ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ᠂ ᠮᠠᠨ ᠤ ᠣᠷᠣᠨ ᠭᠤᠸᠠᠩᠵᠧᠦ ᠬᠤᠳᠠ ᠳᠤ ᠭᠤᠸᠠᠩᠳᠦ᠋ᠩ ᠮᠣᠵᠢ · ᠥᠪᠥᠷ ᠮᠣᠩᠭᠤᠯ ᠤᠨ ᠰᠢᠷ᠎ᠠ | ᠪᠤᠷᠴᠠᠭ ᠤᠨ ᠦᠢᠯᠡᠳᠪᠣᠷᠢᠯᠠᠯ ᠪᠠ ᠪᠣᠷᠣᠯᠠᠭᠤᠯᠭ᠎ᠠ ᠶᠢ ᠠᠪᠴᠠᠯᠳᠣᠭᠤᠯᠬᠤ ᠶᠠᠷᠢᠯᠴᠠᠬᠤ ᠬᠤᠷᠠᠯ ᠬᠢᠵᠦ᠂ | ᠭᠤᠸᠠᠩᠳᠦ᠋ᠩ ᠮᠣᠵᠢ ᠯᠤᠭ᠎ᠠ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ | ᠶᠢ ᠪᠠᠶᠢᠭᠤᠯᠣᠨ᠂ ᠬᠤᠶᠠᠷ ᠣᠷᠣᠨ ᠤ ᠰᠢᠷ᠎ᠠ ᠪᠤᠷᠴᠠᠭ ᠤᠨ ᠦᠢᠯᠡᠳᠪᠣᠷᠢᠯᠠᠯ ᠪᠠ ᠪᠣᠷᠣᠯᠠᠭᠤᠯᠭ᠎ᠠ ᠶᠢᠨ | ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠪᠠ᠃ | ᠮᠠᠨ ᠤ ᠣᠷᠣᠨ ᠪᠠᠶᠢᠭᠠᠯᠢ ᠶᠢᠨ ᠡᠬᠢ ᠪᠠᠶᠠᠯᠢᠭ ᠤᠨ ᠨᠥᠬᠦᠴᠡᠯ ᠳᠠᠪᠠᠭᠤᠯᠢᠭ ᠪᠠᠶᠢᠵᠤ᠂ ᠪᠥᠬᠦ ᠤᠯᠤᠰ ᠤᠨ | ᠴᠢᠬᠤᠯᠠ ᠪᠦᠬᠦᠢ ᠪᠣᠬᠢᠷᠲᠤᠯ ᠥᠬᠡᠶ ᠴᠢᠨᠠᠷ ᠰᠠᠶᠢᠲᠠᠶ ᠰᠢᠷ᠎ᠠ ᠪᠤᠷᠴᠠᠭ ᠤᠨ ᠭᠠᠷᠣᠯᠳᠠ ᠶᠢᠨ ᠣᠷᠣᠨ ᠤ ᠨᠢᠭᠡ | ᠪᠣᠯᠤᠨ᠎ᠠ᠃ ᠮᠠᠨ ᠤ ᠣᠷᠣᠨ ᠤ ᠦᠶᠯᠡᠳᠪᠦᠷᠢᠯᠡᠭᠰᠡᠨ ᠢᠳᠡᠰᠢᠨ ᠤ ᠰᠢᠷ᠎ᠠ ᠪᠤᠷᠴᠠᠭ ᠤᠨ ᠴᠢᠨᠠᠷ ᠪᠠ ᠦᠨ᠎ᠡ ᠶᠢᠨ | ᠬᠠᠷᠢᠴᠠᠯ ᠥᠨᠳᠥᠷ ᠪᠠᠶᠢᠵᠤ᠂ ᠥᠨᠳᠥᠷ ᠤᠭᠤᠷᠠᠭᠲᠤ ᠰᠢᠷ᠎ᠠ ᠪᠤᠷᠴᠠᠭ ᠤᠨ ᠲᠥᠷᠥᠯ ᠵᠦᠶᠯ ᠤᠨ ᠪᠦᠳᠦᠭᠦᠯᠢᠭ | ᠤᠭᠤᠷᠠᠭ ᠤᠨ ᠠᠭᠤᠯᠤᠭᠳᠠᠴᠠ ᠶᠡᠷᠦᠩᠬᠡᠶ ᠳᠤ ᠪᠠᠨ 39.5%— 40% ᠳᠤ ᠬᠦᠷᠴᠦ᠂ ᠬᠠᠮᠤᠭ ᠤᠨ | ᠥᠨᠳᠥᠷ ᠲᠤ ᠪᠠᠨ 41% ᠠᠴᠠ ᠳᠠᠪᠠᠵᠤ᠂ ᠡᠯ᠎ᠡ ᠵᠦᠶᠯ ᠤᠨ ᠠᠰᠢᠭᠲᠠᠢ ᠪᠢᠴᠢᠯ ᠡᠯᠧᠮᠧᠨ᠋ᠲ ᠡᠯᠪᠡᠭ | ᠠᠭᠤᠯᠤᠭᠳᠠᠵᠤ᠂ ᠢᠯᠠᠩᠭᠤᠶ᠎ᠠ ᠢᠳᠡᠭᠡᠨ ᠵᠢᠴᠢ ᠨᠡᠷᠡᠮᠡᠯ ᠤᠨ ᠦᠶᠯᠡᠰ ᠲᠤ ᠲᠣᠬᠢᠷᠠᠨ᠎ᠠ᠃ 2018 ᠣᠨ ᠳᠤ᠂ | ᠪᠥᠬᠦ ᠣᠷᠣᠨ ᠤ ᠰᠢᠷ᠎ᠠ ᠪᠤᠷᠴᠠᠭ ᠲᠠᠷᠢᠬᠤ ᠲᠠᠯᠠᠪᠠᠢ 1641 ᠲᠦᠮᠡᠨ ᠮᠦ᠂ ᠶᠡᠷᠣᠩᠬᠡᠢ ᠬᠤᠷᠢᠶᠠᠯᠲᠠ ᠨᠢ 179. | 4 ᠲᠦᠮᠡᠨ ᠲᠣᠨ ᠳᠤ ᠬᠦᠷᠴᠣ᠂ ᠲᠠᠷᠢᠭᠰᠠᠨ ᠲᠡᠯᠡᠪᠡᠢ ᠪᠠ ᠬᠤᠷᠢᠶᠠᠯᠲᠠ ᠨᠢ ᠪᠦᠬᠦ ᠣᠯᠣᠰ ᠲᠤ ᠬᠤᠶᠠᠳᠣᠭᠠᠷ ᠲᠤ | ᠳᠣᠳᠣᠷᠠᠵᠤ᠂ ᠪᠣᠷᠣᠯᠠᠭᠤᠯᠭ᠎ᠠ ᠶᠢᠨ ᠬᠡᠮᠵᠢᠶ᠎ᠡ ᠨᠢ ᠪᠠᠷᠤᠭ 80% ᠠᠴᠠ ᠳᠡᠭᠡᠭᠰᠢᠬᠢ ᠶᠢ ᠡᠵᠡᠯᠡᠪᠡ᠃ ᠡᠨᠡ ᠵᠢᠯ᠂ | ᠪᠦᠬᠦ ᠣᠷᠣᠨ ᠤ ᠰᠢᠷ᠎ᠠ ᠪᠤᠷᠴᠠᠭ ᠲᠠᠷᠢᠬᠤ ᠲᠠᠯᠠᠪᠡᠢ ᠶᠢ ᠰᠢᠨ᠎ᠡ ᠪᠠᠷ 188 ᠲᠦᠮᠡᠨ ᠮᠦ ᠨᠡᠮᠡᠭᠳᠡᠬᠦᠯᠵᠡᠢ᠃ | ᠣᠳᠣᠬᠠᠨ ᠳᠤ᠂ ᠬᠥᠯᠥᠨ ᠪᠣᠶᠢᠷ ᠬᠤᠲᠠ ᠵᠡᠷᠭᠡ ᠭᠠᠵᠠᠷ ᠣᠷᠣᠨ ᠤ ᠰᠢᠷ᠎ᠠ ᠪᠤᠷᠴᠠᠭ ᠤᠨ ᠴᠢᠬᠢᠭ ᠤᠨ ᠪᠠᠶᠢᠳᠠᠯ | ᠰᠠᠶᠢᠨ᠂ ᠲᠣᠮᠣ ᠪᠤᠷᠴᠠᠭ ᠤᠨ ᠴᠢᠴᠢᠭᠡᠰᠦ ᠪᠦᠷᠢᠨ᠂ ᠴᠢᠬᠢ ᠪᠦᠷᠢᠨ ᠪᠠᠶᠢᠵᠤ᠂ ᠵᠢᠱᠢᠯᠲᠡ ᠪᠠᠷ ᠡᠨᠡ ᠵᠢᠯ ᠪᠥᠬᠦ | ᠣᠷᠣᠨ ᠤ ᠰᠢᠷ᠎ᠠ ᠪᠤᠷᠴᠠᠭ ᠤᠨ ᠬᠤᠷᠢᠶᠠᠯᠲᠠ ᠪᠠᠷᠤᠭ 180 ᠲᠦᠮᠡᠨ ᠲᠣᠨ ᠢ ᠳᠠᠪᠠᠭ᠋ᠤ ᠪᠣᠯᠤᠨ᠎ᠠ᠃ | ᠭᠤᠸᠠᠩᠳᠦ᠋ᠩ ᠮᠣᠵᠢ ᠪᠣᠯ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠬᠦᠯᠦᠭᠰᠡᠨ ᠬᠤᠰᠢᠭᠤᠴᠢ ᠭᠠᠵᠠᠷ | ᠮᠥᠨ᠂ ᠰᠢᠷ᠎ᠠ ᠪᠤᠷᠴᠠᠭ ᠢ ᠪᠣᠯᠪᠠᠰᠤᠷᠠᠭᠤᠯᠬᠤ ᠴᠢᠳᠠᠪᠤᠷᠢ ᠴᠢᠩᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠥᠷᠭᠡᠨ᠂ | ᠡᠵᠡᠩᠨᠡᠯᠲᠡ ᠶᠢᠨ ᠣᠨᠣᠯᠵᠢᠬᠤᠨ ᠬᠦᠭᠵᠢᠩᠭᠦᠢ ᠪᠠᠶᠢᠳᠠᠭ᠃ ᠮᠠᠨ ᠤ ᠣᠷᠣᠨ ᠪᠣᠯᠤᠨ ᠭᠤᠸᠠᠩᠳᠦ᠋ᠩ ᠮᠤᠵᠢ ᠶᠢᠨ | ᠰᠢᠷ᠎ᠠ ᠪᠤᠷᠴᠠᠭ ᠤᠨ ᠦᠢᠯᠡᠳᠪᠣᠷᠢᠯᠠᠯ ᠪᠠ ᠪᠣᠷᠣᠯᠠᠭᠤᠯᠭ᠎ᠠ ᠶᠢᠨ ᠲᠠᠪᠠᠭᠤᠯᠢᠭ ᠢᠶᠠᠨ ᠬᠠᠷᠢᠯᠴᠠᠨ ᠨᠦᠬᠦᠪᠣᠷᠢᠯᠡᠵᠤ᠂ | ᠠᠷᠠᠯᠵᠢᠶ᠎ᠠ ᠪᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠨᠢ ᠮᠠᠰᠢ | ᠶᠡᠭᠡ ᠳᠠᠯᠳᠠ ᠶᠢᠨ ᠬᠦᠴᠦᠨ ᠲᠠᠢ ᠪᠠᠶᠢᠳᠠᠭ᠃ ᠬᠤᠷᠠᠯ ᠳᠡᠭᠡᠷ᠎ᠡ᠂ ᠮᠠᠨ ᠤ ᠣᠷᠣᠨ ᠪᠣᠯᠤᠨ ᠭᠤᠸᠠᠩᠳᠦ᠋ᠩ ᠮᠤᠵᠢ | ᠶᠢᠨ ᠲᠥᠯᠥᠭᠡᠯᠡᠭᠴᠢᠳ ᠪᠦᠷ ᠭᠤᠸᠠᠩᠳᠦ᠋ᠩ ᠮᠤᠵᠢ ᠶᠢᠨ ᠬᠥᠷᠥᠩᠭᠡ᠂ ᠮᠡᠷᠭᠡᠵᠢᠯ᠂ ᠵᠠᠬ᠎ᠠ ᠳᠡᠯᠭᠡᠭᠦᠷ ᠤᠨ | ᠳᠠᠪᠠᠭᠤᠯᠢᠭ ᠪᠣᠯᠤᠨ ᠥᠪᠥᠷ ᠮᠣᠩᠭᠤᠯ ᠤᠨ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠢ ᠢᠳᠡᠪᠬᠢᠲᠡᠢ | ᠤᠶᠠᠯᠳᠤᠭᠤᠯᠵᠤ᠂ ᠵᠣᠯᠭᠠᠯᠳᠤᠭᠤᠯᠤᠨ ᠰᠣᠯᠢᠯᠴᠠᠬᠤ ᠪᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠶᠢ | ᠴᠢᠨᠠᠭᠰᠢᠳᠠ ᠴᠢᠩᠭᠠᠳᠬᠠᠵᠤ᠂ ᠲᠣᠰ ᠲᠣᠰ ᠤᠨ ᠣᠨᠴᠠᠯᠢᠭ ᠪᠣᠯᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ | ᠬᠠᠮᠲᠤᠷᠠᠯᠴᠠᠭ᠎ᠠ ᠬᠢᠵᠦ ᠬᠠᠮᠳᠣ ᠪᠠᠷ ᠠᠰᠢᠭ ᠬᠦᠷᠲᠡᠬᠦ ᠶᠢ ᠪᠡᠶᠡᠯᠡᠬᠦᠯᠤᠨ᠎ᠠ ᠭᠡᠵᠦ ᠰᠠᠨᠠᠯ ᠨᠢᠭᠡᠲᠡᠢ ᠦᠵᠡᠪᠡ᠃ | ᠭᠤᠸᠠᠩᠳᠦ᠋ᠩ ᠮᠤᠵᠢ ᠶᠢᠨ ᠭᠦᠶᠯᠭᠡᠭᠡᠨ ᠤ ᠠᠵᠤ ᠠᠬᠤᠶᠢᠯᠠᠯ ᠤᠨ ᠥᠪᠥᠷ ᠮᠣᠩᠭᠤᠯ ᠳᠤ ᠬᠦᠷᠴᠦ ᠰᠢᠷ᠎ᠠ ᠪᠤᠷᠴᠠᠭ | ᠤᠨ ᠠᠷᠠᠯᠵᠢᠶ᠎ᠠ ᠡᠷᠬᠢᠯᠡᠵᠤ᠂ ᠰᠢᠷ᠎ᠠ ᠪᠤᠷᠴᠠᠭ ᠡᠳ᠋ᠰᠢᠭᠦᠯᠬᠦ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ | ᠪᠠᠯᠠ ᠣᠷᠣᠭᠤᠯᠤᠨ ᠦᠶᠯᠡᠳᠪᠦᠷᠢ ᠪᠠᠶᠢᠭᠤᠯᠬᠤ ᠶᠢ ᠨᠢ ᠵᠣᠷᠢᠭᠵᠢᠭᠤᠯᠵᠤ᠂ ᠪᠣᠬᠢᠷᠲᠤᠯ ᠥᠬᠡᠶ ᠴᠢᠨᠠᠷ ᠰᠠᠶᠢᠲᠠᠶ | ᠳᠡᠬᠡᠳᠣ ᠲᠡᠰ ᠤᠨ ᠰᠢᠷ᠎ᠠ ᠪᠤᠷᠴᠠᠭ ᠤᠨ ᠦᠶᠯᠡᠳᠬᠦᠨ ᠢ ᠦᠶᠯᠡᠳᠪᠦᠷᠢᠯᠡᠵᠦ᠂ ᠲᠤᠬᠠᠶ ᠶᠢᠨ ᠭᠠᠵᠠᠷ ᠲᠤ ᠨᠢ | ᠣᠯᠠᠷᠢᠭᠤᠯᠬᠤ᠂ ᠨᠠᠷᠢᠯᠢᠭ ᠡᠳ᠋ᠰᠢᠭᠦᠯᠬᠦ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ | ᠪᠠ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ |