ᠯᠢ ᠵᠢᠢ ᠾᠧᠩ ᠰᠢᠶᠠᠩᠭᠠᠩ ᠤᠨ ᠳ᠋ᠠᠬᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠵᠢᠶᠠᠩ ᠽᠠᠢ ᠵᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2019/7/18
     7 ᠳ᠋ᠤᠭᠠᠷ ᠰᠠᠷ᠎ᠡ ᠶᠢᠨ 17᠎ ᠤ ᠡᠳᠦᠷ ᠤᠨ ᠦᠳᠠ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠭᠡᠬᠤᠳᠠ ᠳᠤ ᠰᠢᠶᠠᠩᠭᠠᠩ ᠤᠨ ᠳ᠋ᠠᠬᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠎ ᠤᠨ ᠭᠡᠷᠡᠭ ᠮᠡᠳᠡᠭᠴᠢᠳ ᠤᠨ ᠲᠠᠷᠤᠭ᠎ᠠ ᠵᠢᠶᠠᠩ ᠽᠠᠢ ᠵᠦᠩ ᠲᠠᠢ ᠠᠭᠤᠯᠵᠠᠪᠠ᠃      7 ᠳ᠋ᠤᠭᠠᠷ ᠰᠠᠷ᠎ᠡ ᠶᠢᠨ 17᠎ ᠤ ᠡᠳᠦᠷ ᠤᠨ ᠦᠳᠠ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠭᠡᠬᠤᠳᠠ ᠳᠤ ᠰᠢᠶᠠᠩᠭᠠᠩ ᠤᠨ ᠳ᠋ᠠᠬᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠎ ᠤᠨ ᠭᠡᠷᠡᠭ ᠮᠡᠳᠡᠭᠴᠢᠳ ᠤᠨ ᠲᠠᠷᠤᠭ᠎ᠠ ᠵᠢᠶᠠᠩ ᠽᠠᠢ ᠵᠦᠩ ᠨᠠᠷ ᠲᠠᠢ ᠠᠭᠤᠯᠵᠠᠪᠠ᠃      ᠯᠢ ᠵᠢᠢ ᠾᠧᠩ ᠡᠩ ᠲᠠᠷᠢᠬᠦᠨ ᠳᠤ ᠵᠢᠶᠠᠩ ᠽᠠᠢ ᠵᠦᠩ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠡᠨ ᠤᠬᠳᠤᠵᠤ ᠪᠠᠶᠢᠬᠤ ᠪᠠᠨ ᠢᠯᠡᠳᠭᠡᠵᠤ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠪᠠᠶᠢᠳᠠᠯ ᠎ ᠢ ᠲᠦᠬᠦᠮ ᠲᠠᠨᠢᠯᠴᠠᠭᠤᠯᠪᠠ᠃ ᠲᠡᠷᠨ᠂ ᠶᠡᠷᠤᠩᠭᠡᠢ ᠱᠦᠵᠢ ᠰᠢ ᠶᠢᠨ ᠫᠢᠩ ᠦᠪᠤᠷ ᠮᠤᠩᠭᠤᠯ ᠤᠨ ᠬᠦᠭᠵᠢᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ 5 ᠵᠢᠯ ᠤᠨ ᠳᠠᠷᠠᠭᠠᠬᠢ ᠤᠢᠢᠷ᠎ᠡ ᠶᠢᠨ ᠡᠳᠦᠷ ᠦᠪᠤᠷ ᠮᠤᠩᠭᠤᠯ ᠳᠤ ᠲᠠᠬᠢᠨᠳᠠ ᠢᠷᠠᠵᠤ ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠤᠨ ᠴᠢᠬᠤᠯᠠ ᠶᠠᠷᠢᠶ᠎ᠡ ᠲᠠᠯᠪᠢᠵᠤ᠂ ᠮᠠᠨ ᠤ ᠤᠷᠤᠨ ᠤ ᠡᠯ᠎ᠡ ᠵᠦᠢᠯ ᠤᠨ ᠦᠢᠯᠡᠰ ᠤᠨ ᠬᠦᠭᠵᠢᠯᠳᠠ ᠶᠢᠨ ᠤᠷᠤᠬᠰᠢᠯᠠᠬᠤ ᠴᠢᠭᠯᠡᠯ ᠢ ᠤᠯᠠᠮ ᠨᠢᠭᠡ ᠠᠯᠬᠤᠮ ᠲᠤᠳᠤᠷᠬᠠᠢᠢᠯᠡᠨ᠂ ᠦᠨᠳᠦᠰᠤᠨ ᠵᠢᠷᠤᠮᠯᠡᠯ ᠬᠠᠨᠭ᠍ᠭᠠᠪᠠ᠃ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠎ ᠶᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠡ ᠤᠯᠤᠰ ᠤᠨ ᠤᠮᠠᠷᠠᠳᠤ ᠬᠢᠯᠢ ᠶᠢᠨ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠰᠤᠨᠢᠨ ᠮᠡᠳᠡᠭᠡ ᠵᠠᠭᠤᠴᠢᠯᠠᠭᠤᠷ ᠎ ᠤᠨ ᠬᠢᠨ ᠤ ᠬᠦᠴᠤᠳᠠᠢ ᠲᠠᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠰᠢᠶᠠᠩᠭᠠᠩ ᠤᠨ ᠳ᠋ᠠᠬᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠤᠯᠤᠰ ᠤᠨ ᠲᠤᠳᠤᠭᠠᠳᠤ ᠭᠠᠳᠠᠭᠠᠳᠤ ᠳᠤ ᠴᠢᠬᠤᠯᠠ ᠨᠦᠯᠦᠭᠡ ᠲᠠᠢ ᠶᠤᠮ᠂ ᠦᠪᠤᠷ ᠮᠤᠩᠭᠤᠯ ᠢ ᠨᠡᠩ ᠤᠯᠠᠨ ᠤᠬᠠᠭᠤᠯᠤᠨ ᠲᠠᠨᠢᠯᠴᠠᠭᠤᠯᠵᠤ᠂ ᠦᠪᠤᠷ ᠮᠤᠩᠭᠤᠯ ᠬᠢᠭᠡᠳ ᠰᠢᠶᠠᠩᠭᠠᠩ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠬᠤ ᠳᠤ ᠬᠦᠬᠦᠷᠭᠡ ᠬᠤᠯᠪᠤᠭᠠᠰᠤ ᠪᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠠ ᠬᠦᠭᠵᠢᠯᠳᠠ ᠳᠤ ᠬᠦᠴᠦᠨ ᠨᠠᠮᠠᠷᠢᠯᠡᠬᠦ ᠶᠢ ᠬᠦᠰᠡᠵᠤ ᠪᠠᠶᠢᠨ᠎ᠡ ᠬᠡᠪᠡ᠃      ᠵᠢᠶᠠᠩ ᠽᠠᠢ ᠵᠦᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠎ ᠤ ᠬᠢᠨ ᠰᠢᠶᠠᠩᠭᠠᠩ ᠤᠨ ᠳ᠋ᠠᠬᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠳᠤ ᠲᠠᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠨ᠂ ᠰᠢᠶᠠᠩᠭᠠᠩ ᠤᠨ ᠳ᠋ᠠᠬᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠦᠪᠤᠷ ᠮᠤᠩᠭᠤᠯ ᠢ ᠭᠠᠳᠠᠭᠰᠢ ᠤᠬᠠᠭᠤᠯᠬᠤ ᠡᠷᠴᠢᠮ ᠢᠶᠠᠨ ᠴᠢᠨᠠᠬᠰᠢᠳᠠ ᠴᠢᠩᠭᠠᠷᠠᠭᠤᠯᠵᠤ᠂ ᠰᠢᠶᠠᠩᠭᠠᠩ ᠪᠤᠯᠤᠨ ᠦᠪᠤᠷ ᠮᠤᠩᠭᠤᠯ ᠤᠨ ᠠᠵᠤ ᠠᠬᠤᠢ ᠠᠷᠠᠯᠵᠢᠶ᠎ᠡ᠂ ᠰᠤᠶᠤᠯ ᠵᠡᠷᠭᠡ ᠬᠦᠷᠢᠶᠠᠨ ᠳᠠᠬᠢ ᠣᠶᠢᠯᠠᠭᠠᠯᠴᠠᠭ᠎ᠠ ᠬᠠᠮᠳᠤᠷᠠᠯᠴᠠᠭ᠎ᠠ ᠶᠢ ᠬᠦᠴᠦᠳᠠᠢ ᠠᠬᠢᠭᠤᠯᠵᠤ᠂ ᠦᠪᠤᠷ ᠮᠤᠩᠭᠤᠯ ᠤᠨ ᠦᠭᠡᠷᠡᠴᠢᠯᠡᠯᠳᠠ ᠬᠦᠭᠵᠢᠯᠳᠠ ᠶᠢ ᠤᠬᠠᠭᠤᠯᠤᠨ ᠲᠠᠨᠢᠯᠴᠠᠭᠤᠯᠬᠤ ᠪᠠ ᠠᠬᠢᠭᠤᠯᠬᠤ ᠳᠤ ᠴᠢᠬᠤᠯᠠ ᠵᠠᠭᠤᠴᠢᠯᠠᠭᠤᠷ ᠤᠨ ᠲᠠᠪᠴᠠᠩ ᠬᠠᠩᠭᠠᠨ᠎ᠠ ᠭᠡᠵᠤ ᠢᠯᠡᠳᠭᠡᠵᠠᠢ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠠᠢ ᠢᠦᠢ ᠭᠠᠩ᠂ ᠵᠠᠩ ᠱᠤᠤ ᠴᠦᠨ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号