ᠮᠣᠷᠢᠨ ᠳᠡᠭᠡᠷᠡᠬᠢ ᠴᠤᠭ ᠵᠢᠪᠬᠤᠭ᠎ᠠ
ᠨᠡᠶᠢᠲᠡᠯᠡᠭᠰᠡᠨ ᠴᠠᠭ᠄
2019/7/12
   7 ᠳ᠋ᠤᠭᠠᠷ ᠰᠠᠷ᠎ᠠ ᠶᠢᠨ 10᠎ ᠤ ᠡᠳᠦᠷ᠂ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠠᠩᠭᠢ ᠶᠢᠨ ᠭᠡᠰᠢᠭᠦᠳ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠲᠤ ᠪᠣᠯᠪᠠᠰᠤᠷᠠᠯ ᠬᠢᠵᠦ ᠪᠤᠢ᠃ ᠣᠶᠢᠯᠠᠭᠠᠭᠰᠠᠨ ᠢᠶᠠᠷ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠬᠡᠬᠤᠲᠠ ᠶᠢᠨ ᠮᠣᠷᠢᠨ ᠤᠷᠤᠯᠳᠤᠭᠠᠨ ᠤ ᠲᠥᠷᠥᠯ  ᠤᠨ ᠬᠤᠪᠢᠶᠠᠷᠢ ᠤᠷᠤᠯᠳᠤᠭᠠᠨ ᠤ ᠲᠠᠯᠠᠪᠤᠷ 7 ᠳ᠋ᠤᠭᠠᠷ ᠰᠠᠷ᠎ᠠ ᠶᠢᠨ 12᠎ ᠤᠨ ᠡᠳᠦᠷ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠲᠤ ᠤᠷᠤᠯᠳᠤᠭᠠᠨ ᠡᠬᠢᠯᠡᠨ᠎ᠡ᠂ ᠡᠨᠡ ᠬᠤᠭᠤᠴᠠᠭᠠᠨ ᠳᠤ ᠥᠪᠥᠷ ᠮᠣᠩᠭᠤᠯ᠂ ᠲᠥᠪᠡᠳ᠂ ᠰᠢᠨᠵᠢᠶᠠᠩ᠂ ᠬᠥᠬᠡᠨᠠᠭᠤᠷ᠂ ᠶᠦᠨᠨᠠᠨ᠂ ᠾᠧᠪᠧᠢ᠂ ᠱᠠᠨ ᠰᠢ᠂ ᠰᠢᠨᠵᠢᠶᠠᠩ ᠤᠨ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠾᠧᠨᠠᠨ ᠵᠡᠷᠭᠡ 9 ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠳ ᠳᠠᠪᠬᠢᠭ᠎ᠠ᠂ ᠵᠢᠷᠤᠭ᠎ᠠ᠂ ᠮᠣᠷᠢᠨ ᠳᠠᠪᠬᠢᠭ᠎ᠠ ᠪᠠᠷ ᠰᠤᠷ ᠬᠠᠷᠪᠤᠬᠤ ᠪᠠ ᠮᠣᠷᠢᠨ ᠳᠠᠪᠬᠢᠭ᠎ᠠ ᠪᠠᠷ ᠬᠠᠳᠠᠭ ᠰᠢᠭᠦᠷᠡᠬᠦ ᠵᠡᠷᠭᠡ ᠲᠥᠷᠥᠯ ᠤᠨ ᠥᠷᠢᠰᠥᠯᠳᠦᠭᠡᠨ ᠳᠤ ᠣᠷᠣᠯᠴᠠᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦ ᠲᠥᠷᠥᠯ ᠤᠨ ᠥᠷᠢᠰᠥᠯᠳᠦᠭᠡᠨ ᠳᠤ ᠣᠷᠣᠯᠴᠠᠬᠤ ᠪᠣᠯᠤᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号