ᠬᠠᠶᠢᠯᠠᠷ ᠤᠨ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠳᠡᠯᠭᠡᠨ ᠦᠵᠡᠭᠦᠯᠬᠦ ᠵᠥᠪᠳᠡᠯᠴᠡᠬᠦ ᠴᠤᠭᠯᠠᠭᠠᠨ ᠡᠯᠪᠡᠭ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2019/7/2
   6 ᠳ᠋ᠤᠭᠠᠷ ᠰᠠᠷ᠎ᠠ ᠶᠢᠨ 29᠎ ᠤ ᠡᠳᠦᠷ᠂ ᠬᠥᠮᠦᠰ ᠤᠨ ᠠᠩᠬᠠᠷᠤᠯ ᠢ ᠶᠡᠬᠡᠳᠡ ᠲᠠᠲᠠᠭᠰᠠᠨ ᠠᠷᠪᠠᠨ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠡᠯᠭᠡᠨ ᠦᠵᠡᠭᠦᠯᠬᠦ ᠵᠥᠪᠳᠡᠯᠴᠡᠬᠦ ᠴᠤᠭᠯᠠᠭᠠᠨ ᠵᠢᠴᠢ ᠭᠠᠷ ᠤᠨ ᠦᠰᠦᠭ ᠵᠢᠷᠤᠬᠤ ᠶᠣᠰᠣᠯᠠᠯ ᠬᠥᠯᠥᠨ ᠪᠣᠶᠢᠷ ᠬᠤᠲᠠ ᠶᠢᠨ ᠬᠠᠶᠢᠯᠠᠷ ᠲᠣᠭᠤᠷᠢᠭ ᠲᠤ ᠶᠠᠪᠤᠭᠳᠠᠪᠠ᠃ 5 ᠡᠳᠦᠷ ᠤᠨ ᠬᠤᠭᠤᠴᠠᠭ᠎ᠠ ᠲᠠᠢ ᠦᠵᠡᠭᠦᠯᠦᠯᠭᠡ ᠶᠢᠨ ᠬᠤᠷᠠᠯ ᠨᠢ ︽ᠬᠥᠯᠥᠨ ᠪᠣᠶᠢᠷ ᠲᠤ ᠪᠣᠯᠵᠣᠵᠤ · ︿ᠨᠢᠭᠡ ᠪᠦᠰᠡ ᠨᠢᠭᠡ ᠵᠠᠮ﹀᠎ ᠢ ᠬᠠᠮᠲᠤ ᠪᠠᠷ ᠪᠦᠲᠦᠭᠡᠨ ᠪᠠᠶᠢᠭᠤᠯᠬᠤ︾᠎ ᠪᠠᠷ ᠭᠤᠤᠯ ᠰᠡᠳᠦᠪ ᠪᠣᠯᠭᠠᠵᠤ᠂ ᠳᠤᠮᠳᠠᠳᠤ ᠣᠷᠣᠰ ᠮᠣᠩᠭᠤᠯ 3 ᠤᠯᠤᠰ ᠵᠢᠴᠢ ︽ᠨᠢᠭᠡ ᠪᠦᠰᠡ ᠨᠢᠭᠡ ᠵᠠᠮ︾ ᠳᠠᠭᠠᠤ ᠶᠢᠨ 25 ᠤᠯᠤᠰ ᠪᠠ ᠭᠠᠵᠠᠷ ᠣᠷᠣᠨ ᠠᠴᠠ ᠢᠷᠡᠭᠰᠡᠨ 645 ᠦᠵᠡᠭᠦᠯᠦᠯᠭᠡ ᠶᠢᠨ ᠬᠤᠳᠠᠯᠳᠤᠭᠠᠴᠢᠨ ᠨᠢᠳᠦ ᠭᠢᠯᠠᠰᠤᠮ᠎ᠠ ᠥᠪᠡᠷᠮᠢᠴᠡ ᠣᠨᠴᠠᠯᠢᠭᠲᠤ ᠲᠠᠸᠠᠷ ᠠᠪᠴᠢᠷᠠᠨ ᠣᠯᠠᠨ ᠤ ᠬᠠᠷᠠᠭᠠᠨ ᠡᠮᠦᠨ᠎ᠡ ᠳᠡᠯᠭᠡᠭᠳᠡᠪᠡ᠃    ᠳᠡᠯᠭᠡᠨ ᠦᠵᠡᠭᠦᠯᠬᠦ ᠵᠥᠪᠳᠡᠯᠴᠡᠬᠦ ᠴᠤᠭᠯᠠᠭᠠᠨ ᠳᠡᠭᠡᠷ᠎ᠡ᠂ ᠪᠡᠭᠡᠵᠢᠩ ᠤᠨ ᠳ᠋ᠢᠶᠣᠤ ᠢᠦᠢ ᠲᠠᠢ ᠨᠡᠷᠡᠮᠵᠢᠲᠦ ᠢᠳᠡᠭᠡᠨ ᠤ ᠵᠦᠶᠯ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠷᠪᠢᠨ ᠲᠡᠮᠦᠷ ᠵᠠᠮ ᠤᠨ ᠪᠦᠯᠦᠭᠯᠡᠯ ᠵᠡᠷᠭᠡ ᠤᠯᠤᠰ ᠤᠨ ᠳᠣᠲᠣᠭᠠᠳᠤ ᠶᠢᠨ ᠨᠠᠷᠠᠲᠤ ᠠᠵᠤ ᠠᠬᠤᠶᠢᠯᠠᠯ ᠪᠣᠯᠤᠨ ᠣᠷᠣᠰ ᠤᠨ ᠪᠠᠶᠢᠭᠠᠯ ᠠᠭᠤᠷᠬᠠᠢ ᠶᠢᠨ ᠦᠢᠯᠡᠰ ᠤᠨ ᠪᠦᠯᠦᠭᠯᠡᠯ᠂ ᠮᠣᠩᠭᠤᠯ ᠤᠯᠤᠰ ᠤᠨ ᠠᠰᠢᠳᠠ ᠬᠢᠵᠠᠭᠠᠷᠲᠤ ᠺᠣᠮᠫᠠᠨᠢ ᠵᠢᠴᠢ ᠬᠥᠯᠥᠨ ᠪᠤᠶᠢᠷ ᠬᠤᠲᠠ ᠶᠢᠨ ᠠᠵᠤ ᠠᠬᠤᠶᠢᠯᠠᠯ ᠲᠠᠢ ᠠᠭᠤᠷᠬᠠᠢ ᠶᠢᠨ ᠭᠠᠷᠤᠯᠲᠠ ᠪᠣᠯᠤᠨ ᠴᠢᠯᠠᠭᠤᠨ ᠲᠣᠰᠣ ᠨᠡᠭᠡᠭᠡᠨ ᠮᠠᠯᠲᠠᠬᠤ᠂ ᠮᠣᠳᠣᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ᠂ ᠮᠢᠬᠠᠨ ᠤ ᠵᠦᠶᠯ ᠵᠢᠴᠢ ᠭᠠᠳᠠᠭᠠᠳᠤ ᠠᠴᠠ ᠣᠷᠣᠭᠤᠯᠬᠤ ᠤᠰᠤᠨ ᠤ ᠭᠠᠷᠤᠯᠲᠠ᠂ ᠰᠤᠷᠭᠠᠨ ᠬᠥᠮᠦᠵᠢᠯ ᠤᠨ ᠪᠠᠭᠠᠵᠢ ᠬᠡᠷᠡᠭᠰᠡᠯ ᠵᠢᠴᠢ ᠪᠠᠭᠰᠢ ᠶᠢᠨ ᠬᠠᠮᠲᠤᠷᠠᠯᠴᠠᠭ᠎ᠠ᠂ ᠭᠠᠳᠠᠭᠠᠳᠤ ᠠᠴᠠ ᠣᠷᠣᠭᠤᠯᠬᠤ ᠮᠠᠰᠢᠨ ᠲᠡᠷᠭᠡ ᠵᠡᠷᠭᠡ ᠣᠯᠠᠨ ᠬᠦᠷᠢᠶᠡᠨ ᠤ ᠲᠥᠷᠥᠯ ᠵᠦᠶᠯ ᠤᠨ ᠲᠤᠬᠠᠶ ᠵᠥᠪᠳᠡᠪᠡ᠃ ᠡᠭᠦᠨ ᠳᠤ᠂ ᠳᠤᠮᠳᠠᠳᠤ ᠣᠷᠣᠰ 12 ᠲᠥᠷᠥᠯ ᠵᠦᠶᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠲᠤᠭ᠎ᠠ 39.2 ᠳ᠋ᠦᠩᠰᠢᠭᠤᠷ ᠲᠥᠭᠦᠷᠢᠭ ᠲᠤ ᠬᠦᠷᠴᠡᠶ︔ ᠳᠤᠮᠳᠠᠳᠤ ᠮᠣᠩᠭᠤᠯ 9 ᠲᠥᠷᠥᠯ ᠵᠦᠶᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ ᠠᠷᠠᠳ ᠤᠨ ᠵᠣᠭᠤᠰ ᠢᠶᠠᠷ 61.7 ᠳ᠋ᠦᠩᠰᠢᠭᠤᠷ ᠲᠥᠭᠦᠷᠢᠭ ᠲᠤ ᠬᠥᠷᠪᠡ︔ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ 2 ᠲᠥᠷᠥᠯ ᠵᠦᠢᠯ ᠲᠣᠬᠢᠷᠠᠯᠴᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ ᠠᠷᠠᠳ ᠤᠨ ᠵᠣᠭᠤᠰ ᠢᠶᠠᠷ 5.3 ᠳ᠋ᠦᠩᠰᠢᠭᠤᠷ ᠲᠥᠭᠦᠷᠢᠭ ᠲᠤ ᠬᠦᠷᠴᠡᠢ᠃    ᠳᠡᠯᠭᠡᠨ ᠦᠵᠡᠭᠦᠯᠬᠦ ᠵᠥᠪᠳᠡᠯᠴᠡᠬᠦ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠎ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠵᠥᠪᠯᠡᠯ᠂ ᠬᠥᠯᠥᠨ ᠪᠣᠶᠢᠷ ᠬᠤᠲᠠ ᠎ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠪᠡ᠃ ᠡᠭᠦᠨ ᠠᠴᠠ ᠡᠮᠦᠨ᠎ᠡ ᠨᠢᠭᠡᠨᠲᠡ 14 ᠬᠤᠭᠤᠴᠠᠭ᠎ᠠ ᠡᠷᠬᠢᠯᠡᠵᠦ᠂ ᠬᠥᠯᠥᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠬᠤ ᠳᠤ ᠢᠳᠡᠪᠬᠢᠲᠡᠢ ᠦᠶᠯᠡᠳᠦᠯ ᠦᠵᠡᠭᠦᠯᠵᠦ᠂ ᠳᠤᠮᠳᠠᠳᠤ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ ᠪᠣᠯᠤᠨ ᠰᠣᠶᠣᠯ ᠎ ᠤᠨ ᠰᠣᠯᠢᠯᠴᠠᠭ᠎ᠠ ᠶᠢ ᠬᠦᠴᠦᠲᠡᠶ ᠠᠬᠢᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号