ᠤᠯᠤᠰ ᠤᠨ ᠲᠤᠰᠬᠠᠶ ᠵᠦᠶᠯ ᠤᠨ ᠲᠥᠯᠥᠪᠯᠡᠭᠡ ᠪᠠ ᠣᠷᠣᠨ ᠨᠤᠲᠤᠭ ᠤᠨ ᠲᠤᠰᠬᠠᠶ ᠵᠦᠶᠯ ᠤᠨ ᠲᠥᠯᠥᠪᠯᠡᠭᠡ ᠳᠤ 10᠎ ᠤ ᠡᠳᠦᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2019/7/11
     7 ᠳ᠋ᠤᠭᠠᠷ ᠰᠠᠷ᠎ᠠ ᠶᠢᠨ 10᠎ ᠤ ᠡᠳᠦᠷ᠂ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠣ ᠰᠤᠷᠭᠠᠭᠤᠯᠢ ᠶᠢᠨ ᠰᠤᠷᠤᠭᠴᠢ ᠡᠯᠰᠡᠬᠦ ᠵᠢᠩᠬᠢᠨᠢ ᠠᠩᠭᠢ ᠶᠢᠨ ᠣᠷᠢᠳᠴᠢᠯᠡᠨ ᠡᠯᠰᠡᠬᠦ B  ᠪᠦᠯᠦᠭ ᠤᠨ ᠤᠯᠤᠰ ᠤᠨ ᠲᠤᠰᠬᠠᠶ ᠲᠥᠯᠥᠪᠯᠡᠭᠡ᠂ ᠣᠷᠣᠨ ᠨᠤᠲᠤᠭ ᠤᠨ ᠲᠤᠰᠬᠠᠶ ᠲᠥᠯᠥᠪᠯᠡᠭᠡ ᠳᠤ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠠᠵᠢᠯ ᠡᠬᠢᠯᠡᠪᠡ᠃      ᠣᠶᠢᠯᠠᠭᠠᠭᠰᠠᠨ ᠢᠶᠠᠷ᠂ 2019 ᠣᠨ ᠳᠤ 160 ᠰᠣᠷᠭᠠᠭᠤᠯᠢ ᠤᠯᠤᠰ ᠤᠨ ᠲᠤᠰᠬᠠᠶ ᠲᠥᠯᠥᠪᠯᠡᠭᠡ ᠪᠠᠷ 1726 ᠰᠤᠷᠤᠭᠴᠢ ᠡᠯᠰᠡᠬᠦ ᠪᠠᠷ ᠲᠥᠯᠥᠪᠯᠡᠵᠦ ᠪᠣᠶ᠃ ᠤᠯᠤᠰ ᠤᠨ ᠲᠤᠰᠬᠠᠶ ᠵᠦᠶᠯ ᠤᠨ ᠲᠥᠯᠥᠪᠯᠡᠭᠡ ᠨᠢ ᠤᠯᠤᠰ ᠎ ᠠᠴᠠ ᠲᠣᠭᠲᠠᠭᠠᠭᠰᠠᠨ ᠮᠠᠨ ᠤ ᠣᠷᠣᠨ ᠤ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠬᠤᠰᠢᠭᠤ ᠰᠢᠶᠠᠨ᠂ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠤᠯᠳᠠᠯᠭ᠎ᠠ ᠲᠠᠢ ᠬᠤᠰᠢᠭᠤ ᠰᠢᠶᠠᠨ ᠤ ᠰᠤᠷᠤᠭᠴᠢ ᠶᠢ ᠬᠠᠨᠳᠤᠯᠭ᠎ᠠ ᠲᠠᠢ ᠪᠠᠷ ᠡᠯᠰᠡᠵᠦ᠂ ᠰᠤᠷᠤᠭᠴᠢ ᠡᠯᠰᠡᠬᠦ ᠰᠤᠷᠭᠠᠭᠤᠯᠢ ᠨᠢ ᠲᠥᠪ ᠤᠨ ᠰᠠᠯᠠᠭ᠎ᠠ ᠮᠥᠴᠢᠷ ᠤᠨ ᠶᠡᠭᠡ ᠳᠡᠬᠡᠳᠣ ᠰᠤᠷᠭᠠᠭᠤᠯᠢ ᠪᠣᠯᠤᠨ ᠣᠷᠣᠨ ᠤ ᠳᠣᠲᠣᠷᠠᠬᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠳᠡᠭᠡᠳᠣ ᠰᠤᠷᠭᠠᠭᠤᠯᠢ ᠪᠣᠯᠤᠨ᠎ᠠ᠃ ᠤᠯᠤᠰ ᠤᠨ ᠲᠤᠰᠬᠠᠶ ᠲᠥᠯᠥᠪᠯᠡᠭᠡ ᠳᠤ ᠨᠡᠷ᠎ᠡ ᠮᠡᠳᠡᠭᠦᠯᠬᠦ ᠰᠢᠯᠭᠠᠭᠤᠯᠤᠭᠴᠢ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ ᠮᠠᠨ ᠤ ᠣᠷᠣᠨ ᠤ 2019 ᠣᠨ ᠤ ᠶᠡᠭᠡ ᠳᠡᠬᠡᠳᠣ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ︔ ᠲᠣᠰ ᠬᠥᠮᠦᠨ ᠨᠢ ᠲᠤᠰᠬᠠᠶ ᠲᠥᠯᠥᠪᠯᠡᠭᠡ ᠶᠢ ᠬᠡᠷᠡᠭᠵᠢᠭᠦᠯᠬᠦ ᠣᠷᠣᠨ ᠪᠦᠰᠡ ᠶᠢᠨ ᠲᠤᠬᠠᠶ ᠎ ᠶᠢᠨ ᠭᠠᠵᠠᠷ ᠲᠤ ᠵᠠᠯᠭᠠᠭ᠎ᠠ ᠪᠠᠷ 3 ᠵᠢᠯ ᠠᠴᠠ ᠳᠡᠭᠡᠭᠰᠢ ᠡᠷᠦᠬᠡ ᠠᠮᠠ ᠶᠢᠨ ᠬᠠᠷᠢᠶ᠎ᠠ ᠲᠠᠢ ᠪᠠᠶᠢᠵᠤ᠂ ᠲᠡᠭᠦᠨ ᠤ ᠡᠴᠢᠭᠡ ᠪᠤᠶᠤ ᠡᠬᠡ  ᠡᠰᠡᠬᠦᠯ᠎ᠡ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠲᠤᠬᠠᠶ ᠶᠢᠨ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠪᠠᠶᠢᠬᠤ︔ ᠲᠣᠰ ᠬᠥᠮᠦᠨ ᠨᠢ ᠡᠷᠦᠬᠡ ᠠᠮᠠ ᠪᠠᠶᠢᠭ᠎ᠠ ᠬᠤᠰᠢᠭᠤ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 3 ᠵᠢᠯ ᠳᠠᠷᠠᠭᠠᠯᠠᠨ ᠰᠤᠷᠤᠯᠴᠠᠭᠰᠠᠨ ᠰᠣᠷᠣᠯᠭ᠎ᠠ ᠶᠢᠨ ᠨᠠᠮᠳᠠᠷ ᠲᠠᠢ ᠪᠥᠭᠡᠳ ᠪᠣᠳᠠᠲᠠᠶ ᠰᠤᠷᠤᠯᠴᠠᠭᠰᠠᠨ ᠪᠠᠶᠢᠬᠤ ᠬᠡᠷᠡᠭᠲᠡᠶ᠃      2019 ᠣᠨ ᠳᠤ 13 ᠰᠤᠷᠭᠠᠭᠤᠯᠢ ᠣᠷᠣᠨ ᠨᠤᠲᠤᠭ ᠤᠨ ᠲᠤᠰᠬᠠᠶ ᠲᠥᠯᠥᠪᠯᠡᠭᠡ ᠪᠠᠷ 1160 ᠰᠤᠷᠤᠭᠴᠢ ᠡᠯᠰᠡᠬᠦ ᠪᠠᠷ ᠲᠥᠯᠥᠪᠯᠡᠵᠦ ᠪᠠᠶᠢᠨ᠎ᠠ᠃ ᠣᠷᠣᠨ ᠨᠤᠲᠤᠭ ᠤᠨ ᠲᠤᠰᠬᠠᠶ ᠵᠦᠶᠯ ᠤᠨ ᠲᠥᠯᠥᠪᠯᠡᠭᠡ ᠨᠢ ᠮᠠᠨ ᠤ ᠣᠷᠣᠨ ᠤ ᠬᠡᠷᠡᠭᠵᠢᠭᠦᠯᠵᠦ ᠪᠠᠶᠢᠭ᠎ᠠ ᠣᠷᠣᠨ ᠪᠦᠰᠡ ᠶᠢᠨ ᠬᠥᠳᠡᠭᠡ ᠲᠣᠰᠬᠤᠨ ᠤ ᠰᠤᠷᠤᠭᠴᠢ ᠶᠢ ᠬᠠᠨᠳᠤᠯᠭ᠎ᠠ ᠲᠠᠢ ᠪᠠᠷ ᠡᠯᠰᠡᠵᠦ᠂ ᠣᠷᠣᠨ ᠤ ᠳᠣᠲᠣᠷᠠᠬᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠶᠡᠭᠡ ᠳᠡᠬᠡᠳᠣ ᠰᠤᠷᠭᠠᠭᠤᠯᠢ ᠡᠭᠦᠷᠭᠡᠯᠡᠨ᠎ᠡ᠃ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠰᠢᠯᠭᠠᠭᠤᠯᠤᠭᠴᠢ ᠴᠥᠮ ᠣᠷᠣᠨ ᠨᠤᠲᠤᠭ ᠤᠨ ᠲᠤᠰᠬᠠᠶ ᠲᠥᠯᠥᠪᠯᠡᠭᠡ ᠳᠤ ᠨᠡᠷ᠎ᠡ ᠮᠡᠳᠡᠭᠦᠯᠵᠦ ᠪᠣᠯᠤᠨ᠎ᠠ᠃ ᠡᠷᠦᠬᠡ ᠠᠮᠠ ᠶᠢᠨ ᠳᠠᠩᠰᠠ ᠶᠢᠨ ᠳᠦᠷᠢᠮ ᠤᠨ ᠦᠬᠡᠷᠡᠴᠢᠯᠡᠯᠳᠡ ᠶᠢ ᠨᠢᠭᠡᠨᠲᠡ ᠪᠡᠶᠡᠯᠡᠭᠦᠯᠦᠭᠰᠡᠨ ᠪᠤᠶᠤ ᠶᠠᠭ ᠲᠦᠯᠬᠢᠨ ᠠᠬᠢᠭᠤᠯᠵᠤ ᠪᠠᠶᠢᠭ᠎ᠠ ᠭᠠᠵᠠᠷ ᠣᠷᠣᠨ ᠤ ᠰᠢᠯᠭᠠᠭᠤᠯᠤᠭᠴᠢ ᠡᠷᠦᠬᠡ ᠠᠮᠠ ᠶᠢᠨ ᠳᠠᠩᠰᠠ ᠨᠢ ᠬᠥᠳᠡᠭᠡ ᠲᠣᠰᠬᠤᠨ ᠳᠤ ᠪᠠᠶᠢᠪᠠᠯ᠂ ᠣᠷᠣᠨ ᠨᠤᠲᠤᠭ ᠤᠨ ᠲᠤᠰᠬᠠᠶ ᠲᠥᠯᠥᠪᠯᠡᠭᠡ ᠳᠤ ᠨᠡᠷ᠎ᠡ ᠮᠡᠳᠡᠭᠦᠯᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号