ᠥᠪᠥᠷ ᠮᠣᠩᠭᠤᠯ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 7 ᠬᠤᠰᠢᠭᠤ ᠰᠢᠶᠠᠨ ᠳᠤ ᠨᠡᠶᠢᠭᠡᠮ ᠤᠨ ᠠᠵᠢᠯ ᠤᠨ ᠲᠤᠰᠠᠯᠠᠮᠵᠢ ᠦᠵᠡᠭᠦᠯᠪᠡ
ᠨᠡᠶᠢᠲᠡᠯᠡᠭᠰᠡᠨ ᠴᠠᠭ᠄
2019/7/11
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠭᠠᠭᠰᠠᠨ ᠢᠶᠠᠷ᠂ ᠣᠶᠢᠷ᠎ᠠ ᠳᠤ ᠠᠷᠠᠳ ᠤᠨ ᠶᠠᠪᠤᠳᠠᠯ ᠤᠨ ᠲᠢᠩᠬᠢᠮ ᠠᠴᠠ ︽2019 ᠣᠨ ᠤ ᠠᠷᠠᠳ ᠤᠨ ᠶᠠᠪᠤᠳᠠᠯ ᠤᠨ ᠶᠠᠮᠤᠨ ᠤ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ 2019 ᠣᠨ ᠳᠤ ᠮᠠᠨ ᠤ ᠣᠷᠣᠨ ᠤ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 7 ᠬᠤᠰᠢᠭᠤ ᠰᠢᠶᠠᠨ ᠳᠤ ᠨᠡᠶᠢᠭᠡᠮ ᠤᠨ ᠠᠵᠢᠯ ᠤᠨ ᠲᠤᠰᠠᠯᠠᠮᠵᠢ ᠦᠵᠡᠭᠦᠯᠦᠨ᠎ᠡ ᠭᠡᠵᠦ ᠳᠤᠷᠠᠳᠪᠠ᠃      ︽ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠲᠥᠯᠥᠪᠯᠡᠭᠡ︾᠎ ᠶᠢ ᠠᠷᠠᠳ ᠤᠨ ᠶᠠᠪᠤᠳᠠᠯ ᠤᠨ ᠶᠠᠮᠤᠨ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠲᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠷᠭᠡᠵᠦ᠂ ᠠᠵᠢᠯ ᠥᠷᠨᠢᠭᠦᠯᠬᠦ ᠶᠢᠨ ᠬᠠᠮᠲᠤ ᠦᠢᠯᠡᠴᠢᠯᠡᠭᠡ ᠬᠠᠩᠭᠠᠬᠤ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠪᠣᠯᠤᠨ᠎ᠠ᠃ 2019 ᠣᠨ ᠳᠤ᠂ ︽ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠲᠥᠯᠥᠪᠯᠡᠭᠡ︾᠎ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠮᠠᠨ ᠤ ᠣᠷᠣᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ 7 ᠪᠠᠶᠢᠭᠤᠯᠤᠮᠵᠢ ᠶᠢ ᠰᠢᠯᠢᠨ ᠰᠣᠩᠭᠤᠵᠤ᠂ 35 ᠨᠡᠷᠡᠰ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠤᠩᠭᠤᠨ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 7 ᠬᠤᠰᠢᠭᠤ ᠰᠢᠶᠠᠨ ᠳᠤ ᠲᠣᠮᠢᠯᠠᠵᠤ᠂ ᠨᠠᠰᠤᠲᠠᠶᠢᠴᠤᠳ᠂ ᠵᠡᠮᠳᠡᠭᠴᠦᠳ᠂ ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ᠂ ᠡᠮᠡᠭᠲᠡᠶᠢᠴᠦᠳ᠂ ᠬᠡᠤᠬᠡᠳ ᠵᠡᠷᠭᠡ ᠶᠠᠳᠠᠭᠤ ᠬᠦᠴᠢᠷᠳᠡᠯᠲᠡᠶ ᠪᠦᠯᠬᠦᠮ ᠨᠡᠶᠢᠲᠡ ᠪᠠᠷ ᠭᠤᠣᠯᠳᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠯᠲᠠ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠵᠠᠰᠠᠯᠲᠠ᠂ ᠨᠡᠶᠢᠭᠡᠮ ᠤᠨ ᠬᠡᠷᠡᠭ ᠶᠠᠪᠤᠳᠠᠯ᠂ ᠬᠡᠤᠬᠡᠳ ᠤᠨ ᠠᠰᠠᠷᠠᠮᠵᠢ ᠵᠡᠷᠭᠡ ᠨᠡᠶᠢᠭᠡᠮ ᠤᠨ ᠲᠤᠰᠬᠠᠶ ᠠᠵᠢᠯ ᠤᠨ ᠦᠢᠯᠡᠴᠢᠯᠡᠭᠡ ᠶᠢ ᠥᠷᠨᠢᠭᠦᠯᠪᠡ᠃      ᠬᠥᠯᠥᠨ ᠪᠤᠶᠢᠷ ᠬᠤᠲᠠ ᠶᠢᠨ ᠣᠷᠴᠣᠨ ᠪᠠᠯᠭᠠᠰᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠲᠠᠶᠢᠪᠤᠰᠧ ᠬᠤᠰᠢᠭᠤ ᠪᠣᠯᠤᠨ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠢ 2019 ᠣᠨ ᠤ ᠠᠷᠠᠳ ᠤᠨ ᠶᠠᠪᠤᠳᠠᠯ ᠤᠨ ᠶᠠᠮᠤᠨ ᠤ ︽ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠲᠥᠯᠥᠪᠯᠡᠭᠡ︾᠎ ᠶᠢᠨ ᠳᠡᠮᠵᠢᠯᠭᠡ ᠶᠢ ᠬᠦᠷᠲᠡᠬᠦ ᠬᠤᠰᠢᠭᠤ ᠰᠢᠶᠠᠨ ᠪᠣᠯᠭᠠᠪᠠ᠃ ᠬᠥᠯᠥᠨ ᠪᠣᠶᠢᠷ ᠤᠨ ᠨᠡᠶᠢᠭᠡᠮ ᠪᠠ ᠰᠡᠳᠬᠢᠴᠡ ᠶᠢᠨ ᠠᠵᠢᠯ ᠤᠨ ᠰᠤᠳᠤᠯᠬᠤ ᠬᠦᠷᠢᠶᠡᠯᠡᠩ᠂ ᠬᠢᠩᠭᠠᠨ ᠠᠶᠢᠮᠠᠭ ᠤᠨ ᠨᠡᠶᠢᠭᠡᠮ ᠤᠨ ᠠᠵᠢᠯ ᠤᠨ ᠨᠡᠶᠢᠭᠡᠮᠯᠢᠭ᠂ ᠲᠦᠩᠯᠢᠶᠣᠤ ᠬᠤᠲᠠ ᠶᠢᠨ ᠨᠡᠶᠢᠭᠡᠮ ᠤᠨ ᠠᠵᠢᠯ ᠤᠨ ᠨᠡᠶᠢᠭᠡᠮᠯᠢᠭ᠂ ᠪᠠᠭᠠᠷᠢᠨ ᠵᠡᠭᠦᠨ ᠬᠤᠰᠢᠭᠤᠨ ᠤ ᠪᠥᠸᠧ ᠠᠶ ᠨᠡᠶᠢᠭᠡᠮ ᠤᠨ ᠠᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠤᠩ ᠷᠧᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠤᠯᠠᠭᠠᠨᠴᠠᠪ ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠠᠬᠢᠭᠤᠯᠬᠤ ᠡᠪᠯᠡᠯ᠂ ᠬᠦᠬᠡᠬᠤᠲᠠ ᠶᠢᠨ ᠮᠦ ᠰᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠵᠡᠷᠭᠡ ᠨᠡᠶᠢᠭᠡᠮ ᠤᠨ ᠠᠵᠢᠯ ᠤᠨ ᠦᠢᠯᠡᠴᠢᠯᠡᠭᠡᠨ ᠤ 7 ᠪᠠᠶᠢᠭᠤᠯᠤᠮᠵᠢ ᠯᠤᠭ᠎ᠠ ᠬᠤᠣᠰᠯᠠᠯ ᠪᠣᠯᠵᠤ ᠬᠠᠪᠰᠤᠷᠤᠨ ᠲᠡᠳᠬᠦᠬᠦ ᠬᠤᠷᠰᠢᠯᠴᠠᠭ᠎ᠠ ᠲᠣᠬᠢᠷᠠᠯᠴᠠᠭᠰᠠᠨ ᠪᠥᠭᠡᠳ ᠦᠢᠯᠡᠴᠢᠯᠡᠭᠡᠨ ᠤ ᠵᠥᠪᠯᠡᠯᠴᠡᠭᠡᠷ ᠲᠣᠭᠲᠠᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠡᠨᠡ ᠤᠳᠠᠭᠠᠨ ᠤ ᠤᠯᠤᠰ ᠤᠨ ᠲᠡᠰ ᠤᠨ 7 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠨᠡᠶᠢᠭᠡᠮ ᠤᠨ ᠠᠵᠢᠯ ᠤᠨ ᠲᠤᠰᠠᠯᠠᠮᠵᠢ ᠦᠵᠡᠭᠦᠯᠵᠦ ᠪᠠᠶᠢᠭ᠎ᠠ ᠨᠢ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠦᠨᠡᠨᠬᠦ ᠰᠠᠶᠢᠲᠤᠷ ᠬᠢᠵᠦ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠨ᠎ᠡ ᠥᠷᠲᠡᠭ ᠢ ᠭᠦᠢᠴᠡᠳ ᠪᠠᠳᠠᠷᠠᠭᠤᠯᠤᠨ᠂ ᠲᠤᠰᠠᠯᠠᠮᠵᠢ ᠬᠦᠷᠲᠡᠬᠦ ᠬᠤᠰᠢᠭᠤ ᠰᠢᠶᠠᠨ ᠳᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠭᠡᠵᠡᠶ᠃      ᠣᠶᠢᠯᠠᠭᠠᠭᠰᠠᠨ ᠢᠶᠠᠷ᠂ 2013 ᠣᠨ ᠳᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ︽ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠲᠥᠯᠥᠪᠯᠡᠭᠡ︾᠎ ᠶᠢ ᠬᠡᠷᠡᠭᠵᠢᠭᠦᠯᠦᠭᠰᠡᠨ ᠠᠴᠠ ᠡᠳᠦᠭᠡ ᠪᠣᠯᠲᠠᠯ᠎ᠠ᠂ ᠮᠠᠨ ᠤ ᠣᠷᠣᠨ ᠨᠢᠭᠡᠨᠲᠡ ᠤᠯᠤᠰ ᠤᠨ ᠪᠠ ᠣᠷᠣᠨ ᠤ ᠳᠡᠰ ᠤᠨ ᠶᠠᠳᠠᠭᠤ ᠬᠦᠴᠢᠷᠳᠡᠯᠲᠡᠶ 18 ᠬᠤᠰᠢᠭᠤ ᠰᠢᠶᠠᠨ ᠲᠣᠭᠤᠷᠢᠭ ᠲᠤ ᠨᠡᠶᠢᠭᠡᠮ ᠤᠨ ᠠᠵᠢᠯ ᠤᠨ ᠲᠤᠰᠬᠠᠶ ᠦᠢᠯᠡᠴᠢᠯᠡᠭᠡᠨ ᠤ ᠲᠥᠷᠥᠯ ᠵᠦᠢᠯ ᠢ 6 ᠵᠢᠯ ᠳᠠᠷᠠᠭᠠᠯᠠᠨ ᠥᠷᠨᠢᠭᠦᠯᠵᠦ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ 38 ᠪᠠᠶᠢᠭᠤᠯᠤᠮᠵᠢ ᠶᠢ ᠪᠣᠶᠢᠵᠢᠭᠤᠯᠤᠨ ᠨᠡᠪᠴᠢᠭᠦᠯᠵᠦ᠂ ᠨᠡᠶᠢᠭᠡᠮ ᠤᠨ ᠲᠤᠰᠬᠠᠶ ᠠᠵᠢᠯ ᠤᠨ ᠴᠢᠳᠠᠪᠤᠷᠢᠲᠠᠨ ᠢ 427 ᠬᠥᠮᠦᠵᠢᠭᠦᠯᠵᠦ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 1656 ᠤᠳᠠᠭ᠎ᠠ ᠥᠷᠨᠢᠭᠦᠯᠵᠦ᠂ ᠠᠰᠢᠭ ᠬᠦᠷᠲᠡᠭᠰᠡᠨ ᠬᠥᠮᠦᠰ 7 ᠲᠦᠮᠡ ᠳᠤ ᠬᠦᠷᠴᠦ᠂ ᠲᠤᠰᠠᠯᠠᠮᠵᠢ ᠬᠦᠷᠲᠡᠭᠰᠡᠨ ᠭᠠᠵᠠᠷ ᠣᠷᠣᠨ ᠢ ᠬᠠᠪᠰᠤᠷᠤᠨ ᠨᠡᠶᠢᠭᠡᠮ ᠤᠨ ᠠᠵᠢᠯ ᠤᠨ ᠦᠢᠯᠡᠴᠢᠯᠡᠭᠡ ᠪᠣᠯᠤᠨ ᠴᠢᠳᠠᠪᠤᠷᠢᠲᠠᠨ ᠤ ᠬᠠᠮᠵᠢᠯᠴᠠᠨ ᠬᠥᠭᠵᠢᠬᠦ ᠶᠢ ᠪᠡᠶᠡᠯᠡᠭᠦᠯᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号