ᠮᠠᠰᠢᠨ ᠲᠡᠷᠭᠡᠨ ᠤ ᠭᠠᠳᠠᠭᠰᠢᠯᠠᠭᠤᠯᠬᠤ ᠬᠡᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ | ᠴᠢᠩᠭᠠᠳᠬᠠᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠤᠰᠠᠳᠠ᠂ ᠬᠥᠬᠡᠬᠤᠲᠠ᠂ ᠪᠤᠭᠤᠲᠤ | ᠵᠡᠷᠭᠡ ᠮᠠᠨ ᠤ ᠣᠷᠣᠨ ᠤ 6 ᠭᠤᠤᠯᠳᠠᠯᠭ᠎ᠠ ᠲᠠᠢ ᠣᠷᠣᠨ ᠪᠦᠰᠡ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ | ᠤᠯᠤᠰ ᠤᠨ ᠵᠢᠷᠭᠤᠳᠤᠭᠠᠷ ᠱᠠᠲᠤ ᠦᠶ᠎ᠡ ᠶᠢᠨ ᠬᠦᠩᠭᠡᠨ ᠬᠡᠯᠪᠡᠷᠢ ᠶᠢᠨ ᠮᠠᠰᠢᠨ ᠲᠡᠷᠭᠡᠨ ᠤ ᠠᠭᠠᠷ ᠮᠠᠨᠳᠠᠯ ᠤᠨ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠵᠢᠩᠬᠢᠨᠢ ᠪᠠᠷ ᠬᠡᠷᠡᠭᠵᠢᠭᠦᠯᠪᠡ᠃ | ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ᠠᠮᠢ ᠠᠬᠤᠶ ᠶᠢᠨ ᠣᠷᠴᠢᠨ | ᠲᠣᠭᠤᠷᠢᠨ ᠤ ᠶᠠᠮᠤᠨ ᠵᠡᠷᠭᠡ 11 ᠶᠠᠮᠤᠨ ᠵᠥᠪᠯᠡᠯ ᠤᠨ ︽ᠪᠠᠷᠠᠭ᠎ᠠ ᠲᠡᠭᠡᠭᠡᠪᠦᠷᠢᠯᠡᠬᠦ ᠴᠠᠶᠢᠶ᠋ᠢᠦ ᠲᠡᠷᠭᠡ ᠶᠢᠨ | ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠵᠢᠯᠯᠠᠭᠠᠨ ᠤ ᠲᠥᠯᠥᠪᠯᠡᠭᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠲᠦᠷᠦᠭᠦᠬᠡᠨ ᠬᠠᠮᠲᠤᠷᠠᠨ ︽ᠤᠯᠤᠰ ᠤᠨ ᠵᠢᠷᠭᠤᠳᠤᠭᠠᠷ ᠱᠠᠲᠤᠨ ᠤ | ᠬᠦᠩᠭᠡᠨ ᠬᠡᠯᠪᠡᠷᠢ ᠶᠢᠨ ᠮᠠᠰᠢᠨ ᠲᠡᠷᠭᠡᠨ ᠤ ᠠᠭᠠᠷ ᠮᠠᠨᠳᠠᠯ ᠤᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ | ᠪᠠᠷᠢᠮᠵᠢᠶ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠨᠡᠶᠢᠲᠡᠯᠡᠪᠡ᠃ | ︽ᠮᠡᠳᠡᠭᠳᠡᠯ︾ ᠳᠤ ᠲᠣᠳᠣᠷᠬᠠᠶᠢᠯᠠᠭᠰᠠᠨ ᠨᠢ᠂ 2019 ᠣᠨ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ | ᠦᠬᠠᠶ ᠬᠤᠲᠠ ᠵᠡᠷᠭᠡ 6 ᠭᠤᠤᠯᠳᠠᠯᠭ᠎ᠠ ᠲᠠᠢ ᠣᠷᠣᠨ ᠪᠦᠰᠡ ᠶᠢᠨ ᠭᠠᠳᠠᠭᠠᠳᠤ ᠠᠴᠠ ᠣᠷᠣᠭᠤᠯᠬᠤ ᠪᠣᠷᠣᠯᠠᠭᠤᠯᠬᠤ᠂ | ᠳᠠᠩᠰᠠᠯᠠᠭᠤᠯᠬᠤ ᠬᠥᠩᠭᠡᠨ ᠬᠡᠯᠪᠡᠷᠢ ᠶᠢᠨ ᠮᠠᠰᠢᠨ ᠲᠡᠷᠭᠡ ᠨᠢ ︽ᠬᠥᠩᠭᠡᠨ ᠬᠡᠯᠪᠡᠷᠢ ᠶᠢᠨ ᠮᠠᠰᠢᠨ ᠲᠡᠷᠭᠡᠨ ᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠵᠢᠴᠢ ᠰᠢᠯᠭᠠᠨ ᠬᠡᠮᠵᠢᠬᠦ ᠠᠷᠭ᠎ᠠ ︵ᠳᠤᠮᠳᠠᠳᠤ | ᠤᠯᠤᠰ ᠤᠨ ᠵᠢᠷᠭᠤᠳᠤᠭᠠᠷ ᠱᠠᠲᠤ ᠦᠶ᠎ᠡ︶︾ ︵G B 18352.6 — 2016︶ 6a ᠱᠠᠲᠤᠨ ᠤ | ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ 2019 ᠣᠨ 7 ᠳ᠋ᠤᠭᠠᠷ ᠰᠠᠷ᠎ᠠ ᠶᠢᠨ 1 ᠤ | ᠡᠳᠦᠷ ︵ᠲᠤᠰ ᠡᠳᠦᠷ ᠢ ᠪᠠᠭᠲᠠᠭᠠᠬᠤ ᠥᠬᠡᠶ︶ ᠠᠴᠠ ᠡᠮᠦᠨ᠎ᠡ ᠨᠢᠭᠡᠨᠲᠡ ᠪᠣᠷᠣᠯᠠᠭᠤᠯᠤᠭᠰᠠᠨ ᠪᠥᠭᠡᠳ ᠮᠠᠰᠢᠨ | ᠲᠡᠷᠭᠡ ᠶᠢ ᠨᠢᠭᠡᠳᠦᠯᠲᠡᠶ ᠪᠣᠷᠣᠯᠠᠭᠤᠯᠤᠭᠰᠠᠨ ᠪᠠᠷᠢᠮᠲᠠ ︵ᠲᠡᠷᠭᠡ ᠬᠤᠳᠠᠯᠳᠤᠨ ᠠᠪᠤᠭᠰᠠᠨ ᠡᠳᠦᠷ ᠬᠤᠭᠤᠴᠠᠭ᠎ᠠ ᠪᠠᠷ | ᠪᠠᠷᠢᠮᠵᠢᠶ᠎ᠠ ᠪᠣᠯᠭᠠᠨ᠎ᠠ︶ ᠨᠢ ᠤᠯᠤᠰ ᠤᠨ ᠲᠠᠪᠤᠳᠤᠭᠠᠷ ᠱᠠᠲᠤ ᠦᠶ᠎ᠡ ᠶᠢᠨ ᠮᠠᠰᠢᠨ ᠲᠡᠷᠭᠡᠨ ᠤ | ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠲᠡᠷᠭᠡ ᠬᠥᠰᠬᠡ ᠨᠢ 2020 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ︵ᠲᠤᠰ ᠡᠳᠦᠷ ᠢ ᠪᠠᠭᠲᠠᠭᠠᠬᠤ ᠥᠬᠡᠶ︶ ᠠᠴᠠ ᠡᠮᠦᠨ᠎ᠡ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠲᠤᠬᠠᠶᠢᠯᠠᠭᠰᠠᠨ | ᠠᠵᠢᠯ ᠢᠶᠠᠨ ᠭᠦᠢᠴᠡᠳᠬᠡᠬᠦ ᠬᠡᠷᠡᠭᠲᠡᠢ᠂ ᠬᠤᠭᠤᠴᠠᠭ᠎ᠠ ᠥᠩᠭᠡᠷᠡᠪᠡᠯ ᠬᠦᠯᠢᠶᠡᠨ ᠭᠦᠢᠴᠡᠳᠬᠡᠬᠦ ᠥᠬᠡᠶ ᠭᠡᠵᠡᠢ᠃ |