ᠪᠥᠬᠦ ᠣᠷᠣᠨ ᠤ 46.6%᠎ ᠶᠢᠨ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠶ ᠰᠢᠶᠳᠪᠦᠷᠢᠯᠡᠪᠡ
ᠨᠡᠶᠢᠲᠡᠯᠡᠭᠰᠡᠨ ᠴᠠᠭ᠄
2019/7/15
     ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠪᠦᠬᠦ ᠣᠷᠣᠨ ᠤ 46.6%᠎ ᠶᠢᠨ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠶ ᠰᠢᠶᠳᠪᠦᠷᠢᠯᠡᠵᠦ᠂ 92.5% ᠎ ᠶᠢᠨ ᠲᠠᠷᠢᠶᠠᠯᠠᠬᠤ ᠮᠠᠯᠵᠢᠬᠤ ᠡᠷᠦᠬᠡ ᠶᠢᠨ ᠵᠣᠷᠯᠣᠩ ᠤᠨ ᠪᠠᠭᠠᠰᠤ ᠰᠢᠭᠡᠰᠦ ᠶᠢ ᠥᠪᠡᠰᠦᠪᠡᠨ ᠭᠠᠷᠭᠠᠵᠤ ᠲᠠᠷᠢᠶᠠᠨ ᠪᠣᠷᠳᠣᠭᠤᠷ ᠪᠣᠯᠭᠠᠪᠠ᠃      ᠨᠢᠳᠤᠨᠤᠨ ᠠᠴᠠ ᠨᠠᠰᠢ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2018 — 2020 ᠣᠨ︶︾᠎ ᠢ ᠲᠣᠭᠲᠠᠭᠠᠨ ᠨᠡᠶᠢᠲᠡᠯᠡᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠣᠯᠤᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠎ ᠶᠢ ᠠᠬᠢᠭᠤᠯᠬᠤ᠂ ᠵᠣᠷᠯᠣᠩ ᠤᠨ ᠪᠠᠭᠠᠰᠤᠨ ᠪᠣᠬᠢᠷᠲᠤᠯ ᠢ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ ᠨᠢᠭᠡ ᠵᠢᠯ ᠤᠨ ᠲᠤᠷᠰᠢ᠂ ᠪᠥᠬᠦ ᠣᠷᠣᠨ ᠤ 9.8%᠎ ᠶᠢᠨ ᠵᠠᠰᠠᠭ ᠵᠠᠬᠢᠷᠭᠠᠨ ᠤ ᠲᠣᠰᠬᠤᠨ᠂ 5.8%᠎ ᠶᠢᠨ ᠮᠠᠯᠵᠢᠬᠤ ᠲᠠᠷᠢᠶᠠᠯᠠᠬᠤ ᠡᠷᠦᠬᠡ ᠶᠢᠨ ᠠᠮᠢᠳᠤᠷᠠᠯ ᠤᠨ ᠪᠣᠬᠢᠷ ᠤᠰᠤ ᠶᠢ ᠰᠢᠶᠳᠪᠦᠷᠢᠯᠡᠵᠦ᠂ 5.9%᠎ ᠶᠢᠨ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ᠂ 13.3%᠎ ᠶᠢᠨ ᠮᠠᠯᠵᠢᠬᠤ ᠲᠠᠷᠢᠶᠠᠯᠠᠬᠤ ᠡᠷᠦᠬᠡ ᠶᠢᠨ ᠵᠣᠷᠯᠣᠩ ᠢ ᠦᠨᠳᠦᠰᠦᠨ ᠳᠤ ᠪᠠᠨ ᠠᠷᠢᠭᠤᠨ ᠴᠡᠪᠡᠷ ᠵᠣᠷᠯᠣᠩ ᠤᠨ ᠪᠠᠷᠢᠮᠵᠢᠶ᠎ᠠ ᠳᠤ ᠬᠦᠷᠬᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号