ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠶᠮᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2019/7/11
     7 ᠳ᠋ᠤᠭᠠᠷ ᠰᠠᠷ᠎ᠠ ᠶᠢᠨ 10᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠶᠮᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠬᠤ ᠠᠵᠢᠯ ᠡᠬᠢᠯᠡᠪᠡ᠃ ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠬᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠱᠠᠩᠨᠠᠯ ᠰᠢᠯᠭᠠᠷᠠᠭᠤᠯᠬᠤ ᠦᠨᠳᠦᠰᠦᠨ ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠎ ᠤ ᠱᠠᠩᠨᠠᠯ ᠪᠣᠯ ᠪᠥᠬᠦ ᠣᠷᠣᠨ ᠤ ᠴᠣᠷ ᠤᠨ ᠭᠠᠭᠴᠠ᠂ ᠬᠠᠮᠤᠭ ᠤᠨ ᠳᠡᠭᠡᠳᠣ ᠲᠡᠰ ᠤᠨ ᠶᠡᠷᠦᠩᠬᠡᠶᠢᠯᠡᠭᠰᠡᠨ ᠲᠥᠷᠥᠯ ᠎ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠪᠣᠯᠤᠨ᠎ᠠ᠃ 30 ᠭᠠᠷᠤᠶ ᠵᠢᠯ ᠤᠨ ᠲᠤᠷᠰᠢ᠂ ᠲᠣᠰ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠦᠨ ᠬᠥᠭᠵᠢᠬᠦ ᠶᠢ ᠬᠦᠴᠦᠲᠡᠶ ᠠᠬᠢᠭᠤᠯᠵᠤ᠂ ᠮᠠᠨ ᠤ ᠣᠷᠣᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ᠂ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ᠃      ᠲᠣᠰ ᠬᠤᠭᠤᠴᠠᠭᠠᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠲᠥᠷᠥᠯ ᠵᠦᠶᠯ ᠨᠢ ᠥᠩᠭᠡᠷᠡᠭᠡᠭᠰᠡᠨ ᠤ ᠬᠢ ᠲᠠᠢ ᠬᠠᠷᠢᠴᠠᠭᠤᠯᠪᠠᠯ ᠭᠤᠷᠪᠠᠨ ᠶᠡᠭᠡ ᠬᠤᠪᠢᠷᠠᠯᠲᠠ ᠲᠠᠢ ᠪᠣᠯᠵᠠᠶ᠄ ᠨᠢᠭᠡ ᠳᠤ᠂ ᠱᠠᠩᠨᠠᠯ ᠤᠨ ᠨᠡᠷᠡᠶᠢᠳᠦᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠬᠡᠮ ᠎ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ︾ ᠭᠡᠵᠤ ᠪᠠᠶᠢᠭᠰᠠᠨ ᠢ ︽ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠱᠠᠩᠨᠠᠯ︾ ᠪᠣᠯᠭᠠᠨ ᠬᠤᠪᠢᠷᠠᠭᠤᠯᠪᠠ︔ ᠬᠤᠶᠠᠷ ᠲᠤ᠂ ᠱᠠᠩᠨᠠᠯ ᠤᠨ ᠵᠦᠶᠯ ᠢ ᠤᠤᠯ ᠤᠨ ᠳᠠᠩ ᠴᠤᠯᠭᠤᠶ ᠥᠪᠡᠷᠲᠡᠭᠡᠨ ᠵᠠᠰᠠᠬᠤ ᠣᠷᠣᠨ ᠎ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠭᠡᠵᠤ ᠪᠠᠶᠢᠭᠰᠠᠨ ᠢ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠠᠯᠳᠠᠷᠳᠣ ᠬᠥᠮᠦᠰ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠲᠡᠷᠢᠬᠦᠨ ᠤᠨ ᠭᠠᠪᠢᠶᠠᠳᠣ ᠱᠠᠩᠨᠠᠯ ᠭᠡᠵᠦ ᠨᠡᠮᠡᠵᠦ ᠲᠣᠬᠢᠷᠠᠭᠤᠯᠪᠠ︔ ᠭᠤᠷᠪᠠ ᠎ ᠳᠤ᠂ ᠤᠤᠯ ᠤᠨ ᠰᠢᠯᠢᠳᠡᠭ ᠪᠦᠲᠦᠭᠡᠯ ᠤᠨ ᠱᠠᠩᠨᠠᠯ ᠪᠠ ᠰᠢᠨ᠎ᠡ ᠪᠠᠷ ᠨᠡᠮᠡᠵᠦ ᠪᠠᠶᠢᠭᠤᠯᠤᠭᠰᠠᠨ ᠱᠠᠩᠨᠠᠯ ᠢ ᠵᠢᠯ ᠠᠯᠤᠰᠯᠠᠨ ᠰᠢᠯᠭᠠᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号