ᠪᠦᠬᠦ ᠣᠷᠣᠨ ᠤ ᠶᠠᠳᠠᠭᠤ ᠶᠢ ᠲᠡᠳᠬᠦᠵᠦ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠲᠡᠮᠵᠢᠬᠦ ᠠᠵᠢᠯ ᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠵᠦᠸᠧᠽᠢ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2019/7/15
     7 ᠳ᠋ᠤᠭᠠᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠯᠠᠭᠠᠨᠴᠠᠪ ᠬᠤᠲᠠ ᠶᠢᠨ ᠵᠦᠸᠧᠽᠢ ᠰᠢᠶᠠᠨ ᠳᠤ ᠪᠥᠬᠦ ᠣᠷᠣᠨ ᠤ ᠶᠠᠳᠠᠭᠤ ᠶᠢ ᠳᠡᠳᠭᠦᠵᠦ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠬᠢᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠲᠤᠭᠤᠢᠢᠯᠨᠩ ᠤᠨ ᠳᠡᠳ᠋ ᠲᠠᠷᠤᠭ᠎ᠠ ᠮᠠ ᠰᠢᠤᠸᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠮᠠ ᠰᠢᠤᠸᠠᠢ ᠵᠢᠶᠦ᠋ᠨ ᠵᠢᠭᠠᠵᠤ ᠭᠠᠷᠭᠠᠭᠰᠠᠨ ᠨᠢ᠂ ᠣᠳᠣᠬᠠᠨ ᠳᠤ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠶᠢ ᠨᠢᠭᠡᠨᠲᠡ ᠳᠠᠷᠠᠭᠠᠴᠢ ᠶᠢᠨ ᠲᠡᠳᠭᠦᠨ ᠲᠡᠮᠵᠢᠬᠦ ᠲᠡᠶᠢᠰᠢ ᠰᠢᠯᠵᠢᠭᠦᠯᠵᠦ᠂ ᠡᠨᠡ ᠵᠢᠯ ᠤᠨ ᠠᠵᠢᠯ ᠤᠨ ᠡᠭᠦᠷᠭᠡ ᠬᠦᠨᠳᠦ᠂ ᠴᠠᠭ ᠪᠠᠴᠢᠮ᠂ ᠱᠠᠭᠠᠷᠳᠠᠯᠭ᠎ᠠ ᠥᠨᠳᠥᠷ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠳ ᠤᠯᠤᠰ ᠲᠥᠷᠦ ᠶᠢᠨ ᠬᠠᠷᠢᠭᠤᠴᠠᠯᠭ᠎ᠠ ᠪᠠᠨ ᠦᠨᠡᠨ ᠬᠦ ᠳᠡᠭᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠢᠬᠤᠯᠠ ᠥᠭᠦᠯᠡᠯᠲᠡ ᠎ ᠶᠢᠨ ᠵᠣᠷᠢᠭ ᠰᠠᠨᠠᠭ᠎ᠠ ᠪᠣᠯᠤᠨ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠢᠨᠵᠧᠨᠧᠷᠢᠩ ᠢ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠤ ᠦᠢᠯᠡᠰ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠬᠤ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠥᠪᠬᠢᠨᠡᠭᠦᠯᠬᠦ ᠴᠡᠭ ᠤᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ᠂ ᠬᠠᠭᠤᠴᠢᠨ ᠢ ᠨᠤᠷᠠᠭᠠᠨ ᠳᠠᠬᠢᠨ ᠬᠠᠭᠠᠯᠪᠤᠷᠢᠯᠠᠵᠤ ᠨᠣᠭᠤᠭᠠᠷᠠᠭᠤᠯᠤᠯᠲᠠ ᠶᠢ ᠰᠡᠷᠭᠦᠭᠡᠬᠦ ᠵᠡᠷᠭᠡ ᠵᠠᠯᠭᠠᠮᠵᠢ ᠠᠵᠢᠯ ᠢ ᠰᠠᠶᠢᠲᠤᠷ ᠬᠢᠵᠦ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ︽ᠰᠡᠭᠦᠯᠴᠢ ᠶᠢᠨ ᠬᠠᠭᠠᠰ ᠠᠵᠢᠯ︾᠎ ᠢ ᠰᠠᠶᠢᠲᠤᠷ ᠬᠢᠬᠦ ᠬᠡᠷᠡᠭᠲᠡᠶ ᠭᠡᠵᠡᠢ᠃      ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠠᠵᠢᠯ ᠡᠴᠦᠰ ᠤᠨ ᠰᠢᠪᠲᠤᠯᠤᠯᠲᠠ ᠶᠢᠨ ᠱᠠᠳᠤᠨ ᠳᠤ ᠣᠷᠣᠬᠤ ᠳᠣᠳᠥᠮ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠂ ᠶᠠᠭ ᠥᠷᠨᠢᠭᠦᠯᠵᠦ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠤᠯᠤᠰ ᠲᠥᠷᠦ ᠶᠢᠨ ᠬᠠᠷᠢᠭᠤᠴᠠᠯᠭ᠎ᠠ ᠪᠠᠨ ᠦᠨᠡᠨ ᠬᠦ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠳᠣ ᠪᠠᠶᠢᠭ᠎ᠠ ᠨᠡᠭᠦᠯᠭᠡᠨ ᠰᠢᠯᠵᠢᠭᠦᠯᠦᠭᠰᠡᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠵᠦ᠂ ᠲᠥᠷᠦ ᠶᠢᠨ ᠪᠣᠳᠣᠯᠭ᠎ᠠ ᠶᠢ ᠲᠠᠰᠤᠷᠠᠭᠤᠯᠬᠤ ᠥᠬᠡᠶ᠂ ᠡᠷᠴᠢᠮ ᠰᠤᠯᠠᠷᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠦ᠂ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠎ ᠤ ᠢᠯᠠᠯᠲᠠ ᠶᠢ ᠣᠯᠬᠤ ᠳᠤ ᠡᠷᠡᠰ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠵᠦᠸᠧᠽᠢ ᠰᠢᠶᠠᠨ ᠤ ᠲᠥᠪᠯᠡᠷᠡᠭᠦᠯᠦᠨ ᠨᠡᠭᠦᠯᠭᠡᠵᠦ ᠲᠥᠪᠬᠢᠨᠡᠭᠦᠯᠬᠦ ᠵᠠᠷᠢᠮ ᠴᠡᠭ ᠲᠤ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠠᠶᠢᠮᠠᠭ ᠬᠤᠲᠠ᠂ ᠲᠢᠩᠬᠢᠮ ᠲᠣᠪᠴᠢᠶ᠎ᠠ ᠶᠢᠨ ᠬᠢᠨ ᠶᠠᠷᠢᠶ᠎ᠠ ᠲᠠᠯᠪᠢᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号