2019 ᠣᠨ ᠤ ᠥᠪᠥᠷ ᠮᠣᠩᠭᠤᠯ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠭᠠᠷᠠᠭ ᠤᠯᠠᠭᠠᠨ ᠲᠢᠶᠠᠲᠷ ᠲᠤ  ᠬᠦᠰᠢᠬᠡ ᠰᠡᠬᠦᠪᠡ
ᠨᠡᠶᠢᠲᠡᠯᠡᠭᠰᠡᠨ ᠴᠠᠭ᠄
2019/7/2
     7 ᠳ᠋ᠤᠭᠠᠷ ᠰᠠᠷ᠎ᠠ ᠶᠢᠨ 1᠎ ᠤ ᠡᠳᠣᠷ ᠤᠨ ᠣᠷᠣᠢ᠂ 4 ᠨᠠᠶᠢᠷᠠᠯ ᠳᠠᠭᠤᠤ ᠶᠢᠨ ᠪᠦᠯᠬᠦᠮ ᠤᠨ ᠭᠤᠶᠢᠳᠠ ᠰᠠᠶᠢᠬᠠᠨ ᠲᠣᠭᠯᠠᠯᠲᠠ ᠶᠢᠨ ᠳᠣᠮᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠯᠠᠨ ᠤᠯᠤᠰ ᠤᠨ ᠨᠠᠶᠢᠷᠠᠯ ᠳᠠᠭᠤᠤ ᠶᠢᠨ ᠬᠤᠯᠪᠣᠭ᠎ᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠠᠭᠠᠴᠢᠯᠠᠨ ᠡᠷᠬᠢᠯᠡᠭᠰᠡᠨ 2019 ᠤᠨ ᠤ ᠥᠪᠥᠷ ᠮᠣᠩᠭᠤᠯ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠭᠠᠷᠠᠭ ᠤᠯᠠᠭᠠᠨ ᠲᠢᠶᠠᠲᠷ ᠲᠤ ᠬᠦᠰᠢᠬᠡ ᠰᠡᠬᠦᠪᠡ᠃      ᠣᠶᠢᠯᠠᠭᠠᠭᠰᠠᠨ ᠢᠶᠠᠷ᠂ 2019 ᠣᠨ ᠤ ᠥᠪᠥᠷ ᠮᠣᠩᠭᠤᠯ ᠤᠨ ᠣᠯᠠᠨ ᠤᠯᠤᠰ ᠤᠨ ᠨᠠᠶᠢᠷᠠᠯ ᠳᠠᠭᠤᠤ ᠤᠨ ᠭᠠᠷᠠᠭ ᠨᠢ ᠳᠡᠯᠡᠬᠡᠶ ᠨᠡᠶᠢᠳᠡᠴᠢ ᠴᠢᠨᠠᠷ᠂ ᠴᠠᠭ ᠦᠶᠡᠴᠢ ᠴᠢᠨᠠᠷ᠂ ᠨᠡᠭᠡᠭᠡᠯᠲᠡᠲᠦ ᠴᠢᠨᠠᠷ ᠪᠠ ᠡᠷᠬᠡ ᠰᠦᠷᠳᠣ ᠴᠢᠨᠠᠷ ᠢ ᠲᠣᠪᠣᠶᠢᠯᠭᠠᠵᠣ᠂ ︽ᠱᠠᠩᠬᠠᠶ ᠶᠢᠨ ᠵᠣᠷᠢᠭ ᠰᠠᠨᠠᠭ᠎ᠠ︾᠎ ᠶᠢ ᠪᠠᠳᠠᠷᠠᠭᠤᠯᠣᠨ᠂ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠰᠣᠶᠣᠯ ᠢᠷᠭᠡᠨᠰᠢᠯ ᠤᠨ ᠬᠤᠯᠪᠣᠭᠠᠰᠤ ᠶᠢ ᠴᠢᠩᠭᠠᠷᠠᠭᠤᠯᠵᠤ᠂ ᠢᠷᠠᠭᠤ ᠡᠭᠡᠰᠢᠭᠯᠡᠭ ᠠᠶ᠎ᠠ ᠳᠠᠭᠤᠣ ᠪᠠᠷ ᠬᠠᠶᠢᠷ᠎ᠠ ᠰᠡᠳᠬᠢᠯᠭᠡ ᠪᠠᠨ ᠣᠯᠣᠯᠴᠠᠵᠤ᠂ ᠰᠣᠶᠣᠯ ᠢᠶᠠᠷ ᠨᠥᠬᠦᠷᠯᠡᠯ ᠢᠶᠠᠨ ᠤᠯᠠᠮᠵᠢᠯᠠᠬᠤ ᠶᠢᠨ ᠲᠥᠯᠥᠭᠡ ᠶᠤᠮ᠃  ᠨᠠᠶᠢᠷᠠᠯ ᠳᠠᠭᠤᠤ ᠶᠢᠨ ᠪᠦᠯᠬᠦᠮ ᠨᠢ ᠡᠬᠢᠯᠡᠯᠳᠡ ᠲᠡᠬᠦᠰᠬᠡᠯ ᠎ ᠤᠨ ᠨᠠᠶᠢᠷᠠᠯ ᠳᠠᠭᠤᠣ ᠶᠢᠨ ᠲᠣᠭᠯᠠᠯᠳᠠ ᠠᠴᠠ ᠭᠠᠳᠠᠨ᠎ᠠ  ᠪᠠᠰᠠ᠂ ᠥᠪᠥᠷ ᠮᠣᠩᠭᠤᠯ ᠤᠨ ᠤᠷᠠᠯᠢᠭ ᠤᠨ ᠳᠡᠭᠡᠳᠣ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠬᠤᠶᠠᠷ ᠲᠠᠯᠠᠪᠠᠢ ᠲᠣᠭᠯᠠᠯᠲᠠ ᠰᠣᠨᠢᠷᠬᠠᠭᠤᠯᠣᠭᠰᠠᠨ ᠪᠥᠭᠡᠳ ᠣᠯᠠᠨ ᠤᠯᠤᠰ ᠤᠨ ᠨᠡᠷᠡᠳᠣ ᠪᠠᠭᠰᠢ ᠲᠠᠶᠢᠯᠤᠮᠵᠢ ᠬᠢᠵᠦ᠂ ᠣᠯᠠᠨ ᠤᠯᠤᠰ ᠤᠨ ᠨᠠᠶᠢᠷᠠᠯ ᠳᠠᠭᠤᠤ ᠶᠢᠨ ᠵᠢᠯᠣᠭᠤᠳᠤᠭᠴᠢ ᠠᠴᠠ ᠳᠡᠯᠡᠬᠡᠶ ᠶᠢᠨ ᠲᠡᠷᠢᠭᠦᠨ ᠤ ᠨᠠᠶᠢᠷᠠᠯ ᠳᠠᠭᠤᠤ ᠶᠢᠨ ᠣᠨᠣᠯᠵᠢᠬᠤᠨ ᠪᠣᠯᠤᠨ ᠠᠷᠭ᠎ᠠ ᠮᠡᠷᠭᠡᠵᠢᠯ ᠢ ᠣᠯᠠᠮᠵᠢᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号