7 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ 2016 ᠣᠨ ᠠᠴᠠ ᠨᠠᠭᠠᠰᠢᠬᠢ ᠮᠠᠨ ᠤ ᠤᠷᠤᠨ ᠤ ᠲᠥᠪ ᠤᠨ ᠤᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠠᠵᠢᠯ ᠤᠨ ᠰᠡᠳᠭᠢᠴᠡ᠂ ᠠᠷᠭ᠎ᠠ ᠬᠢᠳᠡᠯ ᠪᠤᠯᠤᠨ ᠦᠷ᠎ᠡ ᠪᠦᠳᠦᠮᠵᠢ ᠶᠢ ᠨᠡᠶᠢᠳᠡᠯᠡᠪᠡ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠩ ᠠᠴᠠ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ︽ᠭᠤᠷᠪᠠᠨ ᠨᠠᠭᠤᠷ︾ | ᠤᠨ ᠠᠮᠢ ᠠᠬᠤᠢ ᠶᠢᠨ ᠴᠡᠭᠴᠡᠯᠡᠯᠲᠡ ᠶᠢ ᠡᠷᠡᠰ ᠠᠳᠬᠤᠬᠤ᠂ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠬᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ | ᠬᠦᠴᠦᠯᠡᠴᠡ ᠪᠠᠨ ᠨᠡᠮᠡᠭᠳᠡᠭᠦᠯᠬᠦ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ᠂ | ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠵᠡᠷᠭᠡ ᠲᠠᠯ᠎ᠠ ᠪᠠᠷ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠵᠠᠢ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 2016 ᠣᠨ ᠤ | ᠠᠩᠬᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 49 ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 35 ᠶᠢ ᠪᠡᠶᠡᠯᠡᠭᠦᠯᠵᠦ᠂ | ᠦᠯᠡᠳᠡᠭᠰᠡᠨ 14 ᠡᠭᠦᠷᠭᠡ ᠶᠢ ᠶᠠᠭ ᠰᠢᠮᠳᠠᠭᠤᠯᠤᠨ ᠠᠬᠢᠭᠤᠯᠵᠤ ᠪᠣᠢ᠃ 2018 ᠣᠨ ᠤ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠣᠴᠠᠵᠤ ᠪᠠᠶᠢᠴᠠᠬᠤ ᠠᠵᠢᠯᠯᠠᠭ᠎ᠠ ᠵᠢᠴᠢ | ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠲᠤᠰᠬᠠᠢ ᠲᠥᠷᠥᠯ ᠢᠶᠠᠷ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ 100 ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 39 ᠶᠢ ᠨᠢᠭᠡᠨᠲᠡ | ᠴᠡᠭᠴᠡᠯᠡᠨ ᠰᠠᠶᠢᠵᠢᠷᠠᠭᠤᠯᠪᠠ᠂ ᠡᠭᠦᠨ ᠳᠤ ᠪᠠᠷᠢᠨ ᠲᠤᠤᠷ᠎ᠠ ᠨᠢ ᠴᠡᠭᠴᠡᠯᠡᠨ ᠰᠠᠶᠢᠵᠢᠷᠠᠭᠤᠯᠬᠤ 13 ᠡᠭᠦᠷᠭᠡ ᠶᠢᠨ | 8 ᠶᠢ ᠨᠢᠭᠡᠨᠲᠡ ᠪᠡᠶᠡᠯᠡᠭᠦᠯᠵᠦ᠂ ᠦᠯᠡᠳᠡᠭᠰᠡᠨ ᠡᠭᠦᠷᠭᠡ ᠶᠢ ᠡᠨᠡ ᠵᠢᠯ ᠤᠨ ᠰᠡᠭᠦᠯᠴᠢ ᠪᠠᠷ ᠪᠡᠶᠡᠯᠡᠭᠦᠯᠦᠨ᠎ᠡ︔ 2018 | ᠣᠨ ᠤ ᠵᠢᠯ ᠤᠨ ᠰᠡᠭᠦᠯᠴᠢ ᠪᠠᠷ ᠪᠡᠶᠡᠯᠡᠭᠦᠯᠬᠦ 10 ᠡᠭᠦᠷᠭᠡ ᠶᠢ ᠪᠦᠬᠦᠨ ᠢ ᠴᠡᠭᠴᠡᠯᠡᠨ ᠰᠠᠶᠢᠵᠢᠷᠠᠭᠤᠯᠪᠠ︔ 2019 | ᠣᠨ ᠤ ᠵᠢᠯ ᠤᠨ ᠰᠡᠭᠦᠯᠴᠢ ᠪᠠᠷ ᠪᠡᠶᠡᠯᠡᠭᠦᠯᠬᠦ 26 ᠡᠭᠦᠷᠬᠡ ᠶᠢᠨ 9 ᠶᠢ ᠨᠢᠭᠡᠨᠲᠡ ᠪᠡᠶᠡᠯᠡᠭᠦᠯᠵᠦ᠂ ᠦᠯᠡᠳᠡᠭᠰᠡᠨ 17 | ᠡᠭᠦᠷᠭᠡ ᠶᠢ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ︔ 2020 ᠣᠨ ᠳᠤ ᠪᠡᠶᠡᠯᠡᠭᠦᠯᠬᠦ 39 ᠡᠭᠦᠷᠬᠡ ᠶᠢ ᠶᠠᠭ | ᠪᠦᠬᠦ ᠲᠠᠯ᠎ᠠ ᠪᠠᠷ ᠲᠦᠯᠬᠢᠨ ᠠᠬᠢᠭᠤᠯᠵᠤ ᠪᠤᠢ᠃ | ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ︽ | ᠳᠦᠷᠪᠡᠨ ᠤᠬᠠᠮᠰᠠᠷ ᠢᠶᠠᠨ ᠲᠡᠭᠡᠭᠰᠢᠯᠡᠭᠦᠯᠬᠦ︾᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠴᠢᠬᠤᠯᠠ | ᠰᠢᠯᠭᠠᠨ ᠪᠠᠶᠢᠴᠠᠭᠠᠯᠲᠠ ᠪᠤᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠠᠴᠠ ᠬᠤᠶᠠᠷ ᠢ ᠵᠦᠢᠴᠢᠯᠡᠨ᠂ ᠦᠡᠭᠭᠡᠨ ᠲᠠᠯ᠎ᠠ ᠪᠠ ᠦᠨᠳᠦᠰᠦᠨ ᠠᠴᠠ ᠨᠢ | ᠵᠠᠰᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ | ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠨ ᠤ | ᠤᠯᠤᠰ ᠤᠨ ᠤᠮᠠᠷᠠᠳᠤ ᠶᠢᠨ ᠠᠮᠢ ᠠᠬᠤᠢ ᠶᠢᠨ ᠴᠢᠬᠤᠯᠠ ᠬᠠᠯᠬᠠᠪᠴᠢ ᠶᠢ ᠪᠠᠬᠢᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠢ ᠰᠢᠭᠤᠢ ᠪᠣᠯᠤᠨ ᠨᠤᠲᠤᠭ | ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠣᠷᠤᠯᠴᠠᠭᠰᠠᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |