ᠪᠡᠭᠡᠵᠢᠩ ᠥᠪᠥᠷ ᠮᠣᠩᠭᠤᠯ ᠠᠵᠢᠯ ᠲᠥᠷᠥᠯ ᠢᠶᠠᠷ ᠢᠶᠠᠨ ᠨᠡᠶᠢᠭᠡᠮ ᠤᠨ ᠠᠵᠢᠯ ᠤᠨ 64 ᠦᠶᠯᠡᠴᠢᠯᠡᠭᠡᠨ ᠎ ᠤ ᠲᠥᠷᠥᠯ ᠵᠦᠶᠯ ᠢ ᠳᠠᠮᠵᠢᠵᠤ ᠪᠣᠶ
ᠨᠡᠶᠢᠲᠡᠯᠡᠭᠰᠡᠨ ᠴᠠᠭ᠄
2019/7/18
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠎ ᠢᠶᠠᠷ᠂ ᠡᠨᠡ ᠵᠢᠯ ᠤᠨ ︽ᠭᠠᠷ ᠬᠤᠯᠪᠣᠬᠤ ᠲᠥᠯᠥᠪᠯᠡᠭᠡ︾ ᠳᠤᠮᠳᠠ᠂ ᠪᠡᠭᠡᠵᠢᠩ ᠬᠤᠲᠠ ᠶᠢᠨ ᠠᠷᠠᠳ ᠤᠨ ᠶᠠᠪᠤᠳᠠᠯ ᠎ ᠤᠨ ᠲᠣᠪᠴᠢᠶ᠎ᠠ ᠶᠢᠨ ᠲᠤᠰᠠᠯᠠᠨ ᠲᠣᠮᠢᠯᠠᠭᠰᠠᠨ 20 ᠨᠡᠶᠢᠭᠡᠮ ᠤᠨ ᠠᠵᠢᠯ ᠤᠨ ᠪᠠᠶᠢᠭᠤᠯᠤᠮᠵᠢ ᠮᠠᠨ ᠤ ᠣᠷᠣᠨ ᠤ 20 ᠬᠤᠰᠢᠭᠤ ᠰᠢᠶᠠᠨ ᠳᠤ ᠬᠦᠷᠴᠦ ᠨᠡᠶᠢᠭᠡᠮ ᠤᠨ ᠠᠵᠢᠯ ᠤᠨ ᠬᠠᠪᠰᠤᠷᠤᠨ ᠲᠡᠳᠬᠦᠬᠦ 64 ᠲᠥᠷᠥᠯ ᠵᠦᠶᠯ ᠥᠷᠨᠢᠭᠦᠯᠪᠡ᠃       ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ︽ᠭᠠᠷ ᠬᠤᠯᠪᠣᠯᠴᠠᠬᠤ ᠲᠥᠯᠥᠪᠯᠡᠭᠡ︾ ᠪᠣᠯ ᠠᠷᠠᠳ ᠤᠨ ᠶᠠᠪᠤᠳᠠᠯ ᠤᠨ ᠶᠠᠮᠤᠨ ᠠᠴᠠ ᠨᠡᠶᠢᠭᠡᠮ ᠤᠨ ᠠᠵᠢᠯ ᠤᠨ ᠲᠠᠯ᠎ᠠ ᠪᠠᠷ ᠤᠷᠢᠳᠠᠪᠠᠷ ᠬᠥᠭᠵᠢᠭᠰᠡᠨ ᠭᠠᠵᠠᠷ ᠣᠷᠣᠨ ᠠᠴᠠ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠰᠢᠯᠢᠨ ᠰᠤᠩᠭᠤᠵᠤ᠂ ᠬᠤᠣᠰᠯᠠᠭᠤᠯᠤᠨ ᠬᠠᠪᠰᠤᠷᠤᠨ ᠲᠡᠳᠬᠦᠬᠦ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠤᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ ᠨᠡᠶᠢᠭᠡᠮ ᠤᠨ ᠠᠵᠢᠯ ᠤᠨ ᠵᠢᠱᠢᠶ᠎ᠡ ᠦᠵᠡᠭᠦᠯᠬᠦ ᠦᠶᠯᠡᠴᠢᠯᠡᠭᠡ ᠦᠷᠨᠢᠭᠦᠯᠳᠡᠭ ᠶᠤᠮ᠃      ᠨᠢᠳᠤᠨᠤᠨ᠂ ᠪᠡᠭᠡᠵᠢᠩ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠮᠲᠤᠪᠠᠷ ᠨᠡᠶᠢᠭᠡᠮ ᠤᠨ ᠠᠵᠢᠯ ᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠦᠶᠯᠡᠴᠢᠯᠡᠭᠡᠨ ᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠪᠠ᠃ ᠡᠨᠡ ᠵᠢᠯ᠂ ᠮᠠᠨ ᠤ ᠣᠷᠣᠨ ᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠨᠡᠶᠢᠭᠡᠮ ᠤᠨ ᠠᠵᠢᠯ ᠤᠨ ᠪᠠᠶᠢᠭᠤᠯᠤᠮᠵᠢ ᠪᠣᠯᠤᠨ ᠨᠡᠶᠢᠭᠡᠮ ᠤᠨ ᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ ᠪᠡᠭᠡᠵᠢᠩ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠢᠯᠢᠨ ᠰᠤᠩᠭᠤᠭᠰᠠᠨ ᠪᠡᠭᠡᠵᠢᠩ ᠤᠨ ᠮᠦ ᠶᠢᠦ ᠨᠡᠶᠢᠭᠡᠮ ᠤᠨ ᠠᠵᠢᠯ ᠤᠨ ᠬᠥᠭᠵᠢᠭᠦᠯᠦᠯᠲᠡ ᠶᠢᠨ ᠲᠥᠪ ᠵᠡᠷᠭᠡ 20 ᠨᠡᠶᠢᠭᠡᠮ ᠤᠨ ᠠᠵᠢᠯ ᠤᠨ ᠲᠤᠰᠠᠯᠠᠮᠵᠢ ᠶᠢᠨ ᠪᠠᠶᠢᠭᠤᠯᠤᠮᠵᠢ ᠨᠢ ᠬᠥᠬᠡᠬᠤᠲᠠ ᠵᠡᠷᠭᠡ 7 ᠠᠶᠢᠮᠠᠭ ᠬᠤᠲᠠ᠂ 20 ᠬᠤᠰᠢᠭᠤ ᠰᠢᠶᠠᠨ ᠤ ᠳᠡᠮᠵᠢᠯᠭᠡ ᠬᠦᠷᠲᠡᠬᠦ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢ ᠬᠠᠪᠰᠤᠷᠤᠨ ᠳᠡᠳᠬᠦᠪᠡ᠃ ᠲᠤᠰᠠᠯᠠᠮᠵᠢ ᠶᠢᠨ ᠪᠠᠶᠢᠭᠤᠯᠤᠮᠵᠢ ᠨᠢᠭᠡᠪᠦᠷᠢ ᠨᠢ 2 ᠨᠡᠷᠡᠰ ᠨᠡᠶᠢᠭᠡᠮ ᠤᠨ ᠠᠵᠢᠯᠲᠠᠨ ᠢ ᠰᠣᠩᠭᠤᠨ ᠲᠣᠮᠢᠯᠠᠵᠤ ᠬᠠᠪᠰᠤᠷᠤᠨ ᠲᠡᠳᠬᠦᠬᠦ ᠠᠵᠢᠯ ᠥᠷᠨᠢᠭᠦᠯᠦᠨ᠂ ᠲᠤᠰᠠᠯᠠᠮᠵᠢ ᠬᠦᠷᠲᠡᠬᠦ ᠪᠠᠶᠢᠭᠤᠯᠤᠮᠵᠢ ᠨᠢᠭᠡᠪᠦᠷᠢ ᠳᠤ ᠠᠯᠢ ᠴᠦᠬᠡᠨ ᠳᠤ 3 ᠨᠡᠷᠡᠰ ᠨᠡᠶᠢᠭᠡᠮ ᠤᠨ ᠠᠵᠢᠯ ᠡᠷᠬᠢᠯᠡᠭᠴᠢ ᠶᠢ ᠰᠣᠩᠭᠤᠨ ᠲᠣᠮᠢᠯᠠᠵᠤ ᠬᠠᠪᠰᠤᠷᠤᠨ ᠳᠡᠳᠬᠦᠵᠦ᠂ ᠲᠤᠰᠠᠯᠠᠮᠵᠢ ᠬᠦᠷᠲᠡᠬᠦ ᠪᠠᠶᠢᠭᠤᠯᠤᠮᠵᠢ ᠳᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠥᠭᠴᠦ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠷᠥᠯ ᠵᠦᠶᠯ ᠢ ᠥᠷᠨᠢᠭᠦᠯᠦᠨ᠂ ᠨᠡᠶᠢᠭᠡᠮ ᠎ ᠤᠨ ᠠᠵᠢᠯ ᠤᠨ ᠦᠶᠯᠡᠴᠢᠯᠡᠭᠡᠨ ᠤ ᠵᠢᠷᠤᠮᠵᠢᠯ ᠢ ᠪᠠᠶᠢᠭᠤᠯᠤᠨ ᠪᠦᠷᠢᠨᠰᠢᠭᠦᠯᠪᠡ᠃      ︽ᠭᠠᠷ ᠬᠤᠯᠪᠣᠯᠴᠠᠬᠤ ᠲᠥᠯᠥᠪᠯᠡᠭᠡ︾ ᠪᠣᠯ ᠨᠡᠶᠢᠭᠡᠮ ᠤᠨ ᠬᠦᠴᠦᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠣᠷᠣᠯᠴᠠᠭᠤᠯᠬᠤ ᠴᠢᠬᠤᠯᠠ ᠦᠶᠯᠡᠳᠦᠯᠭᠡ ᠪᠣᠯᠤᠨ᠎ᠠ᠃ ᠣᠳᠣᠬᠠᠨ ᠪᠣᠯᠲᠠᠯ᠎ᠠ᠂ ᠮᠤᠷᠢᠨᠳᠠᠪᠠᠭ᠎ᠠ ᠶᠢᠨ  ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 8 ᠲᠤᠰᠠᠯᠠᠮᠵᠢ ᠬᠦᠷᠲᠡᠬᠦ ᠬᠤᠰᠢᠭᠤ ᠰᠢᠶᠠᠨ ᠨᠢᠭᠡᠨᠲᠡ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮᠵᠢᠶ᠎ᠡ ᠶᠢᠨ ᠰᠢᠯᠭᠠᠯᠲᠠ ᠎ ᠠᠴᠠ ᠡᠮᠦᠨᠡᠬᠢ ᠪᠣᠯᠪᠠᠰᠤᠷᠠᠭᠤᠯᠤᠯ ᠤᠨ ᠲᠥᠷᠥᠯ ᠵᠦᠶᠯ ᠢ ᠳᠠᠭᠤᠰᠬᠠᠵᠤ᠂ ᠦᠴᠤᠸᠠᠨ ᠰᠢᠶᠠᠨ ᠤ ᠰᠢᠩ ᠱᠧᠩ ᠨᠡᠶᠢᠭᠡᠮ ᠲᠣᠭᠤᠷᠢᠭ ᠤᠨ ᠭᠡᠷ ᠲᠤ ᠪᠠᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠲᠥᠷᠥᠯ ᠵᠦᠶᠯ ᠵᠡᠷᠭᠡ 15 ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠷᠥᠯ ᠵᠦᠶᠯ ᠢ ᠨᠢᠭᠡᠨᠲᠡ ᠥᠷᠨᠢᠭᠦᠯᠵᠦ᠂ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠡᠶᠢᠭᠡᠮ ᠤᠨ ᠠᠵᠢᠯ ᠤᠨ ᠶᠠᠳᠠᠭᠤ ᠶᠢ ᠲᠡᠳᠬᠦᠬᠦ ᠠᠵᠢᠯ ᠤᠨ ᠥᠷᠲᠡᠭᠡ ᠶᠢᠨ ᠳᠡᠯᠭᠡᠷᠡᠭᠦᠯᠬᠦ ᠲᠥᠷᠥᠯ ᠵᠦᠶᠯ ᠵᠡᠷᠭᠡ 41 ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠷᠥᠯ ᠵᠦᠶᠯ ᠢ 7 ᠳ᠋ᠤᠭᠠᠷ ᠰᠠᠷ᠎ᠠ ᠳᠤ ᠵᠠᠯᠭᠠᠭ᠎ᠠ ᠪᠠᠷ ᠥᠷᠨᠢᠭᠦᠯᠬᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号