂ ᠬᠦᠬᠡᠬᠤᠳᠠ᠂ ᠰᠢᠯᠢ ᠶᠢᠨ ᠭᠤᠤᠯ ᠠᠶᠢᠮᠠᠭ ᠭᠤᠤᠯᠯᠠᠨ ᠡᠷᠭᠢᠯᠡᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠪᠠᠶᠢᠭᠤᠯᠭ᠎ᠠ ᠨᠢᠬᠡᠴᠢ ᠳᠠᠭᠠᠭᠠᠴᠢᠯᠠᠨ ᠡᠷᠭᠢᠯᠡᠵᠤ᠂ ᠡᠬᠢᠯᠡᠯᠳᠡ ᠳᠡᠭᠦᠰᠭᠡᠯ ᠤᠨ ᠶᠤᠰᠤᠯᠠᠯ᠂ ᠮᠤᠷᠢᠨ ᠤᠷᠤᠯᠳᠤᠭᠠᠨ᠂ ᠶᠠᠷᠢᠶᠠᠨ ᠤ ᠳᠠᠪᠴᠠᠩ᠂ ᠲᠤᠭᠯᠠᠯᠳᠠ᠂ ᠦᠵᠡᠭᠦᠯᠭᠡ᠂ ᠪᠦᠳᠦᠭᠡᠯ ᠡᠯᠰᠡᠯᠲᠡ᠂ ᠳᠠᠮᠵᠢᠭᠤᠯᠭ᠎ᠠ ᠶᠢᠨ ᠳᠠᠪᠴᠠᠩ᠂ ᠭᠤᠤᠯ ᠰᠡᠳᠦᠪᠳᠤ ᠠᠵᠢᠯᠯᠠᠭ᠎ᠠ ᠵᠡᠷᠭᠡ 8 ᠶᠡᠭᠡ ᠲᠦᠷᠦᠯ ᠤᠨ ᠠᠵᠢᠯᠯᠠᠭ᠎ᠠ ᠶᠢ ᠪᠠᠭᠳᠠᠭᠠᠵᠤ᠂ ᠭᠤᠤᠯ ᠳᠠᠯᠠᠪᠤᠷ ᠪᠠ ᠬᠤᠪᠢᠶᠠᠷᠢ ᠳᠠᠯᠠᠪᠤᠷ ᠲᠤ ᠨᠡᠶᠢᠳᠡ 30 ᠭᠠᠷᠤᠢ ᠳᠠᠯᠠᠪᠠᠢ ᠭᠤᠶᠢᠲᠠ ᠰᠠᠶᠢᠬᠠᠨ ᠲᠤᠭᠯᠠᠯᠳᠠ ᠬᠢᠬᠡᠳ ᠤᠷᠤᠯᠳᠤᠭᠠᠨ ᠮᠦᠷᠦᠶᠢᠴᠡᠭᠡᠨ ᠶᠠᠪᠤᠭᠳᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号