ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠤᠷᠤᠨ ᠤ ᠰᠢᠶᠠᠨ ᠤ ᠳᠡᠰ ᠤᠨ ᠵᠠᠰᠠᠬ ᠵᠠᠬᠢᠷᠭᠠᠨ ᠤ ᠤᠷᠤᠨ ᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ ᠲᠤᠭ᠎ᠠ ᠬᠡᠮᠵᠢᠶᠡᠨ ᠎ ᠤ ᠪᠠᠷᠢᠮᠵᠢᠶ᠎ᠠ ᠵᠡᠷᠭᠡ ᠰᠠᠨᠠᠭᠤᠯᠭ᠎ᠠ ᠶᠢᠨ ᠲᠦᠰᠦᠯ ᠤᠨ ᠲᠤᠬᠠᠢ ᠮᠡᠳᠡᠭᠦᠯᠦᠯᠲᠡ ᠶᠢ ᠰᠤᠳᠤᠯᠪᠠ
ᠨᠡᠶᠢᠲᠡᠯᠡᠭᠰᠡᠨ ᠴᠠᠭ᠄
2019/7/12
     7 ᠳ᠋ᠤᠭᠠᠷ ᠰᠠᠷ᠎ᠠ ᠶᠢᠨ 11᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠮᠠᠨ ᠤ ᠤᠷᠤᠨ ᠤ ᠰᠢᠶᠠᠨ ᠤ ᠳᠡᠰ ᠤᠨ ᠵᠠᠰᠠᠬ ᠵᠠᠬᠢᠷᠭᠠᠨ ᠤ ᠤᠷᠤᠨ ᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ ᠲᠤᠭ᠎ᠠ ᠬᠡᠮᠵᠢᠶᠡᠨ ᠤ ᠪᠠᠷᠢᠮᠵᠢᠶ᠎ᠠ ᠵᠡᠷᠭᠡ ᠰᠠᠨᠠᠭᠤᠯᠭ᠎ᠠ ᠶᠢᠨ ᠲᠦᠰᠦᠯ ᠤᠨ ᠲᠤᠬᠠᠢ ᠮᠡᠳᠡᠭᠦᠯᠦᠯᠲᠡ︾᠎ ᠶᠢ ᠰᠤᠳᠤᠯᠵᠤ᠂ ᠤᠯᠤᠰ ᠤᠨ ᠭᠠᠵᠠᠷ ᠰᠢᠷᠤᠢ ᠶᠢ ᠰᠢᠮᠳᠠᠭᠤᠯᠤᠨ ᠪᠠᠶᠢᠴᠠᠭᠠᠬᠤ ᠪᠡᠭᠡᠵᠢᠩ ᠤᠨ ᠲᠤᠪᠴᠢᠶ᠎ᠠ ᠶᠢᠨ ᠮᠠᠨ ᠤ ᠤᠷᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠳᠦᠷᠢᠮ ᠢ ᠬᠡᠷᠡᠭᠵᠢᠭᠦᠯᠬᠦ ᠪᠤᠯ ᠭᠠᠵᠠᠷ ᠰᠢᠷᠤᠢ ᠶᠢᠨ ᠡᠬᠢ ᠪᠠᠶᠠᠯᠢᠬ ᠢ ᠵᠤᠬᠢᠰᠲᠠᠢ ᠠᠰᠢᠬᠯᠠᠬᠤ ᠪᠦᠲᠦᠮᠵᠢᠲᠠᠢ ᠠᠷᠭ᠎ᠠ ᠬᠡᠮᠵᠢᠶ᠎ᠡ ᠮᠦᠨ᠃ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠲᠠᠯᠪᠢᠬᠰᠠᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠬ ᠤᠨ ᠴᠢᠩᠭ᠎ᠠ ᠳᠦᠷᠢᠮ ᠢ ᠦᠷᠬᠦᠯᠵᠢᠯᠡᠨ ᠬᠡᠷᠡᠭᠵᠢᠭᠦᠯᠵᠦ ᠪᠠᠶᠢᠭᠠᠳ ᠭᠠᠵᠠᠷ ᠰᠢᠷᠤᠢ ᠶᠢ ᠠᠰᠢᠬᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠭᠡᠳᠡᠷᠬᠦ ᠰᠢᠬᠠᠮᠳᠠᠭᠤᠯᠵᠤ᠂ ᠭᠠᠵᠠᠷ ᠰᠢᠷᠤᠢ ᠶᠢ ᠠᠷᠪᠢᠳᠠᠢ ᠡᠷᠴᠢᠮᠳᠠᠢ ᠠᠰᠢᠬᠯᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠭᠠᠵᠠᠷ ᠰᠢᠷᠤᠢ ᠶᠢ ᠰᠢᠮᠳᠠᠭᠤᠯᠤᠨ ᠪᠠᠶᠢᠴᠠᠭᠠᠬᠤ ᠪᠡᠭᠡᠵᠢᠩ ᠤᠨ ᠲᠤᠪᠴᠢᠶ᠎ᠠ ᠶᠢᠨ ᠮᠠᠨ ᠤ ᠤᠷᠤᠨ ᠳᠤ ᠰᠢᠮᠳᠠᠭᠤᠯᠤᠨ ᠪᠠᠶᠢᠴᠠᠭᠠᠵᠥ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠨᠠᠬᠰᠢᠲᠠ ᠰᠠᠶᠢᠳᠤᠷ ᠠᠳᠬᠤᠨ᠂ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ︽ᠤᠬ ᠰᠠᠨᠠᠭ᠎ᠠ ᠪᠠᠨ ᠦᠯᠦ ᠮᠠᠷᠲᠠᠵᠤ ᠡᠭᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠲᠠᠢ ᠤᠶᠠᠯᠳᠤᠭᠤᠯᠤᠨ ᠦᠵᠡᠯ ᠰᠠᠨᠠᠭ᠎ᠠ᠂ ᠠᠵᠢᠯ ᠤᠨ ᠲᠡᠯ᠎ᠡ ᠪᠠᠷ ᠬᠢ ᠲᠤᠲᠠᠭᠤᠳᠠᠯ ᠪᠠ ᠵᠦᠷᠢᠶ᠎ᠡ ᠪᠠᠨ ᠭᠦᠨᠵᠡᠭᠡᠢ ᠪᠠᠶᠢᠴᠠᠭᠠᠨ ᠦᠵᠡᠵᠦ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠬᠦ ᠶᠢ ᠦᠨᠡᠨ ᠬᠦ ᠪᠡᠶᠡᠯᠡᠭᠦᠯᠵᠦ᠂ ᠠᠰᠠᠭᠤᠳᠠᠯ ᠢ ᠲᠤᠭᠤᠰᠢᠳᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号