ᠯᠢ ᠪᠢᠩ ᠷᠦᠩ ᠬᠠᠳᠤᠨ ᠭᠤᠤᠯ ᠤᠨ ᠦᠶᠠᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠤ ᠪᠠᠨ ᠴᠢᠬᠤᠯᠠᠴᠢᠯᠠᠬᠰᠡᠨ ᠨᠢ ᠤᠳᠤᠬᠠᠨ ᠤ ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠳᠠᠢ ᠭᠡᠵᠡᠢ
ᠨᠡᠶᠢᠲᠡᠯᠡᠭᠰᠡᠨ ᠴᠠᠭ᠄
2019/7/19
     7 ᠳ᠋ᠤᠭᠠᠷ ᠰᠠᠷ᠎ᠡ ᠶᠢᠨ 17᠎ ᠠᠴᠠ 18᠎ ᠤ ᠡᠳᠦᠷ ᠪᠤᠯᠳᠠᠯ᠎ᠡ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠬᠠᠭᠰᠠᠷᠠᠭᠠᠨ ᠲᠠᠢ ᠲᠠᠮᠠᠴᠡᠬᠦ ᠠᠵᠢᠯ ᠢ ᠵᠢᠯᠤᠭᠤᠳᠬᠤ ᠬᠡᠯᠳᠡᠰ ᠤᠨ ᠲᠡᠳ᠋ ᠶᠡᠷᠤᠩᠭᠡᠢ ᠵᠢᠯᠤᠭᠤᠳᠤᠬᠴᠢ ᠯᠢ ᠪᠢᠩ ᠷᠦᠩ ᠬᠠᠳᠤᠨ ᠭᠤᠤᠯ ᠤᠨ ᠪᠠᠶᠠᠨᠨᠠᠭᠤᠷ ᠤᠨ ᠭᠡᠰᠡᠭ ᠪᠤᠯᠤᠨ ᠦᠬᠠᠢ ᠶᠢᠨ ᠭᠡᠰᠡᠭ ᠲᠤ ᠬᠦᠷᠴᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ᠃      ᠯᠢ ᠪᠢᠩ ᠷᠦᠩ ᠦᠶᠤᠸᠠᠨ ᠰᠢᠶᠠᠨ ᠤ ᠫᠢ ᠹᠠᠩ ᠭᠧ ᠳ᠋ᠠᠨ᠂ ᠰᠢᠶᠧ ᠯᠠ ᠡᠤ ᠰᠢᠶᠠᠨ ᠠᠵᠢᠯ ᠤᠨ ᠭᠡᠰᠡᠭ ᠎ ᠤᠨ ᠲᠦᠭᠰᠢᠬᠦᠷᠢ ᠶᠢ ᠠᠷᠢᠯᠭᠠᠵᠤ ᠪᠠᠬᠢᠵᠢᠬᠦᠯᠬᠦ ᠪᠠᠷᠢᠯᠭ᠎ᠠ ᠶᠢᠨ ᠠᠬᠤᠢ ᠲᠠᠯᠠᠪᠠᠢ᠂ ᠳ᠋ᠧᠩᠺᠸᠤ ᠰᠢᠶᠠᠨ ᠤ ᠰᠠᠨ ᠱᠧᠩ ᠬᠦᠩ ᠬᠠᠳᠤᠨ ᠭᠤᠤᠯ ᠤᠨ ᠤᠰᠤᠨ ᠠᠰᠢᠬᠯᠠᠯᠳᠠ ᠶᠢᠨ ᠬᠦᠢᠰᠤ ᠪᠠᠷᠢᠯᠭ᠎ᠠ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠤᠰᠤᠨ ᠠᠰᠢᠬᠯᠠᠯᠳᠠ ᠶᠢᠨ ᠬᠦᠢᠰᠤ ᠪᠠᠷᠢᠯᠭ᠎ᠠ ᠵᠢᠴᠢ ᠴᠦᠬᠦᠷᠤᠮ ᠤᠨ ᠭᠤᠤᠯ ᠤᠨ ᠡᠷᠬᠢ ᠶᠢᠨ ᠡᠯᠡᠭᠳᠡᠯ ᠤᠨ ᠠᠶᠤᠯ ᠠᠴᠠ ᠠᠪᠤᠷᠠᠬᠤ ᠪᠠᠷᠢᠯᠭ᠎ᠠ ᠶᠢᠨ ᠠᠬᠤᠢ ᠲᠠᠯᠠᠪᠠᠢ ᠳᠤ ᠬᠦᠨᠵᠡᠭᠡᠶᠢᠷᠠᠵᠤ᠂ ᠠᠶᠤᠯᠲᠠᠢ ᠠᠵᠢᠯ ᠤᠨ ᠭᠡᠰᠡᠭ ᠪᠠ ᠦᠶᠠᠷ ᠢ ᠰᠡᠷᠭᠡᠶᠢᠯᠡᠬᠦ ᠴᠢᠬᠤᠯᠠ ᠲᠦᠬᠦᠭᠡᠷᠤᠮᠵᠢ ᠵᠡᠷᠭᠡ ᠳᠤ ᠪᠦᠬᠦ ᠲᠠᠯ᠎ᠡ ᠪᠠᠷ ᠨᠠᠷᠢᠨ ᠨᠢᠮᠪᠠᠢ ᠪᠠᠶᠢᠴᠠᠭᠠᠯᠳᠠ ᠬᠢᠪᠠ᠃      ᠯᠢ ᠪᠢᠩ ᠷᠦᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠤ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠭᠠᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ᠂ ᠤᠳᠤᠬᠠᠨ ᠤ ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠡᠨᠡ ᠵᠢᠯ ᠬᠠᠲᠤᠨ ᠭᠤᠤᠯ ᠤᠨ ᠳᠡᠭᠡᠳᠦ ᠤᠷᠤᠰᠬᠠᠯ ᠤᠨ ᠤᠰᠤ ᠨᠡᠯᠢᠶᠡᠳ ᠨᠡᠮᠡᠭᠳᠡᠵᠦ᠂ ᠪᠦᠬᠦ ᠱᠤᠭᠤᠮ ᠤᠨ ᠬᠠᠰᠢᠯᠭ᠎ᠠ ᠪᠠᠷ ᠲᠤᠭᠤᠷᠢᠵᠤ ᠠᠶᠤᠯ ᠲᠦᠭᠰᠢᠭᠦᠷᠢ ᠶᠢᠨ ᠪᠠᠶᠢᠳᠠᠯ ᠢ ᠪᠠᠶᠢᠴᠠᠭᠠᠵᠤ᠂ ᠠᠮᠤᠷ ᠲᠦᠪᠰᠢᠨ ᠤ ᠭᠡᠮ ᠠᠷᠬᠠᠭ ᠢ ᠴᠠᠭ ᠲᠤᠬᠠᠢ ᠳᠤ ᠨᠢ ᠢᠯᠡᠷᠡᠭᠦᠯᠦᠨ ᠠᠷᠢᠯᠭᠠᠵᠤ᠂ ᠬᠠᠲᠤᠨ ᠭᠤᠤᠯ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠦᠡᠭᠭᠡᠷᠡᠭᠡᠬᠦ ᠶᠢ ᠪᠠᠲᠤᠯᠠᠬᠤ ᠬᠡᠷᠡᠭᠲᠡᠢ᠃ ᠡᠯ᠎ᠠ ᠭᠠᠵᠠᠷ ᠪᠤᠯᠤᠨ ᠡᠯ᠎ᠠ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠴᠢᠨᠠᠬᠰᠢᠲᠠ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠤᠰᠤᠨ ᠎ ᠤ ᠵᠤᠬᠢᠴᠠᠭᠤᠯᠭ᠎ᠠ ᠶᠢ ᠨᠢᠭᠡᠲᠦᠯᠲᠡᠢ ᠲᠦᠯᠦᠪᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠦᠲᠦᠮᠵᠢᠲᠡᠢ ᠪᠠᠷ ᠰᠡᠷᠭᠡᠶᠢᠯᠡᠨ ᠠᠷᠭᠠᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠡᠰᠡᠷᠭᠦᠴᠡᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠎ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号