ᠳᠤᠮᠳᠠᠳᠤ ᠤᠯᠤᠰ — ᠮᠣᠩᠭᠤᠯ ᠤᠯᠤᠰ ᠤᠨ ᠠᠮᠢᠳᠤ ᠪᠣᠳᠠᠰ ᠤᠨ ᠲᠣᠮᠣ ᠮᠣᠯᠧᠺᠥ᠋ᠯ ᠤᠨ ᠬᠡᠷᠡᠭᠯᠡᠭᠡᠨ ᠤ ᠬᠤᠯᠪᠣᠭᠠᠲᠤ ᠲᠤᠷᠰᠢᠯᠲᠠ ᠶᠢᠨ ᠲᠠᠰᠤᠭ ᠨᠢ ᠮᠠᠨ ᠤ ᠣᠷᠣᠨ ᠤ ᠠᠩᠬᠠᠳᠠᠭᠴᠢ ︽ᠨᠢᠭᠡ ᠪᠦᠰᠡ ᠨᠢᠭᠡ ᠵᠠᠮ︾᠎ ᠤᠨ ᠬᠤᠯᠪᠣᠭᠠᠲᠤ ᠲᠤᠷᠰᠢᠯᠲᠠ ᠶᠢᠨ ᠲᠠᠰᠤᠭ ᠪᠣᠯᠪᠠ
ᠨᠡᠶᠢᠲᠡᠯᠡᠭᠰᠡᠨ ᠴᠠᠭ᠄
2019/7/11
     ᠣᠶᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠨᠡᠶᠢᠲᠡᠯᠡᠭᠰᠡᠨ ᠲᠦᠷᠦᠭᠦᠤ ᠪᠦᠯᠦᠭ ᠤᠨ 14 ︽ᠨᠢᠭᠡ ᠪᠦᠰᠡ ᠨᠢᠭᠡ ᠵᠠᠮ︾᠎ ᠤᠨ ᠬᠤᠯᠪᠣᠭᠠᠲᠤ ᠲᠤᠷᠰᠢᠯᠲᠠ ᠶᠢᠨ ᠲᠠᠰᠤᠭ ᠤᠨ ᠨᠡᠷᠡᠰ ᠲᠤ᠂ ᠮᠠᠨ ᠤ ᠣᠷᠣᠨ ᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠲᠦᠰᠢᠭᠯᠡᠨ ᠪᠦᠲᠦᠭᠡᠨ ᠪᠠᠶᠢᠭᠤᠯᠤᠭᠰᠠᠨ ᠳᠤᠮᠳᠠᠳᠤ ᠤᠯᠤᠰ — ᠮᠣᠩᠭᠤᠯ ᠤᠯᠤᠰ ᠠᠮᠢᠳᠤ ᠪᠣᠳᠠᠰ ᠤᠨ ᠲᠣᠮᠣ ᠮᠣᠯᠧᠺᠥ᠋ᠯ ᠤᠨ ᠬᠡᠷᠡᠭᠯᠡᠭᠡᠨ ᠤ ᠬᠤᠯᠪᠣᠭᠠᠲᠤ ᠲᠤᠷᠰᠢᠯᠲᠠ ᠶᠢᠨ ᠲᠠᠰᠤᠭ ᠠᠮᠵᠢᠯᠲᠠ ᠲᠠᠢ ᠰᠤᠩᠭᠤᠭᠳᠠᠪᠠ᠂ ᠡᠨᠡ ᠨᠢ ᠮᠥᠨ ᠴᠦ ᠮᠠᠨ ᠤ ᠣᠷᠣᠨ ᠤ ᠠᠩᠬᠠᠳᠠᠭᠴᠢ ︽ᠨᠢᠭᠡ ᠪᠦᠰᠡ ᠨᠢᠭᠡ ᠵᠠᠮ︾᠎ ᠤᠨ ᠬᠤᠯᠪᠣᠭᠠᠲᠤ ᠲᠤᠷᠰᠢᠯᠲᠠ ᠶᠢᠨ ᠲᠠᠰᠤᠭ ᠪᠣᠯᠤᠨ᠎ᠠ᠃      ᠣᠶᠢᠯᠠᠭᠠᠭᠰᠠᠨ ᠢᠶᠠᠷ᠂ ︽ᠨᠢᠭᠡ ᠪᠦᠰᠡ ᠨᠢᠭᠡ ᠵᠠᠮ︾᠎ ᠤᠨ ᠬᠤᠯᠪᠣᠭᠠᠲᠤ ᠲᠤᠷᠰᠢᠯᠲᠠ ᠶᠢᠨ ᠲᠠᠰᠤᠭ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠤᠯᠤᠰ ᠤᠨ ᠲᠡᠰ ᠤᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠪᠴᠠᠩ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠠᠩᠬᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2019 ᠣᠨ ᠤ 5 ᠳ᠋ᠤᠭᠠᠷ ᠰᠠᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠪᠦᠬᠦ ᠤᠯᠤᠰ ᠲᠤ ᠬᠠᠨᠳᠤᠭᠤᠯᠤᠨ ᠲᠦᠷᠦᠭᠦᠤ ᠪᠦᠯᠦᠭ ᠤᠨ ︽ᠨᠢᠭᠡ ᠪᠦᠰᠡ ᠨᠢᠭᠡ ᠵᠠᠮ︾᠎ ᠤᠨ ᠬᠤᠯᠪᠣᠭᠠᠲᠤ ᠲᠤᠷᠰᠢᠯᠲᠠ ᠶᠢᠨ ᠲᠠᠰᠤᠭ ᠢ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ᠃ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠪᠠ ᠨᠣᠮ ᠬᠠᠶᠠᠯᠴᠠᠬᠤ ᠪᠠᠷ ᠳᠠᠮᠵᠢᠨ᠂ ᠡᠴᠦᠰ ᠲᠤ ᠪᠠᠨ 14 ︽ᠨᠢᠭᠡ ᠪᠦᠰᠡ ᠨᠢᠭᠡ ᠵᠠᠮ︾᠎ ᠤᠨ ᠬᠤᠯᠪᠣᠭᠠᠲᠤ ᠲᠤᠷᠰᠢᠯᠲᠠ ᠶᠢᠨ ᠲᠠᠰᠤᠭ ᠢ ᠮᠠᠭᠠᠳᠯᠠᠨ ᠲᠣᠭᠲᠠᠭᠠᠪᠠ᠃ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠪᠡᠯ᠂ ᠡᠳᠡᠭᠡᠷ ᠲᠤᠷᠰᠢᠯᠲᠠ ᠶᠢᠨ ᠲᠠᠰᠤᠭ ᠨᠢ ︽ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠴᠢᠳᠠᠪᠤᠷᠢ ᠶᠢᠨ ᠪᠠᠶᠢᠭᠤᠯᠤᠯᠲᠠ ᠬᠢᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾᠎ ᠪᠠᠷ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠᠨ ᠪᠣᠯᠭᠠᠵᠤ᠂ ᠳᠤᠮᠳᠠᠳᠤ ᠤᠯᠤᠰ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠳᠤ ᠴᠢᠭᠯᠡᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨᠲᠠᠳ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠤᠨ ᠰᠢᠨᠡᠴᠢᠯᠡᠯᠲᠡ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃      ᠳᠤᠮᠳᠠᠳᠤ ᠤᠯᠤᠰ — ᠮᠣᠩᠭᠤᠯ ᠤᠯᠤᠰ ᠤᠨ ᠠᠮᠢᠳᠤ ᠪᠣᠳᠠᠰ ᠤᠨ ᠲᠣᠮᠣ ᠮᠣᠯᠧᠺᠥ᠋ᠯ ᠤᠨ ᠬᠡᠷᠡᠭᠯᠡᠭᠡᠨ ᠤ ᠬᠤᠯᠪᠣᠭᠠᠲᠤ ᠲᠤᠷᠰᠢᠯᠲᠠ ᠶᠢᠨ ᠲᠠᠰᠤᠭ ᠨᠢ 2016 ᠣᠨ ᠤ 2 ᠳ᠋ᠤᠭᠠᠷ ᠰᠠᠷ᠎ᠠ ᠶᠢᠨ 22᠎ ᠤᠨ ᠡᠳᠦᠷ ᠮᠣᠩᠭᠤᠯ ᠤᠯᠤᠰ ᠤᠨ ᠤᠯᠠᠭᠠᠨᠪᠠᠭᠠᠲᠤᠷ ᠲᠤ ᠪᠠᠶᠢᠭᠤᠯᠤᠭᠳᠠᠵᠤ᠂ ᠴᠠᠭ ᠦᠶ᠎ᠡ ᠶᠢᠨ ᠣᠨᠴᠠᠯᠢᠭ ᠲᠠᠢ ᠠᠮᠢᠲᠠᠨ᠂ ᠤᠷᠭᠤᠮᠠᠯ ᠪᠠ ᠮᠢᠺᠷᠣᠪ ᠤᠨ ᠲᠣᠮᠣ ᠮᠣᠯᠧᠺᠥ᠋ᠯ ᠤᠨ ᠬᠡᠷᠡᠭᠯᠡᠭᠡᠨ ᠤ ᠢᠨᠵᠧᠨᠧᠷᠢᠩ ᠤᠨ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ᠂ ᠣᠯᠠᠨ ᠤᠯᠤᠰ ᠤᠨ ᠬᠤᠰᠢᠭᠤᠷᠠᠯ ᠤᠨ ᠲᠣᠮᠣ ᠮᠣᠯᠧᠺᠥ᠋ᠯ ᠤᠨ ᠬᠡᠷᠡᠭᠯᠡᠭᠡᠨ ᠤ ᠰᠢᠨᠵᠢᠯᠡᠬᠦ ᠤᠬᠠᠭᠠᠨ ᠤ ᠠᠰᠠᠭᠤᠳᠠᠯ ᠤᠨ ᠰᠤᠳᠤᠯᠭᠠᠨ ᠢ ᠬᠤᠯᠪᠣᠭᠠᠯᠠᠨ ᠥᠷᠨᠢᠭᠦᠯᠵᠤ᠂ ᠣᠯᠠᠨ ᠤᠯᠤᠰ ᠤᠨ ᠬᠠᠷᠠᠭᠠᠰᠤ ᠲᠠᠢ ᠮᠥᠷᠲᠡᠭᠡᠨ ᠰᠢᠨ᠎ᠡ ᠶᠢ ᠡᠭᠦᠳᠬᠦ ᠵᠣᠷᠢᠭᠲᠠᠢ ᠡᠷᠳᠡᠮ ᠰᠢᠨᠵᠢᠯᠡᠭᠡᠨ ᠤ ᠠᠵᠢᠯᠲᠠᠨ ᠵᠢᠴᠢ ᠥᠨᠳᠥᠷ ᠬᠢᠷᠢ ᠲᠦᠪᠰᠢᠨ ᠪᠦᠬᠦᠢ ᠭᠠᠷᠮᠠᠭᠠᠶ ᠢᠨᠵᠧᠨᠧᠷ ᠢ ᠬᠥᠮᠦᠵᠢᠭᠦᠯᠬᠦ ᠶᠢᠨ ᠬᠠᠮᠲᠤ ᠬᠤᠯᠪᠣᠭᠠᠲᠤ ᠲᠤᠷᠰᠢᠯᠲᠠ ᠶᠢᠨ ᠲᠠᠰᠤᠭ ᠤᠨ ᠳᠡᠯᠡᠬᠡᠶᠢᠵᠢᠭᠰᠡᠨ ᠠᠵᠢᠯᠯᠠᠭᠠᠨ ᠤ ᠪᠠᠶᠢᠭᠤᠯᠤᠯ ᠪᠠ ᠬᠠᠮᠢᠶᠠᠷᠤᠯᠲᠠ ᠶᠢᠨ ᠲᠣᠭᠲᠠᠴᠠ ᠶᠢ ᠰᠥᠪᠡᠭᠴᠢᠯᠡᠬᠦ ᠪᠠᠷ ᠵᠣᠷᠢᠯᠭ᠎ᠠ ᠪᠠᠨ ᠪᠣᠯᠭᠠᠵᠠᠢ᠂ ᠣᠳᠣᠬᠠᠨ ᠳᠤ ᠨᠢᠭᠡᠨᠲᠡ ᠳᠤᠮᠳᠠᠳᠤ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠴᠢᠬᠤᠯᠠ ᠲᠠᠪᠴᠠᠩ ᠪᠣᠯᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号