ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠠᠴᠠ | ᠣᠶᠢᠯᠭᠠᠭᠰᠠᠨ ᠢᠶᠠᠷ᠂ ᠥᠪᠥᠷ ᠮᠣᠩᠭᠤᠯ ᠤᠨ ᠬᠤᠶᠠᠳᠤᠭᠠᠷ ᠤᠳᠠᠭᠠᠨ ᠤ ᠪᠥᠬᠦ ᠤᠯᠤᠰ ᠤᠨ ᠪᠣᠬᠢᠷᠲᠤᠯ ᠤᠨ ᠡᠬᠢ | ᠢᠷᠡᠯᠲᠡ ᠶᠢ ᠨᠡᠶᠢᠳᠡᠮ ᠪᠠᠶᠢᠴᠠᠭᠠᠬᠤ ᠠᠵᠢᠯ ᠤᠨ ᠠᠬᠢᠴᠠ ᠶᠢ ᠤᠯᠠᠮ ᠴᠢᠨᠠᠭᠰᠢᠲᠠ ᠲᠦᠷᠭᠡᠳᠬᠡᠨ ᠠᠬᠢᠭᠤᠯᠵᠤ᠂ | ᠪᠣᠬᠢᠷᠲᠤᠯ ᠤᠨ ᠡᠬᠢ ᠢᠷᠡᠯᠲᠡ ᠶᠢ ᠨᠡᠶᠢᠳᠡᠮ ᠪᠠᠶᠢᠴᠠᠭᠠᠭᠰᠠᠨ ᠪᠣᠬᠢᠷᠲᠤᠯ ᠭᠠᠳᠠᠭᠰᠢᠯᠠᠭᠤᠯᠬᠤ ᠲᠤᠭ᠎ᠠ ᠪᠠᠷᠢᠮᠲᠠ ᠶᠢ | ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠪᠣᠬᠢᠷᠲᠤᠯ ᠤᠨ ᠡᠬᠢ ᠢᠷᠡᠯᠲᠡ ᠶᠢ ᠨᠡᠶᠢᠳᠡᠮ ᠪᠠᠶᠢᠴᠠᠭᠠᠭᠰᠠᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠶᠠᠳᠤᠭᠠᠷ ᠤᠳᠠᠭᠠᠨ ᠤ ᠪᠥᠬᠦ ᠤᠯᠤᠰ ᠤᠨ ᠪᠣᠬᠢᠷᠲᠤᠯ ᠤᠨ ᠡᠬᠢ ᠢᠷᠡᠯᠲᠡ ᠶᠢ ᠨᠡᠶᠢᠳᠡᠮ | ᠪᠠᠶᠢᠴᠠᠭᠠᠬᠤ ᠠᠯᠪᠠᠨ ᠭᠡᠷ ︵ᠳᠣᠷᠣᠭᠰᠢ ︽ᠥᠪᠥᠷ ᠮᠣᠩᠭᠤᠯ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ︾ | ᠭᠡᠵᠦ ᠲᠣᠪᠴᠢᠯᠠᠨ᠎ᠠ︶ ᠭᠤᠷᠪᠠᠨ ᠬᠤᠭᠤᠴᠠᠭ᠎ᠠ ᠬᠤᠪᠢᠶᠠᠨ ᠪᠥᠬᠦ ᠣᠷᠣᠨ ᠤ ᠬᠤᠶᠠᠳᠤᠭᠠᠷ ᠤᠳᠠᠭᠠᠨ ᠤ ᠪᠥᠬᠦ | ᠤᠯᠤᠰ ᠤᠨ ᠪᠣᠬᠢᠷᠲᠤᠯ ᠤᠨ ᠡᠬᠢ ᠢᠷᠡᠯᠲᠡ ᠶᠢ ᠨᠡᠶᠢᠳᠡᠮ ᠪᠠᠶᠢᠴᠠᠭᠠᠭᠰᠠᠨ ᠪᠣᠬᠢᠷᠲᠤᠯ ᠭᠠᠳᠠᠭᠰᠢᠯᠠᠭᠤᠯᠬᠤ ᠱᠠᠲᠤ | ᠦᠶ᠎ᠡ ᠶᠢᠨ ᠲᠤᠭ᠎ᠠ ᠪᠠᠷᠢᠮᠲᠠ ᠶᠢ ᠲᠥᠪᠯᠡᠷᠡᠭᠦᠯᠦᠨ ᠬᠢᠨᠠᠨ ᠬᠠᠷᠭᠤᠭᠤᠯᠪᠠ᠃ | ᠲᠣᠰ ᠤᠳᠠᠭᠠᠨ ᠤ ᠬᠢᠨᠠᠨ ᠬᠠᠷᠭᠤᠭᠤᠯᠬᠤ ᠴᠠᠭ ᠨᠢ 7 ᠳ᠋ᠤᠭᠠᠷ ᠰᠠᠷ᠎ᠠ ᠶᠢᠨ 11 ᠤ ᠡᠳᠦᠷ ᠠᠴᠠ 19 ᠤ | ᠡᠳᠦᠷ ᠪᠣᠯᠲᠠᠯ᠎ᠠ ᠶᠠᠪᠤᠭᠳᠠᠨ᠎ᠠ᠂ ᠡᠭᠦᠨ ᠳᠤ ᠭᠤᠣᠯᠳᠠᠭᠤ ᠪᠣᠬᠢᠷᠲᠤᠯ ᠤᠨ ᠡᠬᠢ ᠢᠷᠡᠯᠲᠡ ᠶᠢᠨ ᠨᠡᠷᠡᠰ ᠤᠨ | ᠭᠠᠷᠴᠠᠭ ᠪᠥᠬᠦ ᠲᠠᠯ᠎ᠠ ᠶᠢᠨ ᠪᠠᠶᠢᠬᠤ ᠡᠰᠡᠬᠦ᠂ ᠡᠯ᠎ᠡ ᠲᠥᠷᠥᠯ ᠤᠨ ᠪᠠᠶᠢᠴᠠᠭᠠᠭᠳᠠᠭᠰᠠᠳ ᠤᠨ ᠦᠨᠳᠦᠰᠦᠨ ᠮᠡᠳᠡᠭᠡ | ᠵᠠᠩᠭᠢ᠂ ᠠᠵᠢᠯᠯᠠᠭᠠᠨ ᠤ ᠬᠢᠷᠢ ᠲᠦᠪᠰᠢᠨ ᠪᠠ ᠭᠠᠳᠠᠭᠰᠢᠯᠠᠭᠤᠯᠣᠯᠲᠠ ᠶᠢᠨ ᠮᠡᠳᠡᠭᠡ ᠵᠠᠩᠭᠢ ᠨᠢ ᠪᠥᠬᠦ ᠲᠠᠯ᠎ᠠ ᠪᠦᠭᠡᠳ | ᠦᠨᠡᠨ ᠪᠣᠳᠠᠲᠠᠶ ᠣᠨᠣᠪᠴᠢᠲᠠᠶ ᠪᠠᠶᠢᠬᠤ ᠡᠰᠡᠬᠦ᠂ ᠣᠷᠣᠨ ᠪᠦᠰᠡ ᠪᠣᠯᠤᠨ ᠠᠵᠢᠯ ᠲᠥᠷᠥᠯ ᠤᠨ ᠠᠵᠢᠯᠯᠠᠭᠠᠨ ᠤ ᠬᠢᠷᠢ | ᠲᠦᠪᠰᠢᠨ ᠤ ᠭᠦᠶᠴᠡᠳᠬᠡᠯ ᠲᠤᠭ᠎ᠠ ᠪᠠ ᠭᠠᠳᠠᠭᠰᠢᠯᠠᠭᠤᠯᠬᠤ ᠬᠡᠮᠵᠢᠶ᠎ᠡ ᠶᠢᠨ ᠬᠤᠷᠢᠶᠠᠩᠭᠤᠶᠢᠯᠠᠭᠰᠠᠨ ᠲᠤᠭ᠎ᠠ | ᠪᠠᠷᠢᠮᠲᠠ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠥᠪᠰᠢᠨ ᠲᠠᠢ ᠨᠢᠭᠡᠳᠦᠯᠲᠡᠶ ᠪᠠᠶᠢᠬᠤ ᠡᠰᠡᠬᠦ | ᠵᠡᠷᠭᠡ ᠠᠭᠤᠯᠭ᠎ᠠ ᠶᠢᠨ ᠲᠣᠭᠤᠷᠢᠨ ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠨᠢ ᠵᠣᠬᠢᠰ | ᠥᠬᠡᠶ ᠪᠠᠶᠢᠬᠤ᠂ ᠠᠵᠢᠯ ᠲᠥᠷᠥᠯ ᠤᠨ ᠭᠠᠳᠠᠭᠰᠢᠯᠠᠭᠤᠯᠣᠯᠲᠠ ᠶᠢᠨ ᠶᠡᠷᠦᠩᠬᠡᠢ ᠬᠡᠮᠵᠢᠶ᠎ᠡ ᠨᠢ ᠵᠣᠬᠢᠰ ᠦᠭᠡᠢ ᠪᠠᠶᠢᠬᠤ᠂ | ᠬᠠᠷᠭᠤᠭᠤᠯᠣᠯᠲᠠ ᠶᠢᠨ ᠪᠣᠬᠢᠷᠳᠤᠯ ᠪᠣᠳᠠᠰ ᠢ ᠣᠷᠬᠢᠭᠳᠠᠭᠤᠯᠤᠭᠰᠠᠨ ᠪᠠᠶᠢᠬᠤ ᠵᠡᠷᠭᠡ ᠰᠢᠶᠳᠪᠦᠷᠢᠯᠡᠬᠦ ᠴᠢᠬᠤᠯᠠᠲᠠᠶ | ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠬᠢᠨᠠᠨ ᠬᠠᠷᠭᠤᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ | ᠭᠤᠤᠯᠳᠠᠯᠭ᠎ᠠ ᠲᠠᠢ ᠰᠠᠪᠠ ᠭᠠᠵᠠᠷ᠂ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠤᠨ ᠡᠬᠢ ᠢᠷᠡᠯᠲᠡ ᠶᠢᠨ | ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠪᠦᠷᠢᠨ ᠬᠠᠮᠤᠷᠬᠤ ᠪᠣᠯᠣᠨ᠎ᠠ᠃ | ᠣᠶᠢᠷ᠎ᠠ ᠳᠤ᠂ ᠬᠤᠶᠠᠷ ᠬᠤᠭᠤᠴᠠᠭᠠᠨ ᠳᠤ ᠨᠡᠶᠢᠲᠡ 23 ᠠᠵᠢᠯ ᠲᠥᠷᠥᠯ ᠤᠨ 10782 ᠠᠵᠤ | ᠠᠬᠤᠶᠢᠯᠠᠯ ᠢ ᠬᠢᠨᠠᠨ ᠬᠠᠷᠭᠤᠭᠤᠯᠣᠭᠠᠳ᠂ ᠬᠢᠨᠠᠨ ᠬᠠᠷᠭᠤᠭᠤᠯᠬᠤ ᠪᠠᠷ ᠳᠠᠮᠵᠢᠨ 3153 ᠠᠵᠤ ᠠᠬᠤᠶᠢᠯᠠᠯ ᠳᠤ | ᠠᠰᠠᠭᠤᠳᠠᠯ ᠣᠷᠣᠰᠢᠵᠤ ᠪᠠᠶᠢᠭ᠎ᠠ ᠶᠢ ᠣᠯᠵᠤ ᠮᠡᠳᠡᠭᠰᠡᠨ ᠪᠦᠭᠡᠳ᠂ ᠡᠨᠡ ᠨᠢ 29.2 % ᠢ ᠡᠵᠡᠯᠡᠵᠦ ᠪᠣᠢ᠃ | ᠡᠭᠦᠨ ᠳᠤ ᠨᠢᠭᠡᠳᠦᠭᠡᠷ ᠬᠤᠭᠤᠴᠠᠭᠠᠨ ᠳᠤ 10 ᠠᠵᠢᠯ ᠲᠥᠷᠥᠯ ᠤᠨ 4148 ᠠᠵᠤ ᠠᠬᠤᠶᠢᠯᠠᠯ ᠤᠨ ᠬᠢ ᠶᠢ | ᠲᠥᠪᠯᠡᠷᠡᠭᠦᠯᠦᠨ ᠬᠢᠨᠠᠨ ᠬᠠᠷᠭᠤᠭᠤᠯᠤᠭᠠᠳ᠂ 1392 ᠠᠵᠤ ᠠᠬᠤᠶᠢᠯᠠᠯ ᠳᠤ ᠠᠰᠠᠭᠤᠳᠠᠯ ᠣᠷᠣᠰᠢᠵᠤ ᠪᠠᠶᠢᠭ᠎ᠠ ᠶᠢ | ᠢᠯᠡᠷᠡᠭᠦᠯᠪᠡ᠂ ᠡᠨᠡ ᠨᠢ 33.6 % ᠶᠢ ᠡᠵᠡᠯᠡᠵᠣ ᠪᠣᠢ᠃ ᠬᠤᠶᠠᠳᠤᠭᠠᠷ ᠬᠤᠭᠤᠴᠠᠭᠠᠨ ᠳᠤ 13 ᠠᠵᠢᠯ | ᠲᠥᠷᠥᠯ ᠤᠨ 6634 ᠠᠵᠤ ᠠᠬᠤᠶᠢᠯᠠᠯ ᠤᠨ ᠬᠢ ᠶᠢ ᠲᠥᠪᠯᠡᠷᠡᠭᠦᠯᠦᠨ ᠬᠢᠨᠠᠨ ᠬᠠᠷᠭᠤᠭᠤᠯᠤᠭᠠᠳ 1761 ᠠᠵᠤ | ᠠᠬᠤᠶᠢᠯᠠᠯ ᠳᠤ ᠠᠰᠠᠭᠤᠳᠠᠯ ᠣᠷᠣᠰᠢᠵᠤ ᠪᠠᠶᠢᠭ᠎ᠠ ᠶᠢ ᠢᠯᠡᠷᠡᠭᠦᠯᠪᠡ᠂ ᠡᠨᠡ ᠨᠢ 26.5 % ᠶᠢ ᠡᠵᠡᠯᠡᠵᠣ ᠪᠣᠢ᠃ |