7 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠡ᠂ ︽ᠲᠤᠮᠤ ᠳ᠋ᠠᠶᠢᠲ᠋ᠠ ᠶᠢᠨ | ᠬᠡᠷᠡᠭᠯᠡᠬᠡᠨ ᠢᠶᠠᠷ ᠬᠦᠳᠦᠯᠥᠮᠵᠢ ᠪᠤᠯᠭᠠᠵᠥ᠂ ᠲᠤᠭᠠᠴᠢᠯᠠᠭᠰᠠᠠ ᠦᠪᠤᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠬᠤ︾ ᠰᠤᠯᠢᠯᠴᠠᠭ᠎ᠠ ᠶᠠᠷᠢᠯᠴᠠᠭ᠎ᠠ ᠶᠢᠨ ᠬᠤᠷᠡᠯ ᠬᠦᠬᠡᠬᠤᠳᠠ ᠳᠤ ᠬᠤᠷᠡᠯᠳᠤᠪᠠ᠃ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠡᠯ ᠳᠤ ᠤᠷᠤᠯᠴᠠᠵᠥ ᠶᠠᠷᠢᠶ᠎ᠠ ᠲᠠᠯᠪᠢᠵᠠᠢ᠃ | ᠠᠢ ᠯᠢ ᠬᠤᠸᠠ ᠵᠢᠭᠠᠵᠤ ᠭᠠᠷᠭᠠᠬᠤ ᠳᠤ ᠪᠠᠨ᠂ ᠡᠨᠡ ᠤᠳᠠᠭ᠎ᠠ ᠶᠢᠨ ᠬᠤᠷᠡᠯ ᠪᠤᠯ ᠶᠡᠷᠤᠩᠬᠡᠢ ᠱᠦᠵᠢ | ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠭᠰᠠᠠ ᠪᠠ ᠠᠷᠪᠠᠨ ᠭᠤᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ᠂ ᠬᠤᠶᠠᠳᠤᠭᠠᠷ | ᠬᠤᠷᠡᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ | ᠥᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ | ᠠᠵᠢᠯᠯᠠᠭ᠎ᠠ ᠮᠥᠨ᠂ ᠪᠠᠰᠠ ᠴᠦ ᠶᠡᠷᠤᠩᠬᠡᠢ ᠱᠦᠵᠢ ᠰᠢ ᠶᠢᠨ ᠫᠢᠩ ᠤᠨ ᠲᠤᠮᠤ ᠳ᠋ᠠᠶᠢᠲ᠋ᠠ ᠶᠢᠨ ᠪᠠᠶᠢᠯᠳᠤᠬᠤ | ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠡ ᠮᠥᠨ ᠬᠡᠪᠠ᠃ ᠲᠡᠷᠡ | ᠴᠢᠬᠤᠯᠠᠴᠢᠯᠠᠬᠤ ᠳᠤ ᠪᠠᠨ᠂ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠭᠤᠤᠯ ᠵᠠᠩᠬᠢᠯᠠᠭ᠎ᠠ ᠨᠢ ︽ᠬᠡᠷᠡᠭᠯᠡᠬᠦ︾ ᠳᠤ | ᠪᠠᠶᠢᠨ᠎ᠠ᠂ ᠲᠤᠭᠠᠴᠢᠯᠠᠬᠰᠠᠠ ᠠᠵᠥ ᠠᠬᠤᠢ ᠶᠢ ᠰᠠᠶᠢᠳᠤᠷ ᠠᠳᠬᠤᠬᠤ ᠨᠢ ᠠᠵᠥ ᠠᠬᠤᠢ ᠶᠢᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠥ᠂ ᠪᠤᠬᠢᠷᠳᠤᠯ ᠦᠬᠡᠢ ᠬᠦᠭᠵᠢᠬᠦᠯᠬᠦ︾ | ᠪᠠᠷ ᠤᠳᠤᠷᠢᠳᠤᠮᠵᠢ ᠪᠤᠯᠭᠠᠭᠰᠠᠠ ᠰᠢᠨ᠎ᠡ ᠵᠠᠮ ᠢ ᠬᠠᠶᠢᠨ ᠰᠦᠪᠡᠭᠴᠢᠯᠡᠬᠦ ᠳᠤ ᠴᠢᠬᠤᠯᠠ ᠠᠴᠢ ᠬᠤᠯᠪᠤᠭᠳᠠᠯ ᠲᠠᠢ | ᠶᠤᠮ ᠬᠡᠪᠠ᠃ | ᠠᠢ ᠯᠢ ᠬᠤᠸᠠ ᠱᠠᠭᠠᠷᠳᠠᠬᠤ ᠳᠤ ᠪᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠨᠢ ᠤᠯᠤᠰ ᠲᠦᠷᠦ ᠶᠢᠨ | ᠵᠤᠭᠰᠤᠴᠠ ᠪᠠᠨ ᠤᠯᠠᠮ ᠲᠡᠭᠡᠭᠰᠢᠯᠡᠬᠦᠯᠵᠥ᠂ ᠬᠠᠮᠵᠢᠯᠴᠠᠭ᠎ᠠ ᠪᠠᠨ ᠴᠢᠩᠭᠠᠳᠬᠠᠨ᠂ ᠨᠢᠬᠳᠠ ᠬᠠᠮᠵᠢᠯᠴᠠᠵᠥ᠂ | ᠲᠤᠭᠠᠴᠢᠯᠠᠵᠥ ᠠᠵᠥ ᠦᠢᠯᠡᠰᠵᠢᠬᠦᠯᠥᠨ ᠬᠡᠷᠡᠭᠯᠡᠬᠦ ᠶᠢ ᠬᠦᠴᠦᠳᠠᠢ ᠠᠬᠢᠭᠤᠯᠵᠥ᠂ ᠲᠤᠭᠠᠴᠢᠯᠠᠯᠳᠠ ᠶᠢᠨ ᠰᠠᠭᠤᠷᠢ | ᠲᠦᠬᠦᠬᠡᠷᠤᠮᠵᠢ ᠶᠢᠨ ᠬᠡᠷᠡᠭᠯᠡᠬᠡᠨ ᠢ ᠲᠡᠰ ᠲᠡᠪᠰᠢᠭᠦᠯᠬᠦ ᠶᠢ ᠠᠳᠬᠤᠵᠥ᠂ ᠤᠯᠤᠰ ᠤᠨ ᠲᠤᠮᠤ ᠳ᠋ᠠᠶᠢᠲ᠋ᠠ ᠶᠢᠨ | ᠶᠡᠷᠤᠩᠬᠡᠶᠢᠯᠡᠭᠰᠡᠡ ᠲᠤᠷᠰᠢᠯᠳᠠ ᠶᠢᠨ ᠤᠷᠤᠨ ᠢ ᠪᠦᠳᠦᠬᠡᠨ ᠪᠠᠶᠢᠭᠤᠯᠬᠤ ᠱᠠᠭᠠᠷᠳᠠᠯᠭ᠎ᠠ ᠶᠤᠰᠤᠭᠠᠷ᠂ 7 ᠲᠤᠮᠤ | ᠳ᠋ᠠᠶᠢᠲ᠋ᠠ ᠶᠢᠨ ᠲᠠᠪᠴᠠᠩ᠂ 19 ᠲᠤᠭ᠎ᠠ ᠪᠠᠷᠢᠮᠳᠡ ᠶᠢᠨ ᠡᠬᠢ ᠪᠠᠶᠠᠯᠢᠭ ᠤᠨ ᠬᠦᠮᠦᠷᠬᠡ ᠶᠢ ᠪᠦᠳᠦᠬᠡᠨ ᠪᠠᠶᠢᠭᠤᠯᠬᠤ | ᠡᠬᠦᠷᠬᠡ ᠶᠢ ᠲᠤᠭᠳᠠᠭᠰᠠᠠ ᠬᠤᠭᠤᠴᠠᠭᠠᠨ ᠳᠤ ᠪᠡᠶᠡᠯᠡᠬᠦᠯᠬᠦ ᠬᠡᠷᠡᠭᠳᠡᠢ ᠬᠡᠪᠠ᠃ |