︽ᠪᠤᠯᠪᠠᠰᠤᠨ ᠢᠶᠠᠷ ᠵᠢᠭᠤᠯᠴᠢᠯᠠᠵᠤ ᠳᠤᠮᠳᠠᠳᠤ ᠤᠯᠤᠰ ᠲᠤ ᠪᠠᠨ ᠭᠡᠷᠡᠯ ᠭᠢᠯᠪᠠᠭ᠎ᠠ ᠨᠡᠮᠡᠷᠢᠯᠡᠶ᠎ᠠ — ᠵᠠᠭᠤᠨ ᠬᠤᠳᠠ ᠮᠢᠩᠭᠠᠨ ᠦᠵᠡᠮᠵᠢ ᠶᠢᠨ ᠤᠷᠤᠨ ᠤ ᠠᠵᠢᠯᠯᠠᠭ᠎ᠠ︾ ᠡᠬᠢᠯᠡᠪᠡ  ᠸᠠᠩ ᠰᠢᠶᠤᠤ ᠹᠧᠩ᠂ ᠵᠧᠩ ᠬᠤᠩ ᠹᠠᠨ ᠠᠵᠢᠯᠯᠠᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2019/7/10
    7 ᠳ᠋ᠤᠭᠠᠷ ᠰᠠᠷ᠎ᠠ ᠶᠢᠨ 9᠎ ᠤ ᠡᠳᠦᠷ᠂ ᠰᠤᠶᠤᠯ ᠪᠠ ᠵᠢᠭᠤᠯᠴᠢᠯᠠᠯ ᠤᠨ ᠶᠠᠮᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ ᠠᠴᠠ ᠭᠤᠤᠯᠯᠡᠨ ᠡᠷᠬᠢᠯᠡᠵᠦ᠂ ᠦᠪᠦᠷ ᠮᠣᠩᠭᠤᠯ ᠤᠨ ᠰᠤᠶᠤᠯ ᠪᠠ ᠵᠢᠭᠤᠯᠴᠢᠯᠠᠯ ᠤᠨ ᠲᠢᠩᠬᠢᠮ᠂ ᠳᠤᠮᠳᠠᠳᠤ ᠤᠯᠤᠰ ᠤᠨ ᠰᠤᠶᠤᠯ ᠵᠠᠭᠤᠴᠢᠯᠠᠭᠤᠷ ᠤᠨ ᠪᠦᠯᠦᠭᠯᠡᠯ ᠤᠨ ᠺᠤᠮᠫᠠᠨᠢ᠂ ᠬᠦᠯᠦᠨ ᠪᠤᠶᠢᠷ ᠬᠤᠲᠠ ᠎ ᠶᠢᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠬᠢᠯᠡᠭᠰᠡᠨ ︽ᠪᠤᠯᠪᠠᠰᠤᠨ ᠢᠶᠠᠷ ᠵᠢᠭᠤᠯᠴᠢᠯᠠᠵᠤ ᠳᠤᠮᠳᠠᠳᠤ ᠤᠯᠤᠰ ᠎ ᠲᠤ ᠪᠠᠨ ᠭᠡᠷᠡᠯ ᠭᠢᠯᠪᠠᠭ᠎ᠠ ᠨᠡᠮᠡᠷᠢᠯᠡᠶ᠎ᠠ — ᠵᠠᠭᠤᠨ ᠬᠤᠳᠠ ᠮᠢᠩᠭᠠᠨ ᠦᠵᠡᠮᠵᠢ ᠶᠢᠨ ᠤᠷᠤᠨ ᠤ ᠠᠵᠢᠯᠯᠠᠭ᠎ᠠ︾ ᠪᠠᠯᠴᠢᠭᠡᠷ ᠤᠰᠤ ᠲᠠᠩᠰᠤᠭ ᠪᠠᠶᠠᠨ᠂ ᠦᠡᠭᠭᠡ ᠦᠵᠡᠮᠵᠢ ᠭᠤᠴᠤ ᠰᠠᠶᠢᠬᠠᠨ 4A ᠳᠡᠰ ᠤᠨ ᠦᠵᠡᠮᠵᠢ ᠶᠢᠨ ᠤᠷᠤᠨ ᠬᠦᠯᠦᠨ ᠪᠤᠶᠢᠷ ᠬᠤᠲᠡ ᠶᠢᠨ ᠬᠦᠬᠡᠨᠠᠭᠤᠷ ᠲᠠᠯ᠎ᠠ ᠨᠤᠲᠤᠭ ᠤᠨ  ᠵᠢᠭᠤᠯᠴᠢᠯᠠᠯ ᠤᠨ ᠤᠷᠤᠨ ᠳᠤ ᠡᠬᠢᠯᠡᠪᠡ᠃      ᠳᠤᠮᠳᠠᠳᠤ ᠤᠯᠤᠰ ᠤᠨ ᠰᠤᠶᠤᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠎ ᠤᠨ ᠪᠦᠷᠢᠯᠳᠦᠬᠦᠨ ᠸᠠᠩ ᠰᠢᠶᠤᠤ ᠹᠧᠩ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠧᠩ ᠬᠤᠩ ᠹᠠᠨ ᠠᠵᠢᠯᠯᠠᠭ᠎ᠠ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠪᠠ᠃ ᠡᠬᠢᠯᠡᠯᠲᠡ ᠶᠢᠨ ᠶᠤᠰᠤᠯᠠᠯ ᠳᠡᠭᠡᠷ᠎ᠠ᠂ ᠤᠯᠠᠭᠠᠨᠮᠦ᠋ᠴᠢᠷ ᠤᠨ ᠲᠤᠬᠯᠠᠬᠴᠢᠳ ᠦᠨᠳᠦᠰᠦᠲᠡᠨ ᠤ ᠤᠨᠴᠠᠯᠢᠭ ᠲᠠᠢ ᠵᠠᠭᠤᠨ ᠬᠦᠮᠦᠨ ᠤ ᠮᠤᠷᠢᠨ ᠬᠤᠭᠤᠷ ᠤᠨ ᠬᠦᠭᠵᠢᠮ ᠪᠤᠯᠤᠨ ᠮᠤᠩᠭᠤᠯ ᠤᠷᠲᠤ ᠶᠢᠨ ᠳᠠᠭᠤᠤ ᠵᠡᠷᠭᠡ ᠶᠢᠨ ᠲᠤᠬᠠᠯᠠᠯᠲᠠ ᠭᠠᠷᠭᠠᠪᠠ᠃ ᠪᠤᠯᠪᠠᠰᠤᠨ ᠢᠶᠠᠷ ᠵᠢᠭᠤᠯᠴᠢᠯᠠᠬᠤ ᠰᠠᠨᠠᠭᠠᠴᠢᠯᠠᠭ᠎ᠠ᠂ ᠦᠵᠡᠮᠵᠢ ᠶᠢᠨ ᠤᠷᠤᠨ ᠢᠶᠠᠷ ᠲᠤᠭᠤᠷᠢᠨ ᠵᠤᠭᠠᠴᠠᠬᠤ ᠳᠤᠮᠳᠠᠬᠢ ᠵᠤᠬᠢᠰ ᠦᠭᠡᠢ ᠠᠷᠪᠠᠨ ᠠᠵᠢᠯᠯᠠᠭ᠎ᠠ ᠶᠢᠨ ᠬᠦᠳᠡᠯᠭᠡᠭᠡᠨᠲᠦ ᠵᠢᠷᠤᠭ᠂ ᠪᠤᠯᠪᠠᠰᠤᠨ ᠢᠶᠠᠷ ᠵᠢᠭᠤᠯᠴᠢᠯᠠᠬᠤ ᠰᠠᠨᠠᠭᠠᠴᠢᠯᠠᠭ᠎ᠠ ᠪᠤᠯᠤᠨ ︽ᠪᠤᠯᠪᠠᠰᠤᠨ ᠢᠶᠠᠷ ᠵᠢᠭᠤᠯᠴᠢᠯᠠᠵᠤ ᠳᠤᠮᠳᠠᠳᠤ ᠤᠯᠤᠰ ᠲᠤ ᠪᠠᠨ ᠭᠡᠷᠡᠯ ᠭᠢᠯᠪᠠᠭ᠎ᠠ ᠨᠡᠮᠡᠷᠢᠯᠡᠶ᠎ᠠ︾ ᠵᠢᠭᠤᠯᠴᠢᠯᠠᠯ ᠤᠨ ᠦᠵᠡᠮᠵᠢ ᠶᠢᠨ ᠤᠷᠤᠨ ᠤ ᠠᠵᠢᠯᠯᠠᠭᠠᠨ ᠤ ᠲᠤᠩᠬᠠᠭ ᠢ ᠨᠡᠶᠢᠲᠡᠯᠡᠪᠡ︔ ︽ᠠᠶᠠᠯᠠᠯ ᠵᠢᠭᠤᠯᠴᠢᠯᠠᠯ ᠤᠨ ᠠᠮᠤᠷ ᠲᠦᠪᠰᠢᠨ ᠤ ᠰᠠᠨᠠᠭᠤᠯᠤᠮᠵᠢ︾᠂ ︽ᠳᠤᠮᠳᠠᠳᠤ ᠤᠯᠤᠰ ᠤᠨ ᠢᠷᠭᠡᠳ ᠤᠨ ᠭᠠᠳᠠᠭᠠᠳᠤ ᠳᠤ ᠵᠢᠭᠤᠯᠴᠢᠯᠠᠬᠤ ᠪᠤᠯᠪᠠᠰᠤᠨ ᠠᠵᠢᠯᠯᠠᠭ᠎ᠠ ᠶᠢᠨ ᠵᠦᠭᠯᠡᠭᠦᠷ︾᠂ ︽ᠵᠢᠭᠤᠯᠴᠢᠯᠠᠯ ᠤᠨ ᠬᠤᠷᠢᠶ᠎ᠠ ᠶᠢᠨ ᠦᠨᠡᠨᠴᠢ ᠢᠲᠡᠭᠡᠮᠵᠢ ᠲᠠᠢ ᠪᠠᠷ ᠡᠵᠡᠩᠨᠡᠬᠦ ᠠᠮᠠᠯᠠᠯᠲᠠ︾  ᠵᠡᠷᠭᠡ ᠤᠬᠠᠭᠤᠯᠤᠯ ᠲᠠᠷᠬᠠᠭᠠᠪᠠ︔ ︽ᠪᠤᠯᠪᠠᠰᠤᠨ ᠢᠶᠠᠷ ᠵᠢᠭᠤᠯᠴᠢᠯᠠᠵᠤ ᠳᠤᠮᠳᠠᠳᠤ ᠤᠯᠤᠰ ᠲᠤ ᠪᠠᠨ ᠭᠡᠷᠡᠯ ᠭᠢᠯᠪᠠᠭ᠎ᠠ ᠨᠡᠮᠡᠷᠢᠯᠡᠶ᠎ᠠ — ᠵᠠᠭᠤᠨ ᠬᠤᠳᠠ ᠮᠢᠩᠭᠠᠨ ᠦᠵᠡᠮᠵᠢ ᠶᠢᠨ ᠤᠷᠤᠨ ᠤ ᠠᠵᠢᠯᠯᠠᠭ᠎ᠠ︾ ᠤᠬᠠᠭᠤᠯᠭ᠎ᠠ ᠶᠢᠨ ᠵᠢᠷᠤᠭ ᠳᠦᠷᠰᠦ ᠶᠢᠨ ᠦᠵᠡᠭᠦᠯᠭᠡ᠂ ᠤᠬᠤᠷ ᠸᠢᠳᠢᠣ᠋ ᠶᠢ ᠴᠤᠬᠯᠠᠭᠤᠯᠬᠤ ᠠᠵᠢᠯᠯᠠᠭ᠎ᠠ ᠪᠤᠯᠤᠨ ᠦᠵᠡᠮᠵᠢ ᠶᠢᠨ ᠤᠷᠤᠨ ᠳᠤ ︽ᠪᠤᠯᠪᠠᠰᠤᠨ ᠢᠶᠠᠷ ᠵᠢᠭᠤᠯᠴᠢᠯᠠᠶ᠎ᠠ︾ ᠠᠵᠢᠯᠯᠠᠭ᠎ᠠ ᠶᠢ ᠦᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠶᠢᠨ ᠵᠤᠷᠢᠯᠭ᠎ᠠ ᠨᠢ ᠪᠤᠯᠪᠠᠰᠤᠨ ᠢᠶᠠᠷ ᠵᠢᠭᠤᠯᠴᠢᠯᠠᠬᠤ ᠮᠡᠳᠡᠯᠭᠡ ᠶᠢ ᠤᠬᠠᠭᠤᠯᠵᠤ᠂ ᠪᠤᠯᠪᠠᠰᠤᠨ ᠢᠶᠠᠷ ᠵᠢᠭᠤᠯᠴᠢᠯᠠᠬᠤ ᠣᠨᠣᠯᠵᠢᠬᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠵᠢᠭᠤᠯᠴᠢᠯᠠᠬᠴᠢᠳ ᠤᠨ ᠪᠤᠯᠪᠠᠰᠤᠨ ᠢᠶᠠᠷ ᠵᠢᠭᠤᠯᠴᠢᠯᠠᠬᠤ ᠤᠬᠠᠮᠰᠠᠷ ᠢ ᠳᠡᠭᠡᠭᠰᠢᠯᠡᠭᠦᠯᠵᠦ᠂ ᠪᠤᠯᠪᠠᠰᠤᠨ ᠢᠶᠠᠷ ᠵᠢᠭᠤᠯᠴᠢᠯᠠᠬᠤ ᠢᠳᠡᠪᠬᠢ ᠬᠦᠴᠦᠨ ᠢ ᠪᠠᠳᠠᠷᠠᠭᠤᠯᠬᠤ ᠶᠢᠨ ᠲᠦᠯᠦᠭᠡ  ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号